ᠮᠠᠨ ᠤ ᠠᠶᠢᠮᠠᠭ ᠴᠢᠮᠡᠭᠡ ᠬᠤᠯᠪᠣᠭ᠎ᠠ ᠨᠡᠪᠳᠡᠷᠡᠭᠦ ᠦᠭᠡᠢ ᠮᠠᠯᠵᠢᠬᠤ ᠲᠠᠷᠢᠶᠠᠯᠠᠬᠤ ᠤᠷᠤᠨ ᠳᠤ ᠤᠲᠠᠰᠤ ᠦᠭᠡᠢ ᠥᠷᠭᠡᠨ ᠪᠦᠰᠡᠳᠦ ᠰᠦᠯᠵᠢᠶ᠎ᠡ ᠶᠢ ᠪᠦᠬᠦᠨ ᠢ ᠪᠦᠷᠬᠦᠭᠦᠯᠬᠦ ᠶᠢ ᠪᠦᠭᠦ ᠤᠷᠤᠨ ᠳᠤ ᠬᠠᠮᠤᠭ ᠤᠨ ᠤᠷᠢᠳ ᠢᠶᠠᠷ ᠪᠡᠶᠡᠯᠡᠭᠦᠯᠤᠯ᠎ᠠ
ᠨᠡᠶᠢᠲᠡᠯᠡᠭᠰᠡᠨ ᠴᠠᠭ᠄
2024/6/14
     ᠣᠶᠢᠷ᠎ᠠ ᠶᠢᠨ ᠵᠢᠯ᠂ ᠰᠢᠯᠢ ᠶᠢᠨ ᠭᠤᠣᠯ ᠠᠶᠢᠮᠠᠭ ᠬᠢᠯᠢ ᠬᠢᠵᠠᠭᠠᠷ ᠣᠷᠣᠨ ᠤ ︽ᠤᠰᠤ ᠴᠠᠬᠢᠯᠭᠠᠨ ᠵᠠᠮ ᠨᠡᠪᠳᠡᠷᠡᠯᠭᠡ ᠴᠢᠮᠡᠭᠡ ᠬᠤᠯᠪᠤᠭ᠎ᠠ︾ ᠶᠢᠨ ᠰᠠᠭᠤᠷᠢ ᠲᠥᠬᠦᠭᠡᠷᠦᠮᠵᠢ ᠶᠢ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠪᠤᠶᠢᠳᠠ ᠪᠥᠭᠯᠡᠭᠦᠦ ᠭᠠᠵᠠᠷ ᠣᠷᠣᠨ ᠤ ᠴᠢᠮᠡᠭᠡ ᠬᠤᠯᠪᠣᠭ᠎ᠠ ᠶᠢᠨ ᠪᠦᠷᠬᠦᠴᠡ ᠶᠢᠨ ᠴᠢᠳᠠᠪᠤᠷᠢ ᠶᠢ ᠪᠦᠬᠦ ᠲᠠᠯ᠎ᠠ ᠪᠠᠷ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠲᠣᠭᠠᠴᠢᠯᠠᠭᠰᠠᠨ ᠲᠥᠬᠦᠭᠡᠷᠦᠮᠵᠢ ᠶᠢᠨ ᠪᠦᠷᠬᠦᠴᠡ ᠶᠢᠨ ᠨᠤᠷᠮ᠎ᠠ ᠶᠢ ᠳᠠᠰᠤᠷᠠᠯᠳᠠ ᠦᠭᠡᠢ ᠳᠡᠭᠡᠭᠰᠢᠯᠡᠭᠦᠯᠦᠨ᠂ ᠮᠠᠯᠴᠢᠨ ᠲᠠᠷᠢᠶᠠᠴᠢᠨ ᠤ ᠴᠢᠮᠡᠭᠡ ᠬᠤᠯᠪᠣᠭ᠎ᠠ ᠶᠢᠨ ᠬᠡᠷᠡᠭᠴᠡᠭᠡ ᠶᠢ ᠬᠠᠩᠭᠠᠪᠠ᠃      ᠰᠥᠨᠢᠳ ᠵᠡᠭᠦᠨ ᠬᠤᠰᠢᠭᠤᠨ ᠤ ᠳᠠᠯᠠᠢ ᠰᠤᠮᠤᠨ ᠤ ᠪᠠᠶᠠᠨᠪᠤᠯᠠᠭ ᠭᠠᠴᠠᠭᠠᠨ ᠤ ᠡᠷᠭᠡᠳᠦ ᠶᠢᠨ ᠬᠢ ᠬᠢᠯᠢ ᠶᠢᠨ ᠱᠤᠭᠤᠮ ᠠᠴᠠ ᠣᠶᠢᠷ᠎ᠠ ᠪᠣᠯᠬᠤᠷ ᠣᠯᠠᠨ ᠵᠢᠯ ᠤᠨ ᠲᠤᠷᠰᠢ ᠠᠳᠡ ᠴᠢᠮᠡᠭᠡ ᠬᠤᠯᠪᠣᠭ᠎ᠠ ᠪᠠ ᠲᠤᠭᠠᠴᠢᠯᠠᠭᠰᠠᠨ ᠰᠦᠯᠵᠢᠶᠡᠨ ᠲᠤᠬᠢᠶ᠎ᠠ ᠲᠤᠩ ᠠᠨᠠᠢ ᠪᠠᠶᠢᠯ᠎ᠠ᠃ ᠰᠦᠯᠵᠢᠶ᠎ᠡ ᠶᠢᠨ ᠬᠢᠨ ᠪᠦᠭᠦᠨ ᠢ ᠪᠦᠷᠬᠦᠭᠦᠯᠬᠦ ᠢᠨᠵᠧᠨᠧᠷᠢᠩ ᠤᠨ ᠰᠠᠶᠢᠨ ᠢᠶᠠᠷ ᠡᠷᠭᠡᠳᠦ ᠶᠢᠨ ᠬᠢᠨ ᠤᠳᠤ ᠬᠢᠨᠠᠨ ᠡᠵᠡᠮᠳᠡᠭᠦᠷ ᠤᠬᠰᠠᠷᠠᠵᠦ᠂ ᠭᠠᠷ ᠤᠲᠠᠰᠤ ᠪᠠ ᠺᠣᠮᠫᠢᠦ᠋ᠲ᠋ᠧᠷ ᠲᠡᠭᠡᠷ᠎ᠠ ᠪᠠᠨ ᠴᠠᠭ ᠢᠮᠬᠠᠳᠠ ᠪᠡᠯᠴᠢᠭᠡᠷ ᠤᠨ ᠢᠶᠠᠨ ᠪᠠᠶᠢᠳᠠᠯ ᠢ ᠤᠯᠵᠦ ᠬᠠᠷᠠᠳᠠᠭ ᠢᠶᠠᠷ ᠪᠠᠷᠠᠬᠤ ᠦᠭᠡᠢ ᠠᠯᠤᠰ ᠠᠴᠠ ᠭᠠᠷ ᠤᠳᠠᠰᠤᠨ ᠲᠡᠭᠡᠷ᠎ᠠ ᠪᠠᠨ ᠭᠡᠷ ᠤᠨ ᠢᠶᠠᠨ ᠲᠤᠯᠠᠭᠠᠯᠠᠭ᠎ᠠ ᠶᠢ ᠴᠤ ᠡᠵᠡᠮᠳᠡᠵᠦ ᠴᠢᠳᠠᠳᠠᠭ ᠪᠤᠯᠪᠠ᠃ ︽ᠰᠦᠯᠵᠢᠶ᠎ᠠ ᠨᠡᠪᠳᠡᠷᠡᠭᠰᠡᠨ ᠠᠴᠠ ᠬᠤᠶᠢᠰᠢ ᠬᠤᠨᠢ ᠮᠠᠯ ᠢᠶᠠᠨ ᠬᠠᠷᠢᠭᠤᠯᠬᠤ ᠳᠤ ᠲᠤᠩ ᠲᠦᠭᠦᠮ ᠪᠤᠯᠤᠯ᠎ᠠ᠂ ᠬᠢᠨᠡᠨ ᠡᠵᠡᠮᠳᠡᠭᠦᠷ ᠢᠶᠠᠷ 40 ᠭᠠᠵᠠᠷ ᠤᠨ ᠲᠤᠳᠤᠷᠠᠭᠢ ᠶᠢ ᠪᠦᠭᠦᠨ ᠢ ᠤᠯᠵᠦ ᠬᠠᠷᠠᠨ᠎ᠠ᠂ ᠭᠡᠷ ᠲᠡᠭᠡᠨ ᠰᠠᠭᠤᠭᠠᠳ ᠪᠦᠭᠦᠨ ᠢ ᠤᠯᠤᠭᠠᠳ ᠬᠠᠷᠠᠴᠢᠬᠠᠨ᠎ᠠ᠂ ᠮᠤᠲ᠋ᠤᠷ ᠤᠨᠤᠬᠤ ᠪᠤᠶᠤ ᠮᠠᠰᠢᠨ ᠪᠠᠷᠢᠵᠦ ᠲᠠᠪᠬᠢᠬᠤ ᠭᠡᠷᠡᠭ ᠦᠭᠡᠢ ᠪᠤᠯᠤᠬᠰᠠᠨ ᠡ᠂ ᠴᠠᠭ ᠬᠦᠴᠦ ᠲᠤᠰᠤ ᠶᠢ ᠲᠤᠩ ᠠᠷᠪᠢᠯᠠᠯ᠎ᠠ︾ ᠭᠡᠵᠦ ᠬᠠᠨᠤᠮᠵᠢᠳᠠᠶᠢᠬᠠᠨ ᠶᠠᠷᠢᠨ᠎ᠠ᠃      2021 ᠣᠨ ᠳᠤ᠂ ᠰᠥᠨᠢᠳ ᠵᠡᠭᠦᠨ ᠬᠤᠰᠢᠭᠤ ᠮᠠᠯᠵᠢᠬᠤ ᠣᠷᠣᠨ ᠤ ︽ᠣᠶᠤᠨᠲᠤ ᠷᠠᠳᠢᠣ᠋ ᠲᠧᠯᠸᠢᠰ︾  ᠤᠨ ᠥᠷᠭᠡᠨ ᠪᠦᠰᠡᠲᠦ ᠰᠦᠯᠵᠢᠶ᠎ᠡ ᠶᠢᠨ ᠪᠦᠷᠬᠦᠴᠡ ᠪᠠ ᠦᠢᠯᠡᠴᠢᠯᠡᠭᠡ ᠶᠢᠨ ᠢᠨᠵᠧᠨᠧᠷᠢᠩ ᠢ ᠬᠡᠷᠡᠭᠵᠢᠭᠦᠯᠵᠦ᠂ ᠥᠷᠭᠡᠨ ᠣᠯᠠᠨ ᠮᠠᠯᠴᠢᠨ ᠢᠯᠠᠩᠭᠤᠶ᠎ᠠ ᠬᠢᠯᠢ ᠬᠢᠵᠠᠭᠠᠷ ᠣᠷᠣᠨ ᠤ ᠮᠠᠯᠴᠢᠳ ᠤᠨ ᠭᠡᠷ ᠲᠤ ᠲᠧᠯᠸᠢᠰ ᠨᠡᠪᠳᠡᠷᠡᠭᠦᠯᠭᠡ ᠬᠦᠯᠢᠶᠡᠨ ᠠᠪᠬᠤ ᠮᠠᠰᠢᠨ ᠵᠢᠴᠢ ᠢᠵᠢ ᠪᠦᠷᠢᠳᠦᠭᠰᠡᠨ ᠰᠦᠯᠵᠢᠶᠡᠨ ᠦᠵᠦᠭᠦᠷ ᠢ ᠤᠭᠰᠠᠷᠠᠨ ᠦᠭᠴᠦ᠂ ᠮᠠᠯᠴᠢᠳ ᠭᠡᠷ ᠲᠡᠭᠡᠨ ᠲᠧᠯᠸᠢᠰ ᠤᠨ ᠰᠢᠭᠤᠳ ᠨᠡᠪᠲᠡᠷᠡᠭᠦᠯᠭᠡ ᠶᠢ ᠭᠥᠯᠢᠶᠡᠨ ᠠᠪᠴᠤ ᠦᠵᠡᠬᠦ ᠪᠠ ᠥᠷᠭᠡᠨ ᠪᠦᠰᠡᠲᠦ ᠰᠦᠯᠵᠢᠶ᠎ᠡ ᠶᠢ ᠬᠡᠷᠡᠭᠯᠡᠭᠦ ᠪᠤᠯᠪᠠ᠃      ᠣᠳᠣ᠂ ᠡᠷᠭᠡᠳᠦ ᠶᠢᠨ ᠬᠢ ᠰᠢᠭ ᠬᠢᠯᠢ ᠶᠢᠨ ᠱᠤᠭᠤᠮ ᠤᠨ ᠣᠢᠢᠷᠠᠯᠴᠠᠭ᠎ᠠ ᠰᠠᠭᠤᠷᠢᠰᠢᠵᠤ ᠪᠠᠶᠢᠭ᠎ᠠ ᠮᠠᠰᠢ ᠣᠯᠠᠨ ᠮᠠᠯᠴᠢᠨ ᠡᠷᠦᠬᠡ ᠳᠤ ᠴᠦᠮ ᠰᠦᠯᠵᠢᠶ᠎ᠡ ᠨᠡᠪᠳᠡᠷᠡᠵᠡᠢ᠃ 2016 ᠣᠨ ᠠᠴᠠ ᠨᠠᠭᠠᠰᠢ ᠥᠪᠥᠷ ᠮᠣᠩᠭᠤᠯ ᠤᠨ ᠨᠡᠭᠦᠳᠡᠯ ᠬᠤᠯᠪᠣᠭ᠎ᠠ ᠪᠣᠯᠣᠨ ᠥᠪᠥᠷ ᠮᠣᠩᠭᠤᠯ ᠤᠨ ᠷᠠᠳᠢᠣ᠋ ᠲᠧᠯᠸᠢᠰ ᠤᠨ ᠰᠦᠯᠵᠢᠶᠡᠨ ᠤ ᠪᠦᠯᠦᠭᠯᠡᠯ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠪᠣᠯᠣᠨ ᠰᠢᠨ᠎ᠡ ᠮᠠᠶ᠋ᠢᠭ ᠤᠨ ᠣᠶᠤᠨᠲᠤ ᠮᠠᠯᠵᠢᠬᠤ ᠣᠷᠣᠨ ᠤ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠭᠡᠷᠡᠭᠵᠢᠭᠦᠯᠵᠦ᠂ 95%  ᠠᠴᠠ ᠳᠡᠭᠡᠭᠰᠢᠬᠢ ᠮᠠᠯᠵᠢᠬᠤ ᠡᠷᠦᠭᠡ ᠳᠤ ᠰᠦᠯᠵᠢᠶ᠎ᠡ ᠶᠢ ᠪᠦᠷᠬᠦᠭᠦᠯᠬᠦ ᠶᠢ ᠦᠨᠡᠨ ᠬᠦ ᠪᠠᠲᠤᠯᠠᠵᠤ᠂ ᠮᠠᠯᠵᠢᠬᠤ ᠣᠷᠣᠨ ᠤ ᠰᠠᠭᠤᠷᠢ ᠲᠦᠭᠦᠭᠡᠷᠦᠮᠵᠢ ᠪᠠ ᠣᠯᠠᠨ ᠨᠡᠶᠢᠲᠡ ᠶᠢᠨ ᠦᠢᠯᠡᠴᠢᠯᠡᠭᠡ ᠶᠢ ᠰᠠᠶᠢᠵᠢᠷᠠᠭᠤᠯᠪᠠ᠃      2022 ᠣᠨ ᠳᠤ᠂ ᠪᠦᠬᠦ ᠠᠶᠢᠮᠠᠭ ᠲᠤ ᠴᠢᠮᠡᠭᠡ ᠬᠤᠯᠪᠤᠭ᠎ᠠ ᠶᠢ ᠪᠦᠭᠦᠨ ᠢ ᠪᠦᠷᠭᠦᠭᠦᠯᠭᠦ ᠶᠢ ᠪᠡᠶᠡᠯᠡᠭᠦᠯᠬᠦ ᠶᠢᠨ ᠲᠥᠯᠥᠭᠡ᠂ ᠠᠶᠢᠮᠠᠭ ᠤᠨ ᠵᠠᠬᠢᠷᠭ᠎ᠠ ᠪᠣᠯᠣᠨ ᠳᠤᠮᠳᠠᠳᠤ ᠤᠯᠤᠰ ᠤᠨ ᠷᠠᠳᠢᠣ᠋ ᠲᠧᠯᠸᠢᠰ ᠤᠨ ᠥᠪᠥᠷ ᠮᠣᠩᠭᠤᠯ ᠤᠨ ᠰᠦᠯᠵᠢᠶᠡᠨ ᠤ ᠬᠢᠵᠠᠭᠠᠷᠲᠤ ᠺᠣᠮᠫᠠᠨᠢ ᠬᠠᠮᠲᠤᠷᠠᠨ ᠠᠵᠢᠯᠯᠠᠵᠤ᠂ ᠮᠠᠯᠵᠢᠬᠤ ᠣᠷᠣᠨ ᠤ ︽ᠣᠶᠤᠨᠲᠤ ᠷᠠᠳᠢᠣ᠋ ᠲᠧᠯᠸᠢᠰ︾  ᠤᠨ ᠥᠷᠭᠡᠨ ᠪᠦᠰᠡᠲᠦ ᠰᠦᠯᠵᠢᠶ᠎ᠡ ᠶᠢᠨ ᠪᠦᠷᠬᠦᠴᠡ ᠪᠠ ᠦᠢᠯᠡᠴᠢᠯᠡᠭᠡ ᠶᠢᠨ ᠢᠨᠵᠧᠨᠧᠷᠢᠩ ᠢ ᠬᠡᠷᠡᠭᠵᠢᠭᠦᠯᠵᠤ᠂ ᠤᠲᠠᠰᠤ ᠦᠭᠡᠢ ᠭᠤᠣᠯ ᠦᠷᠳᠡᠭᠡ 62᠂ ᠳᠠᠮᠵᠢᠭᠤᠯᠬᠤ ᠦᠷᠳᠡᠭᠡ 392᠂ ᠪᠠᠭᠲᠠᠭᠠᠮᠵᠢ ᠶᠢ ᠥᠷᠭᠡᠳᠬᠡᠬᠦ ᠭᠤᠣᠯ ᠦᠷᠳᠡᠭᠡ 300 ᠶᠢ ᠰᠢᠨ᠎ᠡ ᠪᠠᠷ ᠪᠠᠶᠢᠭᠤᠯᠵᠤ᠂ 876.48 ᠺᠢᠯᠣᠮᠧᠲᠷ ᠭᠡᠷᠡᠯᠯᠢᠭ ᠤᠳᠠᠰᠦ ᠲᠠᠳᠠᠵᠦ᠂ ᠪᠦᠬᠦ ᠠᠶᠢᠮᠠᠭ ᠤᠨ 11 ᠬᠤᠰᠢᠭᠤ ᠬᠤᠳᠠ ᠶᠢᠨ ᠴᠢᠮᠡᠭᠡ ᠬᠤᠯᠪᠤᠭ᠎ᠠ ᠨᠡᠪᠳᠡᠷᠡᠭᠦ ᠦᠭᠡᠢ 3937 ᠡᠷᠦᠭᠡ ᠳᠤ ᠷᠠᠳᠢᠣ᠋ ᠲᠧᠯᠸᠢᠰ ᠵᠢᠴᠢ ᠢᠨᠲ᠋ᠧᠷ ᠰᠦᠯᠵᠢᠶᠡᠨ ᠤ ᠥᠷᠭᠡᠨ ᠪᠦᠰᠡ ᠵᠠᠯᠭᠠᠨ ᠦᠭᠴᠦ᠂ 2023 ᠣᠨ ᠤ 10 ᠰᠠᠷ᠎ᠠ ᠶᠢᠨ ᠰᠡᠭᠦᠯᠴᠢ ᠪᠣᠯᠲᠠᠯ᠎ᠠ᠂ ᠲᠦᠷᠦᠯ ᠵᠦᠢᠯ ᠢ ᠪᠦᠬᠦᠨ ᠢ ᠳᠠᠭᠤᠰᠬᠠᠨ᠂ ᠨᠡᠶᠢᠳᠡ 8254 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠪᠦᠬᠦ ᠣᠷᠣᠨ ᠳᠤ ᠬᠥᠳᠡᠭᠡ ᠲᠣᠰᠬᠤᠨ ᠮᠠᠯᠵᠢᠬᠤ ᠣᠷᠣᠨ ᠤ ᠴᠢᠮᠡᠭᠡ ᠬᠤᠯᠪᠣᠭ᠎ᠠ ᠨᠡᠪᠳᠡᠷᠡᠭᠦ ᠦᠭᠡᠢ ᠡᠷᠦᠭᠡ ᠳᠤ ᠤᠲᠠᠰᠤ ᠦᠭᠡᠢ ᠥᠷᠭᠡᠨ ᠪᠦᠰᠡᠳᠦ ᠰᠦᠯᠵᠢᠶ᠎ᠡ ᠶᠢ ᠪᠦᠬᠦᠨ ᠢ ᠪᠦᠷᠬᠦᠭᠦᠯᠬᠦ ᠶᠢ ᠤᠷᠢᠳ ᠢᠶᠠᠷ ᠪᠡᠶᠡᠯᠡᠭᠦᠯᠪᠡ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号