ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠬᠦᠴᠦᠯᠡᠨ ᠠᠬᠢᠭᠤᠯᠪᠠ
ᠨᠡᠶᠢᠲᠡᠯᠡᠭᠰᠡᠨ ᠴᠠᠭ᠄
2024/6/14
     ᠤᠯᠤᠰ ᠤᠨ ᠡᠷᠡᠭᠦᠯ ᠬᠠᠮᠠᠭᠠᠯᠠᠯ ᠤᠨ ᠬᠤᠳᠠ ᠶᠢ ᠡᠭᠦᠳᠦᠨ ᠪᠠᠶᠢᠭᠤᠯᠬᠤ ᠠᠵᠢᠯ ᠢ ᠡᠬᠢᠯᠡᠭᠦᠯᠦᠭᠰᠡᠨ ᠠᠴᠠ ᠨᠠᠭᠠᠰᠢ᠂ ᠮᠠᠨ ᠤ ᠠᠶᠢᠮᠠᠭ ᠤᠨ ᠡᠯ᠎ᠡ ᠭᠠᠵᠠᠷ ᠡᠯ᠎ᠡ ᠰᠠᠯᠠᠭ᠎ᠠ ᠮᠥᠴᠢᠷ ᠭᠤᠣᠯ ᠬᠠᠷᠢᠭᠤᠴᠠᠯᠭ᠎ᠠ ᠭᠤᠣᠯ ᠠᠵᠢᠯ ᠳᠠᠭᠠᠨ ᠰᠠᠭᠤᠷᠢᠯᠠᠵᠤ᠂ ᠬᠠᠷᠠᠯᠲᠠ ᠪᠠᠨ ᠴᠢᠭᠯᠡᠨ᠂ ᠳᠤᠲᠠᠭᠤᠳᠠᠯ ᠢᠶᠠᠨ ᠨᠥᠬᠦᠪᠦᠷᠢᠯᠡᠵᠦ᠂ ᠬᠥᠮᠥᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ ᠰᠢᠯᠢᠳᠡᠭᠵᠢᠭᠦᠯᠪᠡ᠃ ᠮᠠᠨ ᠤ ᠠᠶᠢᠮᠠᠭ ᠤᠨ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠠᠯ᠎ᠠ ᠳᠠᠬᠢ ᠳᠤᠪᠤᠶᠢᠮ᠎ᠠ ᠠᠰᠠᠭᠤᠳᠠᠯ ᠳᠤ ᠴᠢᠭᠯᠡᠭᠦᠯᠦᠨ᠂ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠠᠴᠠ ᠬᠡᠮ ᠰᠣᠭᠤᠭ ᠢ ᠣᠨᠣᠪᠴᠢᠲᠠᠶ ᠡᠷᠢᠵᠤ᠂ ᠠᠷᠭᠠᠴᠠᠭᠠᠬᠤ ᠪᠣᠳᠣᠯᠭ᠎ᠠ ᠳᠤᠷᠠᠳᠤᠨ᠂ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠰᠠᠶᠢᠨ ᠠᠷᠭ᠎ᠠ ᠬᠡᠮᠵᠢᠶ᠎ᠡ ᠶᠢ ᠬᠠᠶᠢᠨ ᠰᠦᠪᠡᠭᠴᠢᠯᠡᠵᠦ᠂ ᠣᠯᠠᠨ ᠲᠦᠮᠡᠨ ᠤ ᠵᠣᠯ ᠵᠢᠷᠭᠠᠯᠲᠦ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠬᠦᠯᠪᠠ᠃      ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠡᠯᠡ ᠮᠥᠩᠭᠦ ᠶᠢᠨ ᠣᠷᠣᠭᠤᠯᠤᠯᠲᠠ ᠪᠠᠨ ᠦᠷᠭᠦᠯᠵᠢᠯᠡᠨ ᠨᠡᠮᠡᠭᠳᠡᠭᠦᠯᠵᠦ᠂ ᠬᠤᠳᠳᠤᠭ ᠤᠨ ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭ᠎ᠠ᠂ ᠣᠳᠣᠬᠢᠴᠢᠯᠠᠭᠰᠠᠨ ᠮᠠᠯ ᠠᠵᠤ ᠠᠬᠤᠢ ᠶᠢᠨ ᠰᠠᠭᠤᠷᠢ ᠲᠦᠬᠦᠭᠡᠷᠦᠮᠵᠢ ᠵᠢᠴᠢ ᠴᠢᠮᠡᠭᠡ ᠬᠤᠯᠪᠤᠭᠠᠨ ᠤ ᠲᠤᠬᠢᠶ᠎ᠠ ᠨᠡᠪᠲᠡᠷᠡᠭᠦᠯᠬᠦ ᠢᠨᠵᠧᠨᠧᠷᠢᠩ ᠢ ᠯᠠᠪᠳᠠᠭᠤᠨ ᠪᠠᠲᠤᠲᠠᠢ ᠠᠬᠢᠭᠤᠯᠪᠠ᠃ ᠮᠠᠯᠵᠢᠬᠤ ᠲᠠᠷᠢᠶᠠᠯᠠᠬᠤ ᠣᠷᠣᠨ ᠤ ᠠᠳᠠᠯᠢ ᠪᠤᠰᠤ ᠣᠷᠣᠨ ᠪᠠᠶᠢᠷᠢ ᠶᠢᠨ ᠨᠥᠬᠦᠴᠡᠯ ᠢ ᠦᠨᠳᠦᠰᠦᠯᠡᠨ ᠪᠣᠳᠠᠲᠠᠢ ᠳᠤ ᠨᠡᠶᠢᠴᠡᠭᠰᠡᠨ ᠬᠥᠮᠥᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠳᠡᠭᠡᠭᠰᠢᠯᠡᠭᠦᠯᠬᠦ ᠲᠥᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠪᠠ᠃ ᠨᠥᠬᠦᠴᠡᠯ ᠲᠠᠢ ᠭᠠᠵᠠᠷ ᠣᠷᠣᠨ ᠳᠤ ᠲᠤᠰᠬᠠᠶᠢᠵᠢᠭᠰᠠᠨ᠂ ᠵᠠᠬ᠎ᠠ ᠳᠡᠯᠭᠡᠭᠦᠷᠴᠢᠯᠡᠭᠰᠡᠨ ᠪᠦᠲᠦᠭᠡᠨ ᠪᠠᠶᠢᠭᠤᠯᠤᠯᠲᠠ ᠪᠠ ᠠᠵᠢᠯᠯᠠᠭᠠᠨ ᠬᠠᠮᠢᠶᠠᠷᠤᠯᠲᠠ ᠬᠠᠮᠠᠭᠠᠯᠠᠯᠲᠠ ᠶᠢᠨ ᠲᠣᠭᠲᠠᠴᠠ ᠶᠢ ᠣᠷᠣᠭᠤᠯᠤᠨ ᠠᠪᠴᠢᠷᠠᠵᠤ᠂ ᠬᠠᠷᠢᠶ᠎ᠠ ᠣᠷᠣᠨ ᠤ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠬᠤ᠂ ᠬᠤᠭ ᠨᠣᠪᠰᠢ ᠶᠢ ᠴᠡᠪᠡᠷᠯᠡᠨ ᠵᠦᠭᠡᠭᠡᠪᠦᠷᠢᠯᠡᠬᠦ᠂ ᠣᠯᠠᠨ ᠨᠡᠶᠢᠲᠡ ᠶᠢᠨ ᠰᠠᠭᠤᠷᠢ ᠲᠦᠬᠦᠭᠡᠷᠦᠮᠵᠢ ᠶᠢ ᠬᠠᠮᠢᠶᠠᠷᠴᠤ ᠬᠠᠮᠠᠭᠠᠯᠠᠬᠤ ᠠᠵᠢᠯ ᠢ ᠠᠵᠤ ᠠᠬᠤᠶᠢᠯᠠᠯ ᠳᠤ ᠨᠠᠶᠢᠳᠠᠠ ᠬᠠᠷᠢᠭᠤᠴᠠᠭᠤᠯᠪᠠ᠃      ᠮᠠᠯ ᠵᠢᠭᠦᠷᠲᠡᠨ ᠤ ᠰᠢᠭᠡᠰᠤ ᠪᠠᠭᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠵᠤ᠂ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠬᠤᠯᠪᠤᠬᠳᠠᠯ ᠪᠦᠬᠦᠢ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠶᠢ ᠨᠡᠶᠢᠳᠬᠡᠵᠦ᠂ ᠲᠡᠵᠢᠭᠡᠨ ᠦᠷᠡᠵᠢᠭᠦᠯᠬᠦ ᠲᠠᠯᠠᠪᠠᠶ ᠶᠢᠨ ᠰᠢᠭᠡᠰᠤ ᠪᠠᠭᠠᠰᠤ ᠶᠢ ᠰᠶᠢᠳᠪᠦᠷᠢᠯᠡᠬᠦ ᠮᠠᠰᠢᠨ ᠲᠥᠬᠦᠭᠡᠷᠦᠮᠵᠢ ᠶᠢᠨ ᠲᠤᠰᠬᠠᠢ ᠵᠦᠢᠯ ᠤᠨ ᠨᠥᠬᠦᠪᠦᠷᠢ ᠶᠢ ᠨᠡᠮᠡᠭᠳᠡᠭᠦᠯᠦᠨ᠂ ᠮᠠᠯ ᠵᠢᠭᠦᠷᠲᠡᠨ ᠤ ᠰᠢᠭᠡᠰᠥ ᠪᠠᠭᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠪᠦᠲᠦᠮᠵᠢᠲᠡᠶ ᠲᠣᠭᠲᠠᠴᠠ᠂ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠵᠠᠭᠪᠤᠷ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠰᠢᠰᠲ᠋ᠧᠮ ᠪᠠ ᠬᠠᠷᠢᠭᠤᠴᠠᠯᠭ᠎ᠠ ᠶᠢᠨ ᠬᠢᠨᠠᠯᠲᠠ ᠲᠠᠯᠪᠢᠬᠤ ᠳᠦᠷᠢᠮ ᠢ ᠰᠦᠪᠡᠭᠴᠢᠯᠡᠨ ᠪᠠᠶᠢᠭᠤᠯᠵᠤ᠂ ᠭᠤᠷᠪᠠᠳᠠᠭᠢ ᠡᠲᠡᠭᠡᠳ ᠤᠨ ᠵᠠᠰᠠᠯᠲᠠ ᠶᠢᠨ ᠠᠵᠤ ᠠᠬᠤᠶᠢᠯᠠᠯ ᠪᠠ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠢᠳᠡᠪᠬᠢᠲᠡᠢ ᠪᠤᠶᠢᠵᠢᠭᠤᠯᠤᠨ᠂ ᠨᠡᠶᠢᠭᠡᠮ ᠤᠨ ᠬᠦᠴᠦᠨ ᠢ ᠳᠠᠶᠢᠴᠢᠯᠠᠨ ᠢᠳᠡᠪᠬᠢᠲᠡᠢ ᠣᠷᠣᠯᠴᠠᠭᠤᠯᠪᠠ᠃      ᠮᠠᠯᠴᠢᠨ ᠲᠠᠷᠢᠶᠠᠴᠢᠨ ᠤ ᠣᠷᠴᠢᠨ ᠲᠣᠭᠤᠷᠢᠨ ᠢᠶᠠᠨ ᠬᠠᠮᠠᠭᠠᠯᠠᠬᠤ ᠦᠵᠡᠯ ᠤᠬᠠᠮᠰᠠᠷ ᠤᠨ ᠬᠥᠮᠦᠵᠢᠯ ᠢ ᠴᠢᠬᠤᠯᠠᠴᠢᠯᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠴᠢᠩᠭᠠᠷᠠᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠡᠯ᠎ᠡ ᠵᠦᠢᠯ ᠤᠨ ᠳᠦᠷᠢᠮ ᠲᠣᠭᠲᠠᠭᠠᠯ ᠢ ᠲᠡᠭᠦᠯᠳᠡᠷᠵᠢᠭᠦᠯᠪᠠ᠃ ᠮᠠᠯᠴᠢᠨ ᠲᠠᠷᠢᠶᠠᠴᠢᠨ ᠢ ᠢᠳᠡᠪᠬᠢᠲᠡᠢ ᠪᠠᠷ ᠳᠠᠶᠢᠴᠢᠯᠠᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ᠂ ᠡᠵᠡᠩᠨᠡᠯᠲᠡ ᠬᠠᠮᠢᠶᠠᠷᠤᠯᠲᠠ᠂ ᠴᠡᠭᠴᠡᠯᠡᠨ ᠵᠠᠰᠠᠯᠲᠠ ᠵᠡᠷᠭᠡ ᠠᠵᠢᠯᠯᠠᠭ᠎ᠠ ᠳᠤ ᠣᠷᠣᠯᠴᠠᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠤᠬᠠᠭᠤᠯᠭ᠎ᠠ ᠬᠥᠮᠦᠵᠢᠯ ᠥᠷᠨᠢᠭᠦᠯᠦᠨ᠂ ᠮᠠᠯᠴᠢᠨ ᠲᠠᠷᠢᠶᠠᠴᠢᠨ ᠳᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠴᠢᠬᠤᠯᠠ ᠴᠢᠨᠠᠷ ᠢ ᠣᠶᠢᠯᠠᠭᠠᠭᠤᠯᠵᠤ᠂ ᠬᠥᠮᠥᠨ ᠪᠦᠬᠦᠨ ᠦᠵᠡᠰᠬᠦᠯᠡᠩᠲᠦ ᠰᠠᠶᠢᠬᠠᠨ ᠭᠡᠷ ᠣᠷᠣᠨ ᠢᠶᠠᠨ ᠪᠦᠲᠦᠭᠡᠨ ᠪᠠᠶᠢᠭᠤᠯᠬᠤ ᠳᠤ ᠤᠷᠤᠯᠴᠠᠬᠤ ᠶᠢ ᠲᠡᠳᠡᠨ ᠤ ᠤᠬᠠᠮᠰᠠᠷᠲᠤ ᠠᠵᠢᠯᠯᠠᠭ᠎ᠠ ᠪᠣᠯᠭᠠᠪᠠ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号