ᠬᠦᠳᠡᠯᠮᠦᠷᠢᠴᠢᠳ ᠠᠵᠢᠯ ᠤᠨ ᠪᠠᠶᠢᠷᠢᠨ ᠳᠤ ᠪᠠᠶᠢᠬᠤ ᠬᠤᠭᠤᠴᠠᠭᠠᠨ ᠳᠤ ᠪᠠᠨ ᠠᠵᠢᠯ ᠠᠯᠳᠠᠭᠰᠠᠳ ᠤᠨ | ᠳᠠᠭᠠᠳᠬᠠᠯ ᠳᠤ ᠣᠷᠣᠯᠴᠠᠵᠤ᠂ ᠠᠵᠢᠯ ᠠᠯᠳᠠᠭᠰᠠᠨ ᠤ ᠳᠠᠷᠠᠭ᠎ᠠ ᠬᠤᠯᠪᠣᠭᠳᠠᠯ ᠪᠦᠬᠦᠢ ᠨᠥᠬᠦᠴᠡᠯ ᠳᠤ ᠨᠡᠶᠢᠴᠡᠭᠰᠡᠨ ᠪᠠᠶᠢᠪᠠᠯ᠂ | ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠴᠤ ᠪᠣᠯᠣᠨ᠎ᠠ᠃ | ᠭᠤᠶᠤᠴᠢᠯᠠᠨ ᠠᠪᠬᠤ ᠨᠥᠬᠦᠴᠡᠯ ᠵᠢᠴᠢ ᠪᠠᠷᠢᠮᠵᠢᠶ᠎ᠠ | 1 ᠵᠢᠯ ᠠᠴᠠ ᠳᠡᠭᠡᠭᠰᠢ ᠳᠠᠭᠠᠳᠬᠠᠯ ᠤᠨ ᠰᠦᠢᠳᠬᠡᠯ ᠲᠤᠰᠢᠶᠠᠭᠰᠠᠨ ᠪᠠᠶᠢᠬᠤ | ᠲᠤᠰ ᠬᠥᠮᠥᠨ ᠤ ᠰᠠᠨᠠᠭᠠᠨ ᠠᠴᠠ ᠪᠤᠰᠤ ᠰᠢᠯᠲᠠᠭᠠᠨ ᠢᠶᠠᠷ ᠠᠵᠢᠯ ᠢᠶᠠᠨ ᠲᠠᠰᠤᠯᠳᠠᠭᠤᠯᠤᠭᠰᠠᠨ | ᠬᠥᠮᠥᠨ ᠬᠡᠷᠡᠭᠯᠡᠬᠦ ᠨᠢᠭᠡᠴᠢ ᠪᠠ ᠬᠤᠪᠢ ᠬᠥᠮᠥᠨ ᠳᠠᠭᠠᠳᠬᠠᠯ ᠤᠨ ᠰᠦᠢᠳᠬᠡᠯ ᠲᠤᠰᠢᠶᠠᠭᠠᠳ ᠨᠡᠶᠢᠲᠡ ᠪᠦᠬᠦᠯᠢ 1 | ᠵᠢᠯ ᠪᠣᠯᠣᠭᠰᠠᠨ ᠪᠣᠯᠪᠠᠴᠤ 5 ᠵᠢᠯ ᠪᠣᠯᠤᠭ᠎ᠠ ᠦᠭᠡᠢ ᠪᠣᠯ ᠬᠠᠮᠤᠭ ᠤᠷᠲᠤ ᠳᠤ ᠪᠠᠨ 12 ᠰᠠᠷ᠎ᠠ ᠠᠵᠢᠯ ᠠᠯᠳᠠᠭᠰᠠᠨ | ᠳᠠᠭᠠᠳᠬᠠᠯ ᠤᠨ ᠮᠥᠩᠭᠦ ᠠᠪᠴᠤ ᠪᠣᠯᠣᠨ᠎ᠠ︔ ᠰᠦᠢᠳᠬᠡᠯ ᠲᠤᠰᠢᠶᠠᠭᠠᠳ ᠨᠡᠶᠢᠲᠡ ᠪᠦᠬᠦᠯᠢ 5 ᠵᠢᠯ ᠪᠣᠯᠤᠭᠰᠠᠨ ᠪᠣᠯᠪᠠᠴᠤ | 10 ᠵᠢᠯ ᠪᠣᠯᠤᠭ᠎ᠠ ᠦᠭᠡᠢ ᠪᠣᠯ ᠬᠠᠮᠤᠭ ᠤᠷᠲᠤ ᠳᠤ ᠪᠠᠨ 18 ᠰᠠᠷ᠎ᠠ ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠴᠤ | ᠪᠣᠯᠣᠨ᠎ᠠ︔ ᠨᠡᠶᠢᠲᠡ 10 ᠵᠢᠯ ᠠᠴᠠ ᠳᠡᠭᠡᠭᠰᠢ ᠰᠦᠢᠳᠬᠡᠯ ᠲᠤᠰᠢᠶᠠᠭᠰᠠᠨ ᠪᠣᠯ ᠬᠠᠮᠤᠭ ᠤᠷᠲᠤ ᠳᠤ ᠪᠠᠨ 24 ᠰᠠᠷ᠎ᠠ | ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠴᠤ ᠪᠣᠯᠣᠨ᠎ᠠ᠃ | ᠪᠢ ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠴᠤ ᠥᠩᠭᠡᠷᠡᠵᠡᠢ᠂ ᠬᠤᠶᠢᠰᠢ ᠳᠠᠬᠢ ᠨᠠᠰᠤᠵᠢᠯ ᠤᠨ | ᠠᠰᠠᠷᠠᠮᠵᠢ ᠶᠢᠨ ᠮᠥᠩᠭᠦ ᠶᠢ ᠨᠥᠯᠥᠭᠡᠯᠡᠬᠦ ᠦᠦ︖ | ᠠᠵᠢᠯ ᠠᠴᠠ ᠪᠠᠨ ᠠᠮᠠᠷᠠᠭᠰᠠᠨ ᠠᠵᠢᠯᠲᠠᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠪᠣᠳᠣᠬᠤ ᠳᠤ᠂ ᠰᠦᠢᠳᠬᠡᠯ | ᠲᠤᠰᠢᠶᠠᠬᠤ ᠰᠠᠭᠤᠷᠢ ᠲᠤᠭ᠎ᠠ᠂ ᠰᠦᠢᠳᠬᠡᠯ ᠲᠤᠰᠢᠶᠠᠬᠤ ᠬᠠᠷᠢᠴᠠᠯ᠂ ᠰᠦᠢᠳᠬᠡᠯ ᠲᠤᠰᠢᠶᠠᠭᠰᠠᠨ ᠬᠤᠭᠤᠴᠠᠭ᠎ᠠ ᠬᠢᠭᠡᠳ | ᠠᠵᠢᠯ ᠠᠴᠠ ᠪᠠᠨ ᠠᠮᠠᠷᠠᠬᠤ ᠠᠴᠠ ᠡᠮᠦᠨᠡᠬᠢ ᠨᠢᠭᠡ ᠵᠢᠯ ᠤᠨ ᠠᠵᠢᠯᠯᠠᠵᠤ ᠪᠠᠶᠢᠭ᠎ᠠ ᠠᠵᠢᠯᠲᠠᠨ ᠤ ᠰᠠᠷ᠎ᠠ ᠶᠢᠨ ᠳᠤᠮᠳᠠᠴᠢ | ᠴᠠᠯᠢᠩ ᠵᠡᠷᠭᠡ ᠬᠦᠴᠦᠨ ᠵᠦᠢᠯ ᠤᠳ ᠲᠠᠢ ᠬᠤᠯᠪᠣᠭᠳᠠᠵᠤ᠂ ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠤᠭᠰᠠᠨ | ᠡᠰᠡᠬᠦ ᠲᠠᠢ ᠬᠤᠯᠪᠣᠭᠳᠠᠬᠤ ᠦᠭᠡᠢ᠃ | ᠠᠵᠢᠯ ᠠᠯᠳᠠᠭᠰᠠᠳ ᠬᠡᠷᠪᠡ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ ᠪᠠᠨ ᠲᠠᠰᠤᠯᠳᠠᠭᠤᠯᠬᠤ ᠦᠭᠡᠢ | ᠭᠡᠪᠡᠯ ᠬᠤᠪᠢ ᠬᠥᠮᠥᠨ ᠤ ᠬᠢᠷᠢ ᠭᠡᠮ ᠢᠶᠠᠷ ᠦᠨᠳᠦᠰᠦᠨ ᠨᠠᠰᠤᠵᠢᠯ ᠤᠨ ᠳᠠᠭᠠᠳᠬᠠᠯ ᠤᠨ ᠰᠦᠢᠳᠬᠡᠯ ᠢ ᠲᠤᠰᠢᠶᠠᠵᠤ ᠪᠣᠯᠣᠨ᠎ᠠ | ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠲᠣᠭᠲᠠᠭᠠᠯ ᠢ ᠦᠨᠳᠦᠰᠦᠯᠡᠪᠡᠯ᠂ ᠠᠵᠢᠯ ᠠᠯᠳᠠᠭᠰᠠᠳ ᠠᠵᠢᠯ ᠠᠯᠳᠠᠭᠰᠠᠨ | ᠳᠠᠭᠠᠳᠬᠠᠯ ᠤᠨ ᠮᠥᠩᠭᠦ ᠠᠪᠬᠤ ᠬᠤᠭᠤᠴᠠᠭᠠᠨ ᠳᠤ ᠪᠠᠨ ᠬᠤᠪᠢ ᠬᠥᠮᠥᠨ ᠤ ᠬᠢᠷᠢ ᠭᠡᠮ ᠢᠶᠠᠷ ᠦᠨᠳᠦᠰᠦᠨ ᠨᠠᠰᠤᠵᠢᠯ ᠤᠨ | ᠳᠠᠭᠠᠳᠬᠠᠯ ᠤᠨ ᠰᠦᠢᠳᠬᠡᠯ ᠲᠤᠰᠢᠶᠠᠵᠤ ᠪᠣᠯᠣᠨ᠎ᠠ᠂ ᠠᠵᠢᠯ ᠠᠯᠳᠠᠭᠰᠠᠨ ᠳᠠᠭᠠᠳᠬᠠᠯ ᠤᠨ ᠮᠥᠩᠭᠦ ᠶᠢ ᠬᠠᠤᠯᠢ ᠶᠣᠰᠣᠭᠠᠷ | ᠠᠪᠬᠤ ᠪᠠᠨ ᠵᠣᠭᠰᠤᠭᠠᠬᠤ ᠬᠡᠷᠡᠭᠲᠡᠢ ᠪᠠᠶᠢᠳᠠᠯ ᠭᠠᠷᠤᠭᠰᠠᠨ ᠦᠭᠡᠢ ᠪᠠᠶᠢᠪᠠᠯ ᠭᠠᠷᠳᠠᠨ ᠭᠦᠢᠴᠡᠳᠬᠡᠬᠦ ᠪᠠᠶᠢᠭᠤᠯᠤᠮᠵᠢ ᠨᠢ | ᠠᠵᠢᠯ ᠠᠯᠳᠠᠭᠰᠠᠨ ᠳᠠᠭᠠᠳᠬᠠᠯ ᠤᠨ ᠣᠯᠭᠤᠮᠵᠢ ᠶᠢ ᠨᠢ ᠵᠣᠭᠰᠣᠭᠠᠵᠤ ᠪᠣᠯᠬᠤ ᠦᠭᠡᠢ᠃ | ᠲᠤᠬᠠᠶᠢᠯᠠᠪᠠᠯ᠂ ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠬᠤ ᠨᠢ ᠠᠵᠢᠯ ᠠᠯᠳᠠᠭᠰᠠᠳ ᠤᠨ ᠬᠤᠪᠢ | ᠬᠥᠮᠥᠨ ᠤ ᠬᠢᠷᠢ ᠭᠡᠮ ᠢᠶᠠᠷ ᠨᠠᠰᠤᠵᠢᠯ ᠤᠨ ᠳᠠᠭᠠᠳᠬᠠᠯ ᠤᠨ ᠰᠦᠢᠳᠬᠡᠯ ᠢ ᠦᠷᠭᠦᠯᠵᠢᠯᠡᠨ ᠲᠤᠰᠢᠶᠠᠬᠤ ᠶᠢ ᠨᠥᠯᠥᠭᠡᠯᠡᠬᠦ | ᠦᠭᠡᠢ ᠪᠥᠭᠡᠳ ᠬᠤᠪᠢ ᠬᠥᠮᠥᠨ ᠤ ᠬᠢᠷᠢ ᠭᠡᠮ ᠢᠶᠠᠷ ᠨᠠᠰᠤᠵᠢᠯ ᠤᠨ ᠳᠠᠭᠠᠳᠬᠠᠯ ᠳᠤ ᠣᠷᠣᠯᠴᠠᠭᠰᠠᠨ ᠠᠴᠠ ᠪᠣᠯᠵᠤ ᠠᠵᠢᠯ | ᠠᠯᠳᠠᠭᠰᠠᠳ ᠤᠨ ᠳᠠᠭᠠᠳᠬᠠᠯ ᠤᠨ ᠣᠯᠭᠤᠮᠵᠢ ᠣᠯᠭᠤᠬᠤ ᠶᠢ ᠵᠣᠭᠰᠤᠭᠠᠬᠤ ᠦᠭᠡᠢ ᠶᠤᠮ᠃ | ᠲᠡᠭᠡᠪᠡᠯ ᠠᠵᠢᠯ ᠠᠯᠳᠠᠭᠰᠠᠨ ᠬᠤᠭᠤᠴᠠᠭᠠᠨ ᠳᠤ ᠨᠠᠰᠤᠵᠢᠯ ᠤᠨ ᠳᠠᠭᠠᠳᠬᠠᠯ ᠤᠨ ᠰᠦᠢᠳᠬᠡᠯ ᠲᠤᠰᠢᠶᠠᠬᠤ ᠪᠠᠨ | ᠲᠠᠰᠤᠯᠳᠠᠭᠤᠯᠬᠤ ᠠᠴᠠ ᠬᠡᠷᠬᠢᠨ ᠵᠠᠶᠢᠯᠠᠰᠬᠢᠬᠤ ᠪᠤᠢ︖ | ᠠᠵᠢᠯ ᠠᠯᠳᠠᠭᠰᠠᠳ ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠬᠤ ᠬᠤᠭᠤᠴᠠᠭᠠᠨ ᠳᠤ ᠠᠵᠢᠯ | ᠠᠯᠳᠠᠭᠰᠠᠳ ᠤᠨ ᠳᠠᠭᠠᠳᠬᠠᠯ ᠢ ᠭᠠᠷᠳᠠᠨ ᠭᠦᠢᠴᠡᠳᠬᠡᠬᠦ ᠪᠠᠶᠢᠭᠤᠯᠤᠮᠵᠢ ᠨᠢ ᠲᠡᠭᠦᠨ ᠳᠤ ᠦᠨᠳᠦᠰᠦᠨ ᠡᠮᠴᠢᠯᠡᠭᠡᠨ ᠤ | ᠳᠠᠭᠠᠳᠬᠠᠯ ︵ᠦᠷᠡᠵᠢᠯ ᠤᠨ ᠳᠠᠭᠠᠳᠬᠠᠯ ᠪᠠᠭᠲᠠᠨ᠎ᠠ︶ ᠤᠨ ᠰᠦᠢᠳᠬᠡᠯ ᠢ ᠣᠷᠣᠯᠠᠨ ᠲᠤᠰᠢᠶᠠᠵᠤ ᠥᠭᠭᠦᠨ᠎ᠡ᠃ ᠬᠤᠪᠢ | ᠬᠥᠮᠥᠨ ᠠᠮᠢᠳᠤᠯᠢᠭ ᠢᠶᠠᠷ ᠠᠵᠢᠯ ᠣᠯᠣᠭᠰᠠᠳ ᠤᠨ ᠬᠢᠷᠢ ᠭᠡᠮ ᠢᠶᠠᠷ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ | ᠦᠨᠳᠦᠰᠦᠨ ᠨᠠᠰᠤᠵᠢᠯ ᠤᠨ ᠳᠠᠭᠠᠳᠬᠠᠯ ᠤᠨ ᠰᠦᠢᠳᠬᠡᠯ ᠲᠤᠰᠢᠶᠠᠵᠤ᠂ ᠲᠤᠰᠢᠶᠠᠬᠤ ᠪᠠᠨ ᠲᠠᠰᠤᠯᠳᠠᠭᠤᠯᠬᠤ ᠠᠴᠠ | ᠵᠠᠶᠢᠯᠠᠰᠬᠢᠵᠤ ᠪᠣᠯᠣᠨ᠎ᠠ᠃ | ᠠᠵᠢᠯ ᠠᠯᠳᠠᠭᠰᠠᠳ ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠬᠤ ᠬᠤᠭᠤᠴᠠᠭᠠᠨ ᠳᠤ ᠬᠤᠪᠢ ᠬᠦᠮᠦᠨ ᠤ | ᠬᠢᠷᠢ ᠭᠡᠮ ᠢᠶᠠᠷ ᠦᠨᠳᠦᠰᠦᠨ ᠨᠠᠰᠤᠵᠢᠯ ᠤᠨ ᠳᠠᠭᠠᠳᠬᠠᠯ ᠤᠨ ᠰᠦᠢᠳᠬᠡᠯ ᠲᠤᠰᠢᠶᠠᠬᠤ ᠨᠢ ᠲᠡᠭᠦᠨ ᠤ ᠠᠵᠢᠯ | ᠠᠯᠳᠠᠭᠰᠠᠳ ᠤᠨ ᠳᠠᠭᠠᠳᠬᠠᠯ ᠤᠨ ᠣᠯᠭᠤᠮᠵᠢ ᠬᠦᠷᠲᠡᠬᠦ ᠶᠢ ᠨᠦᠯᠦᠭᠡᠯᠡᠬᠦ ᠦᠭᠡᠢ ᠶᠤᠮ᠃ | ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠲᠤ ᠪᠠᠨ ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠤᠭᠰᠠᠨ ᠪᠣᠯ | ᠨᠠᠰᠤᠵᠢᠯ ᠤᠨ ᠳᠠᠭᠠᠳᠬᠠᠯ ᠢ ᠡᠷᠬᠡᠪᠰᠢ ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠲᠤ ᠪᠠᠨ ᠬᠠᠮᠲᠤ ᠰᠢᠯᠵᠢᠭᠦᠯᠬᠦ ᠬᠡᠷᠡᠭᠲᠡᠢ | ᠤᠤ︖ | ᠴᠢᠬᠤᠯᠠ ᠦᠭᠡᠢ᠂ ︽ᠠᠵᠢᠯ ᠠᠯᠳᠠᠭᠰᠠᠳ ᠤᠨ ᠳᠠᠭᠠᠳᠬᠠᠯ ᠤᠨ ᠬᠠᠷᠢᠴᠠᠭ᠎ᠠ ᠶᠢ ᠮᠤᠵᠢ ᠠᠯᠤᠰᠯᠠᠨ ᠰᠢᠯᠵᠢᠭᠦᠯᠦᠨ | ᠦᠷᠭᠦᠯᠵᠢᠯᠡᠭᠦᠯᠬᠦ ᠲᠤᠬᠠᠢ ᠮᠡᠳᠡᠭᠳᠡᠯ︾ ᠳᠤ᠂ ᠳᠠᠭᠠᠳᠬᠠᠯ ᠳᠤ ᠣᠷᠣᠯᠴᠠᠭᠰᠠᠨ ᠠᠵᠢᠯ ᠠᠯᠳᠠᠭᠰᠠᠳ ᠠᠵᠢᠯ ᠠᠯᠳᠠᠭᠰᠠᠨ | ᠳᠠᠭᠠᠳᠬᠠᠯ ᠤᠨ ᠮᠥᠩᠭᠦ ᠠᠪᠬᠤ ᠨᠥᠬᠦᠴᠡᠯ ᠳᠤ ᠨᠡᠶᠢᠴᠡᠭᠰᠡᠨ ᠪᠠᠶᠢᠪᠠᠯ᠂ ᠬᠠᠮᠤᠭ ᠡᠴᠦᠰ ᠲᠤ ᠳᠠᠭᠠᠳᠬᠠᠯ ᠳᠤ | ᠣᠷᠣᠯᠴᠠᠭᠰᠠᠨ ᠭᠠᠵᠠᠷ ᠲᠤ ᠪᠠᠨ ᠠᠵᠢᠯ ᠠᠯᠳᠠᠭᠰᠠᠨ ᠳᠠᠭᠠᠳᠬᠠᠯ ᠤᠨ ᠮᠥᠩᠭᠦ ᠵᠢᠴᠢ ᠪᠤᠰᠤᠳ ᠬᠠᠮᠢᠶ᠎ᠠ ᠪᠦᠬᠦᠢ ᠣᠯᠭᠤᠮᠵᠢ | ᠭᠤᠶᠤᠴᠢᠯᠠᠵᠤ ᠪᠣᠯᠣᠨ᠎ᠠ᠂ ᠪᠠᠰᠠ ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠲᠤ ᠪᠠᠨ ᠪᠤᠴᠠᠵᠤ ᠭᠤᠶᠤᠴᠢᠯᠠᠨ ᠠᠪᠬᠤ ᠶᠢ | ᠰᠣᠩᠭᠤᠵᠤ ᠪᠣᠯᠣᠨ᠎ᠠ ᠭᠡᠵᠦ ᠲᠣᠳᠣᠷᠬᠠᠢ ᠲᠣᠭᠲᠠᠭᠠᠵᠠᠢ᠃ | ᠣᠯᠭᠤᠮᠵᠢ ᠣᠯᠭᠤᠬᠤ ᠬᠤᠭᠤᠴᠠᠭᠠᠨ ᠳᠤ ᠣᠯᠭᠤᠬᠤ ᠭᠠᠵᠠᠷ ᠢ ᠳᠤᠮᠳᠠ ᠠᠴᠠ ᠨᠢ ᠬᠤᠪᠢᠷᠠᠭᠤᠯᠵᠤ ᠪᠣᠯᠬᠤ ᠦᠭᠡᠢ︕ | ᠣᠳᠣᠬᠠᠨ ᠳᠤ᠂ ᠤᠯᠤᠰ ᠠᠴᠠ ᠠᠵᠢᠯ ᠠᠯᠳᠠᠭᠰᠠᠳ ᠤᠨ ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠬᠦ ᠦᠶ᠎ᠡ ᠳᠤ | ᠨᠠᠰᠤᠵᠢᠯ ᠤᠨ ᠳᠠᠭᠠᠳᠬᠠᠯ ᠤᠨ ᠬᠠᠷᠢᠴᠠᠭ᠎ᠠ ᠶᠢ ᠬᠠᠮᠲᠤ ᠳᠤ ᠨᠢ ᠰᠢᠯᠵᠢᠭᠦᠯᠦᠨ ᠭᠦᠢᠴᠡᠳᠬᠡᠬᠦ ᠲᠠᠯ᠎ᠠ ᠪᠠᠷ ᠨᠢᠭᠡᠳᠦᠯᠲᠡᠢ | ᠱᠠᠭᠠᠷᠳᠠᠯᠭ᠎ᠠ ᠳᠤᠷᠠᠳᠤᠭᠰᠠᠨ ᠦᠭᠡᠢ᠂ ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠠᠴᠠ ᠪᠠᠨ ᠠᠵᠢᠯ ᠠᠯᠳᠠᠭᠰᠠᠨ | ᠳᠠᠭᠠᠳᠬᠠᠯ ᠤᠨ ᠮᠥᠩᠭᠦ ᠠᠪᠬᠤ ᠦᠶ᠎ᠡ ᠳᠤ ᠵᠦᠪᠬᠡᠨ ᠠᠵᠢᠯ ᠠᠯᠳᠠᠭᠰᠠᠳ ᠤᠨ ᠳᠠᠭᠠᠳᠬᠠᠯ ᠤᠨ ᠬᠠᠷᠢᠴᠠᠭ᠎ᠠ ᠶᠢ | ᠰᠢᠯᠵᠢᠭᠦᠯᠦᠨ ᠭᠦᠢᠴᠡᠳᠬᠡᠬᠦ ᠴᠢᠬᠤᠯᠠᠲᠠᠢ᠃ | ᠠᠵᠢᠯ ᠠᠯᠳᠠᠭᠰᠠᠨ ᠢᠶᠠᠨ ᠳᠠᠩᠰᠠᠯᠠᠨ ᠲᠡᠮᠳᠡᠭᠯᠡᠭᠦᠯᠪᠡᠯ ᠠᠮᠢᠳᠤᠯᠢᠭ ᠢᠶᠠᠷ ᠠᠵᠢᠯ ᠣᠯᠣᠭᠰᠠᠳ ᠤᠨ ᠬᠢᠷᠢ ᠭᠡᠮ ᠢᠶᠠᠷ | ᠠᠵᠢᠯᠲᠠᠨ ᠠᠵᠢᠯᠴᠢᠨ ᠤ ᠨᠠᠰᠤᠵᠢᠯ ᠤᠨ ᠳᠠᠭᠠᠳᠬᠠᠯ ᠳᠤ ᠣᠷᠣᠯᠴᠠᠬᠤ ᠶᠢ ᠨᠦᠯᠦᠭᠡᠯᠡᠨ᠎ᠡ ᠦᠦ︖ | ᠣᠳᠣ ᠶᠢᠨ ᠬᠡᠷᠡᠭᠵᠢᠭᠦᠯᠵᠦ ᠪᠠᠶᠢᠭ᠎ᠠ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠶᠣᠰᠣᠭᠠᠷ ᠪᠣᠯ | ᠳᠠᠭᠠᠳᠬᠠᠯ ᠳᠤ ᠣᠷᠣᠯᠴᠠᠭᠰᠠᠳ ᠠᠵᠢᠯ ᠠᠯᠳᠠᠭᠰᠠᠨ ᠳᠠᠭᠠᠳᠬᠠᠯ ᠤᠨ ᠮᠥᠩᠭᠦ ᠪᠤᠶᠤ ᠠᠵᠢᠯ ᠠᠯᠳᠠᠭᠰᠠᠳ ᠤᠨ ᠨᠥᠬᠦᠪᠦᠷᠢ | ᠮᠥᠩᠭᠦ ᠠᠪᠬᠤ ᠬᠤᠭᠤᠴᠠᠭᠠᠨ ᠳᠤ᠂ ᠠᠮᠢᠳᠤᠯᠢᠭ ᠢᠶᠠᠷ ᠠᠵᠢᠯ ᠣᠯᠣᠭᠰᠠᠳ ᠤᠨ ᠬᠢᠷᠢ ᠭᠡᠮ ᠢᠶᠠᠷ ᠬᠤᠪᠢ ᠬᠥᠮᠥᠨ ᠠᠵᠤ | ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ ᠤᠨ ᠰᠦᠢᠳᠬᠡᠯ ᠲᠤᠰᠢᠶᠠᠵᠤ ᠪᠣᠯᠣᠨ᠎ᠠ᠃ | ᠠᠰᠠᠭᠤᠯᠲᠠ᠄ ᠠᠵᠢᠯ ᠠᠯᠳᠠᠭᠰᠠᠨ ᠤ ᠳᠠᠷᠠᠭ᠎ᠠ ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠬᠤ ᠳᠤ ᠴᠠᠭ ᠤᠨ | ᠬᠢᠵᠠᠭᠠᠷ ᠲᠠᠢ ᠦᠦ︖ | ᠬᠠᠷᠢᠭᠤᠯᠲᠠ᠄ ᠠᠪᠬᠤ ᠨᠥᠬᠦᠴᠡᠯ ᠳᠤ ᠨᠡᠶᠢᠴᠡᠪᠡᠯ ᠳᠠᠷᠤᠢ ᠭᠤᠶᠤᠴᠢᠯᠠᠨ ᠠᠪᠴᠤ ᠪᠣᠯᠣᠨ᠎ᠠ᠂ ᠴᠠᠭ ᠤᠨ ᠬᠢᠵᠠᠭᠠᠷ | ᠪᠠᠶᠢᠬᠤ ᠦᠭᠡᠢ᠃ | ᠠᠰᠠᠭᠤᠯᠲᠠ᠄ ᠠᠵᠢᠯ ᠠᠯᠳᠠᠭᠰᠠᠨ ᠳᠠᠭᠠᠳᠬᠠᠯ ᠤᠨ ᠮᠥᠩᠭᠦ ᠶᠢ ᠤᠳᠠᠭ᠎ᠠ ᠪᠦᠷᠢ ᠬᠠᠮᠤᠭ ᠠᠷᠪᠢᠨ ᠳᠤ ᠪᠠᠨ 24 | ᠰᠠᠷ᠎ᠠ ᠠᠪᠴᠤ ᠪᠣᠯᠬᠤ ᠶᠤᠮ ᠦᠦ︖ ᠡᠰᠡᠬᠦᠯ᠎ᠡ ᠨᠠᠰᠤᠨ ᠲᠤᠷᠰᠢᠲᠠ ᠬᠠᠮᠤᠭ ᠠᠷᠪᠢᠨ ᠳᠤ ᠪᠠᠨ 24 ᠰᠠᠷ᠎ᠠ ᠠᠪᠴᠤ | ᠪᠣᠯᠬᠤ ᠶᠤᠮ ᠦᠦ︖ | ᠬᠠᠷᠢᠭᠤᠯᠲᠠ᠄ ᠠᠵᠢᠯ ᠠᠯᠳᠠᠭᠰᠠᠨ ᠳᠠᠭᠠᠳᠬᠠᠯ ᠤᠨ ᠮᠥᠩᠭᠦ ᠶᠢ ᠤᠳᠠᠭ᠎ᠠ ᠪᠦᠷᠢ ᠬᠠᠮᠤᠭ ᠤᠨ ᠤᠷᠲᠤ ᠳᠤ ᠪᠠᠨ 24 | ᠰᠠᠷ᠎ᠠ ᠠᠪᠴᠤ ᠪᠣᠯᠣᠨ᠎ᠠ᠂ ᠳᠠᠬᠢᠵᠤ ᠠᠵᠢᠯ ᠣᠯᠣᠭᠰᠠᠨ ᠬᠤᠶᠢᠨ᠎ᠠ ᠳᠠᠬᠢᠨᠲᠠ ᠠᠵᠢᠯ ᠠᠯᠳᠠᠭᠰᠠᠨ ᠪᠣᠯ᠂ ᠰᠦᠢᠳᠬᠡᠯ | ᠲᠤᠰᠢᠶᠠᠭᠰᠠᠨ ᠴᠠᠭ ᠢ ᠳᠠᠬᠢᠨ ᠰᠢᠨ᠎ᠡ ᠪᠠᠷ ᠪᠣᠳᠣᠨ᠎ᠠ᠂ ᠬᠡᠷᠪᠡ ᠨᠥᠬᠦᠴᠡᠯ ᠳᠤ ᠨᠡᠶᠢᠴᠡᠪᠡᠯ ᠠᠵᠢᠯ ᠠᠯᠳᠠᠭᠰᠠᠨ | ᠳᠠᠭᠠᠳᠬᠠᠯ ᠤᠨ ᠮᠥᠩᠭᠦ ᠶᠢ ᠦᠷᠭᠦᠯᠵᠢᠯᠡᠨ ᠭᠤᠶᠤᠴᠢᠯᠠᠨ ᠠᠪᠴᠤ ᠪᠣᠯᠣᠨ᠎ᠠ᠃ |