ᠠᠶᠢᠮᠠᠭ ᠤᠨ ᠨᠠᠮ ᠤᠨ ᠬᠤᠷᠢᠶ᠎ᠠ 2024 ᠣᠨ ᠤ ᠬᠤᠷᠢᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/31
     5 ᠰᠠᠷ᠎ᠠ ᠶᠢᠨ 30 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢ ᠶᠢᠨ ᠭᠤᠣᠯ ᠠᠶᠢᠮᠠᠭ ᠤᠨ ᠬᠤᠷᠢᠶ᠎ᠠ 2024 ᠣᠨ ᠤ ᠬᠤᠷᠢᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠪᠠᠢ ᠴᠧᠩ ᠬᠤᠷᠠᠯ ᠢ ᠡᠷᠬᠢᠯᠡᠪᠡ᠃      ᠬᠤᠷᠠᠯ ᠠᠴᠠ ᠴᠢᠬᠤᠯᠠᠴᠢᠯᠠᠬᠤ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠱᠠᠨᠳᠦ᠋ᠩ ᠳᠤ ᠰᠢᠨᠵᠢᠯᠠᠨ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶ᠎ᠠ᠂ ᠠᠵᠤ ᠠᠬᠤᠶᠢᠯᠠᠯ ᠪᠠ ᠲᠤᠰᠬᠠᠢ ᠮᠡᠷᠭᠡᠵᠢᠯᠲᠡᠳ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠴᠢᠬᠤᠯᠠ ᠶᠡᠭᠡ ᠥᠭᠡᠷᠡᠴᠢᠯᠡᠯᠲᠡ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠶᠡᠬᠡᠪᠡᠷ ᠬᠡᠷᠡᠭᠵᠢᠭᠦᠯᠤᠨ᠂ ︽ᠮᠢᠩᠭ᠎ᠠ ᠲᠦᠮᠡ ᠶᠢᠨ ᠢᠨᠵᠧᠨᠧᠷᠢᠩ︾  ᠤᠨ ᠲᠤᠷᠰᠢᠯᠭ᠎ᠠ ᠶᠢ ᠰᠠᠶᠢᠲᠤᠷ ᠰᠤᠷᠤᠯᠴᠠᠨ ᠰᠠᠶᠢᠲᠤᠷ ᠬᠡᠷᠡᠭᠯᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠠᠷᠡᠯ ᠤᠨ ᠠᠰᠠᠭᠤᠳᠠᠯ ᠢ ᠴᠡᠭᠴᠡᠯᠡᠨ ᠵᠠᠰᠠᠬᠤ ᠭᠤᠷᠪᠠᠨ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ᠃ 5 ᠰᠠᠷ᠎ᠠ ᠶᠢᠨ 27 ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠨᠠᠮ ᠤᠨ ᠮᠥᠩᠭᠦᠨ ᠭᠦᠢᠯᠭᠡᠭᠡᠨ ᠤ ᠠᠵᠢᠯ ᠳᠠᠬᠢ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠡᠯ᠎ᠡ ᠵᠦᠢᠯ ᠤᠨ ᠡᠭᠦᠷᠭᠡ ᠶᠢ ᠪᠦᠬᠦ ᠲᠠᠯ᠎ᠠ ᠪᠠᠷ ᠰᠠᠶᠢᠳᠤᠷ ᠨᠠᠶᠢᠳᠠᠪᠤᠷᠢᠵᠢᠭᠤᠯᠬᠤ ᠬᠡᠷᠡᠭᠲᠠᠢ ᠭᠡᠵᠠᠢ᠃      ᠬᠤᠷᠠᠯ ᠠᠴᠠ ᠪᠦᠬᠦ ᠠᠶᠢᠮᠠᠭ ᠤᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠳᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠲᠠᠢ ᠤᠶᠠᠯᠳᠤᠭᠤᠯᠤᠨ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠳᠦᠷᠦ ᠶᠢᠨ ᠪᠣᠳᠣᠯᠭ᠎ᠠ ᠶᠢ ᠴᠢᠨᠠᠭᠰᠢᠳᠠ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠠᠰᠠᠭᠤᠳᠠᠯ ᠢ ᠪᠦᠬᠦ ᠬᠦᠴᠦᠨ ᠢᠶᠠᠷ ᠰᠶᠢᠳᠪᠦᠷᠢᠯᠡᠬᠦ ᠬᠡᠷᠡᠭᠲᠡᠢ᠃ ᠡᠯ᠎ᠡ ᠱᠠᠲᠤᠨ ᠤ ᠵᠠᠰᠠᠭ ᠤᠨ ᠣᠷᠳᠣᠨ ᠨᠤᠭᠤᠳ ᠬᠡᠯᠡᠭᠰᠡᠨ ᠢᠶᠠᠨ ᠳᠠᠷᠦ᠋ᠢᠬᠠᠨ ᠬᠡᠷᠡᠭᠵᠢᠭᠦᠯᠵᠦ᠂ ᠠᠮᠠᠯᠠᠬᠰᠠᠨ ᠵᠦᠢᠯᠡᠰ ᠢᠶᠠᠨ ᠰᠠᠶᠢᠳᠤᠷ ᠪᠡᠶᠡᠯᠡᠭᠦᠯᠤᠨ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠪᠣᠳᠠᠲᠦ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃      ᠬᠤᠷᠠᠯ  ᠠᠴᠠ ᠠᠶᠢᠮᠠᠭ ᠤᠨ ᠨᠠᠮ ᠤᠨ ᠬᠤᠷᠢᠶᠠᠨ ᠤ ᠵᠢᠷᠭᠤᠳᠤᠭᠠᠷ ᠡᠭᠡᠯᠵᠢ ᠶᠢᠨ ᠡᠩ ᠤᠨ ᠴᠠᠬᠳᠠᠨ ᠪᠠᠶᠢᠴᠠᠭᠠᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠠᠵᠢᠯ ᠤᠨ ᠲᠠᠯ᠎ᠠ ᠪᠠᠷ ᠪᠠᠶᠢᠷᠢᠯᠠᠭᠤᠯᠤᠯᠲᠠ ᠬᠢᠵᠡᠢ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃                                                       ᠣᠷᠴᠢᠭᠤᠯᠣᠭᠴᠢ᠄ ᠣᠶᠣᠩᠬᠤᠸᠠᠷ
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号