ᠠᠶᠢᠮᠠᠭ ᠤᠨ ᠵᠠᠬᠢᠷᠭ᠎ᠠ ᠦᠪᠡᠷ ᠢᠶᠠᠨ ᠮᠠᠰᠢᠨ ᠪᠠᠷᠢᠵᠦ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠲᠤᠭᠤᠯᠬᠤ ᠲᠣᠭᠤᠷᠢᠯ ᠵᠠᠮ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠸᠢᠳᠢᠤ᠋ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/1
     5 ᠰᠠᠷ᠎ᠠ ᠶᠢᠨ 31 ᠎ ᠤ ᠡᠳᠦᠷ᠂ ᠠᠶᠢᠮᠠᠭ ᠤᠨ ᠵᠠᠬᠢᠷᠭ᠎ᠠ ᠦᠪᠡᠷ ᠢᠶᠠᠨ ᠮᠠᠰᠢᠨ ᠪᠠᠷᠢᠵᠦ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠲᠤᠭᠤᠯᠬᠤ ᠲᠣᠭᠤᠷᠢᠯ ᠵᠠᠮ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠸᠢᠳᠢᠤ᠋ ᠬᠤᠷᠠᠯ ᠬᠤᠷᠠᠯᠳᠤᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠯᠥᠸᠧ ᠴᠢᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃      ᠬᠤᠷᠠᠯ ᠠᠴᠠ ᠴᠢᠬᠤᠯᠠᠴᠢᠯᠠᠬᠤ ᠳᠠᠭᠠᠨ᠂ ᠦᠪᠡᠷ ᠢᠶᠠᠨ ᠮᠠᠰᠢᠨ ᠪᠠᠷᠢᠵᠦ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠲᠤᠭᠤᠯᠬᠤ ᠲᠣᠭᠤᠷᠢᠯ ᠵᠠᠮ ᠢ ᠪᠦᠲᠦᠭᠡᠨ ᠪᠠᠶᠢᠭᠤᠯᠬᠤ ᠨᠢ ᠰᠢᠯᠢ ᠶᠢᠨ ᠭᠤᠣᠯ ᠠᠶᠢᠮᠠᠭ ᠤᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠶᠠᠰᠦ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠵᠠᠮ ᠳᠠᠭᠠᠤ ᠶᠢᠨ ᠮᠠᠯᠴᠢᠨ ᠲᠠᠷᠢᠶᠠᠴᠢᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠬᠤᠯᠪᠤᠬᠳᠠᠯ ᠪᠦᠬᠦᠢ ᠭᠠᠵᠠᠷ ᠣᠷᠣᠨ ᠪᠣᠯᠣᠨ ᠰᠠᠯᠠᠭ᠎ᠠ ᠮᠥᠴᠢᠷ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ᠂ ᠪᠣᠬᠢᠷᠲᠤᠯ ᠦᠭᠡᠢ ᠬᠥᠭᠵᠢᠬᠦᠯᠭᠦ ᠣᠶᠢᠯᠠᠭᠠᠭᠳᠠᠬᠤᠨ ᠢ ᠵᠢᠭᠤᠯᠴᠢᠯᠠᠯ ᠤᠨ ᠲᠥᠯᠦᠪᠵᠢᠭᠦᠯᠭᠡ᠂ ᠨᠡᠭᠡᠭᠡᠨ ᠬᠥᠭᠵᠢᠭᠦᠯᠦᠯᠲᠡ᠂ ᠡᠵᠡᠩᠨᠡᠯᠲᠡ ᠪᠣᠯᠣᠨ ᠬᠡᠷᠡᠭᠯᠡᠭᠡ ᠶᠢᠨ ᠪᠦᠬᠦ ᠶᠠᠪᠤᠴᠠ ᠳᠤ ᠲᠤᠭᠤᠰᠢᠯᠠᠭᠤᠯᠵᠦ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠥᠪᠡᠷᠮᠢᠴᠡ ᠪᠠᠶᠢᠭᠠᠯᠢ ᠶᠢᠨ ᠡᠬᠢ ᠪᠠᠶᠠᠯᠢᠭ ᠪᠠ ᠡᠯᠪᠡᠭ ᠪᠠᠶᠠᠯᠢᠭ ᠠᠮᠢ ᠠᠬᠤᠢ ᠶᠢᠨ ᠦᠵᠡᠮᠵᠢ ᠶᠢ ᠰᠠᠶᠢᠲᠤᠷ ᠠᠰᠢᠭᠯᠠᠠ᠂ ᠵᠢᠭᠤᠯᠴᠢᠯᠠᠯ ᠤᠨ ᠵᠠᠮ ᠱᠤᠭᠤᠮ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠢᠵᠢ ᠪᠦᠷᠢᠳᠦᠭᠦᠯᠬᠦ ᠰᠠᠭᠤᠷᠢ ᠲᠦᠬᠦᠭᠡᠷᠦᠮᠵᠢ ᠶᠢ ᠲᠡᠭᠦᠯᠳᠡᠷᠵᠢᠭᠦᠯᠦᠨ᠂ ᠵᠢᠭᠤᠯᠴᠢᠯᠠᠯ ᠤᠨ ᠦᠢᠯᠡᠰ ᠤᠨ ᠡᠵᠡᠩᠨᠡᠯᠲᠡ ᠶᠢᠨ ᠬᠡᠯᠪᠡᠷᠢ ᠶᠢ ᠭᠦᠨᠵᠡᠭᠡᠢ ᠨᠡᠭᠡᠭᠡᠨ ᠬᠥᠭᠵᠢᠭᠦᠯᠵᠦ᠂ ᠴᠢᠨᠠᠷ ᠰᠠᠶᠢᠲᠠᠢ ᠦᠢᠯᠡᠴᠢᠯᠡᠭᠡ ᠬᠠᠩᠭᠠᠯᠭ᠎ᠠ ᠶᠢ ᠪᠠᠲᠤᠯᠠᠵᠦ᠂ ᠤᠬᠠᠭᠤᠯᠤᠨ ᠲᠠᠨᠢᠯᠴᠠᠭᠤᠯᠬᠤ ᠪᠠᠨ ᠪᠥᠬᠦ ᠲᠠᠯ᠎ᠠ ᠪᠠᠷ ᠴᠢᠩᠭᠠᠳᠬᠠᠠ᠂ ᠠᠮᠢ ᠠᠬᠤᠢ ᠰᠡᠷᠭᠦᠭᠰᠡᠨ᠂ ᠠᠵᠤ ᠦᠢᠯᠡᠰ ᠬᠥᠭᠵᠢᠭᠰᠡᠨ᠂ ᠠᠷᠠᠳ ᠢᠷᠭᠡᠳ ᠪᠠᠶᠠᠵᠢᠭᠰᠠᠨ ᠦᠷᠭᠦᠯᠵᠢᠯᠡᠬᠦ ᠬᠥᠭᠵᠢᠯᠲᠠ ᠶᠢᠨ ᠵᠠᠮ ᠢᠶᠠᠷ ᠴᠢᠷᠮᠠᠶᠢᠨ ᠵᠠᠮᠨᠠᠬᠤ ᠬᠡᠷᠡᠭᠲᠠᠢ ᠭᠡᠵᠠᠢ᠃      ᠠᠶᠢᠮᠠᠭ ᠤᠨ ᠳᠡᠳ᠋ ᠳᠠᠷᠤᠭ᠎ᠠ ᠶᠠᠩ ᠯᠢ ᠪᠣᠳᠠᠲᠠᠢ ᠠᠵᠢᠯ ᠢ ᠪᠠᠶᠢᠷᠢᠯᠠᠭᠤᠯᠪᠠ᠃                                                         ᠣᠷᠴᠢᠭᠤᠯᠣᠭᠴᠢ᠄ ᠣᠶᠣᠩᠬᠤᠸᠠᠷ
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号