ᠤᠶᠢᠷ᠎ᠠ ᠳᠤ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠯᠥᠸᠧ ᠴᠢᠩ | ᠲᠠᠶᠢᠹᠤᠰᠧ ᠬᠤᠰᠢᠭᠤ᠂ ᠰᠢᠯᠤᠭᠤᠨ ᠬᠥᠬᠡ ᠬᠤᠰᠢᠭᠤ ᠵᠡᠷᠭᠡ ᠭᠠᠵᠠᠷ ᠲᠤ ᠭᠤᠣᠯᠳᠠᠯᠭ᠎ᠠ ᠲᠠᠢ ᠲᠦᠷᠦᠯ ᠵᠦᠢᠯ ᠤᠨ | ᠪᠦᠲᠦᠭᠡᠨ ᠪᠠᠶᠢᠭᠤᠯᠤᠯᠲᠠ᠂ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ᠂ ᠰᠣᠶᠣᠯ ᠵᠢᠭᠤᠯᠴᠢᠯᠠᠯ ᠤᠨ ᠠᠵᠤ | ᠦᠢᠯᠡᠰ ᠤᠨ ᠬᠥᠭᠵᠢᠯᠲᠡ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠵᠡᠷᠭᠡ ᠭᠤᠣᠯᠳᠠᠯᠭ᠎ᠠ ᠲᠠᠢ | ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ | ᠯᠥᠸᠧ ᠴᠢᠩ ᠲᠠᠶᠢᠹᠤᠰᠧ ᠬᠤᠰᠢᠭᠤᠨ ᠤ ᠪᠢᠶᠠᠨ ᠴᠢᠶᠠᠩ ᠲᠣᠰᠬᠤᠨ ᠳᠤ ᠬᠦᠷᠴᠦ᠂ ᠨᠠᠮ ᠤᠨ ᠰᠠᠬᠢᠯᠭ᠎ᠠ | ᠪᠠᠲᠤ ᠶᠢᠨ ᠰᠤᠷᠤᠯᠴᠠᠯᠭ᠎ᠠ ᠬᠥᠮᠦᠵᠢᠯ᠂ ᠲᠣᠰᠬᠤᠨ ᠤ ᠠᠷᠠᠳ ᠤᠨ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ | ᠨᠠᠷᠢᠨ ᠣᠶᠢᠯᠠᠭᠠᠪᠠ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ | ᠥᠷᠨᠢᠭᠦᠯᠵᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠠᠷᠡᠯ ᠤᠨ ᠠᠰᠠᠭᠤᠳᠠᠯ ᠢ | ᠲᠥᠪᠯᠡᠷᠡᠭᠦᠯᠦᠨ ᠴᠡᠭᠴᠡᠯᠡᠨ ᠵᠠᠰᠠᠵᠤ᠂ ᠤᠯᠠᠨ ᠲᠦᠮᠡᠨ ᠤ ᠪᠠᠴᠢᠮ ᠬᠦᠴᠢᠷᠳᠡᠯ ᠲᠤᠯᠭᠠᠮ ᠱᠠᠭᠠᠷᠳᠠᠯᠭ᠎ᠠ ᠶᠢ | ᠬᠦᠴᠦᠯᠡᠨ ᠰᠶᠢᠳᠪᠦᠷᠢᠯᠡᠵᠦ᠂ ᠨᠠᠮ ᠤᠯᠠᠨ ᠲᠦᠮᠡᠨ ᠺᠠᠳ᠋ᠷ ᠤᠯᠠᠨ ᠲᠦᠮᠡᠨ ᠤ ᠬᠠᠷᠢᠴᠠᠭ᠎ᠠ ᠶᠢ ᠴᠢᠨᠠᠭᠰᠢᠳᠠ | ᠨᠢᠭᠲᠠᠷᠠᠭᠤᠯᠵᠤ᠂ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ | ᠲᠦᠪᠰᠢᠨ ᠤ ᠲᠥᠷᠥᠭᠳᠡᠯ ᠢ ᠲᠠᠰᠤᠷᠠᠯᠳᠡ ᠦᠭᠡᠢ ᠨᠡᠮᠡᠭᠳᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃ | ᠲᠠᠶᠢᠹᠦᠰᠧ ᠬᠤᠰᠢᠭᠤᠨ ᠤ ᠪᠤᠤᠴᠠᠩ ᠠᠵᠤ ᠦᠢᠯᠡᠰ ᠤᠨ ᠬᠦᠷᠢᠶᠡᠯᠡᠩ ᠳᠤ᠂ ᠯᠥᠸᠧ ᠴᠢᠩ ᠨᠦᠭᠡᠴᠡ | ᠡᠨᠧᠷᠭᠢ ᠶᠢᠨ ᠳ᠋ᠢᠶᠠᠨ ᡂᠢ᠂ ᠴᠠᠬᠢᠯᠭᠠᠨ ᠳᠡᠭᠡᠰᠦ᠂ ᠬᠢᠮᠡᠯ ᠠᠯᠮᠠᠰ᠂ ᠲᠥᠮᠥᠰᠥ ᠶᠢ ᠨᠠᠷᠢᠯᠢᠭ ᠡᠳ᠋ᠰᠢᠭᠦᠯᠦᠨ | ᠪᠣᠯᠪᠠᠰᠤᠷᠠᠭᠤᠯᠬᠤ ᠵᠡᠷᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠤᠢ ᠲᠠᠯᠠᠪᠠᠢ ᠳᠤ ᠬᠦᠷᠴᠦ᠂ | ᠠᠵᠤ ᠠᠬᠤᠶᠢᠯᠠᠯ ᠤᠨ ᠬᠥᠭᠵᠢᠯᠲᠡ ᠪᠣᠯᠣᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠰᠢᠵᠤ | ᠪᠠᠶᠢᠭ᠎ᠠ ᠬᠦᠴᠢᠷ ᠠᠰᠠᠭᠤᠳᠠᠯ ᠢ ᠨᠠᠷᠢᠨ ᠯᠠᠪᠯᠠᠨ ᠠᠰᠠᠭᠤᠪᠠ᠃ ᠠᠮᠤᠷ ᠲᠦᠪᠰᠢᠨ ᠢ ᠦᠨᠡᠨ ᠬᠦ ᠪᠠᠲᠤᠯᠠᠭᠰᠠᠨ | ᠤᠷᠢᠲᠠᠯ ᠳᠣᠣᠷ᠎ᠠ᠂ ᠰᠢᠯᠢᠳᠡᠭ ᠦᠢᠯᠡᠴᠢᠯᠡᠭᠡ ᠪᠠᠷ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠨ | ᠠᠬᠢᠭᠤᠯᠬᠤ ᠶᠢ ᠪᠠᠲᠤᠯᠠᠬᠤ ᠶᠢᠨ ᠬᠠᠮᠲᠤ ᠤᠨᠢᠨ ᠳᠡᠭᠡᠷ᠎ᠡ ᠨᠢ ᠠᠷᠠᠯᠵᠢᠶᠠᠴᠢᠨ ᠤᠷᠢᠵᠤ ᠵᠠᠩᠭᠢᠯᠠᠭ᠎ᠠ ᠶᠢᠨ ᠬᠡᠯᠬᠢᠶ᠎ᠡ ᠶᠢ | ᠨᠥᠬᠦᠪᠦᠷᠢᠯᠡᠨ᠂ ᠠᠵᠤ ᠦᠢᠯᠡᠰ ᠢ ᠲᠠᠰᠤᠷᠠᠯᠲᠠ ᠦᠭᠡᠢ ᠬᠥᠭᠵᠢᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃ | ᠭᠤᠮ ᠤᠨ ᠲᠠᠭᠢᠯᠳᠡ ᠡᠬᠢ ᠪᠠᠶᠠᠯᠢᠭ ᠢ ᠬᠤᠷᠢᠶᠠᠨ ᠠᠪᠴᠤ ᠠᠰᠢᠭᠯᠠᠬᠤ᠂ ᠬᠡᠷᠡᠭᠯᠡᠭᠡᠨ ᠠᠴᠠ ᠭᠠᠷᠭᠠᠭᠰᠠᠨ ᠮᠠᠰᠢᠨᠲᠤ | ᠲᠡᠷᠭᠡ ᠶᠢ ᠬᠤᠷᠢᠶᠠᠨ ᠠᠪᠴᠤ ᠵᠠᠳᠠᠯᠬᠤ ᠲᠥᠷᠥᠯ ᠵᠦᠢᠯ ᠤᠨ ᠠᠬᠤᠢ ᠲᠠᠯᠠᠪᠠᠢ ᠳᠤ᠂ ᠲᠡᠷᠡ᠂ ᠤᠯᠤᠰ ᠤᠨ ᠰᠢᠨ᠎ᠡ | ᠨᠢᠭᠡ ᠡᠭᠡᠯᠵᠢ ᠶᠢᠨ ᠮᠠᠰᠢᠨ ᠲᠡᠷᠭᠡ ᠶᠢᠨ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢᠨ ᠠᠵᠠ | ᠲᠣᠬᠢᠶᠠᠯ ᠢ ᠵᠠᠪᠳᠤᠨ᠂ ᠡᠬᠢ ᠪᠠᠶᠠᠯᠢᠭ ᠢ ᠣᠷᠴᠢᠯᠳᠤᠭᠤᠯᠤᠨ ᠬᠤᠷᠢᠶᠠᠨ ᠠᠪᠴᠤ ᠠᠰᠢᠭᠯᠠᠬᠤ ᠲᠥᠷᠥᠯ ᠵᠦᠢᠯ ᠢ | ᠢᠳᠡᠪᠬᠢᠲᠡᠢ ᠠᠬᠢᠭᠤᠯᠵᠤ᠂ ︽ᠰᠢᠨ᠎ᠡ ᠶᠢ ᠰᠣᠯᠢᠬᠤ + ᠬᠤᠷᠢᠶᠠᠨ ᠠᠪᠬᠤ︾ ᠪᠤᠳᠠᠰ ᠤᠨ ᠭᠦᠢᠯᠭᠡᠭᠡᠨ ᠤ ᠰᠢᠰᠲ᠋ᠧᠮ | ᠪᠠ ᠰᠢᠨ᠎ᠡ ᠵᠠᠭᠪᠤᠷ ᠤᠨ ᠬᠥᠭᠵᠢᠯᠲᠡ ᠶᠢ ᠲᠦᠷᠭᠡᠳᠬᠡᠬᠦ ᠬᠡᠷᠡᠭᠲᠡᠢ ᠭᠡᠵᠦ ᠵᠠᠬᠢᠪᠠ᠃ | ᠰᠢᠯᠤᠭᠤᠨ ᠬᠥᠬᠡ ᠬᠤᠰᠢᠭᠤᠨ ᠤ ᠶᠤᠸᠠᠨ ᠤ ᠳᠡᠭᠡᠳᠦ ᠨᠡᠶᠢᠰᠯᠡᠯ ᠤᠨ ᠵᠢᠭᠤᠯᠴᠢᠯᠠᠭᠰᠠᠳ ᠤᠨ | ᠦᠢᠯᠡᠴᠢᠯᠡᠭᠡᠨ ᠤ ᠲᠥᠪ ᠲᠤ᠂ ᠯᠥᠸᠧ ᠴᠢᠩ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠤᠬᠴᠠᠯᠠᠬᠤ ᠪᠠᠷ ᠭᠤᠣᠯ ᠰᠢᠵᠢᠮ ᠪᠣᠯᠭᠠᠵᠤ᠂ ᠲᠡᠦᠬᠡ ᠰᠣᠶᠣᠯ ᠤᠨ ᠡᠬᠢ ᠪᠠᠶᠠᠯᠢᠭ ᠢ | ᠠᠭᠤᠳᠠᠯᠬᠤ᠂ ᠲᠠᠶᠢᠯᠪᠤᠷᠢᠯᠠᠬᠤ ᠪᠠ ᠤᠯᠠᠮᠵᠢᠯᠠᠬᠤ ᠶᠢ ᠴᠢᠩᠭᠠᠳᠬᠠᠨ᠂ ᠵᠢᠭᠤᠯᠴᠢᠯᠠᠬᠰᠠᠳ ᠤᠨ ᠦᠢᠯᠡᠴᠢᠯᠡᠭᠡᠨ ᠤ | ᠲᠥᠪ ᠤᠨ ᠪᠡᠯᠡ ᠣᠷᠣᠭᠤᠯᠤᠯᠲᠠ ᠶᠢ ᠲᠦᠷᠭᠡᠨ ᠠᠬᠢᠭᠤᠯᠵᠤ᠂ ᠲᠡᠦᠬᠡ ᠰᠣᠶᠣᠯ ᠤᠨ ᠥᠪ ᠢ ᠰᠠᠶᠢᠲᠤᠷ ᠬᠠᠮᠠᠭᠠᠯᠠᠨ᠂ | ᠰᠠᠶᠢᠲᠤᠷ ᠵᠠᠯᠭᠠᠮᠵᠢᠯᠠᠵᠤ᠂ ᠰᠠᠶᠢᠲᠤᠷ ᠠᠰᠢᠭᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠮᠢᠬᠠᠨ ᠤ ᠦᠬᠡᠷ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠪᠠ ᠰᠢᠯᠤᠭᠤᠨ ᠬᠥᠬᠡ ᠬᠤᠰᠢᠭᠤᠨ ᠤ | ᠴᠠᠭᠠᠨ ᠢᠳᠡᠭᠡᠨ ᠤ ᠵᠣᠴᠢᠯᠠᠬᠤ ᠲᠢᠩᠬᠢᠮ ᠳᠤ᠂ ᠯᠥᠸᠧ ᠴᠢᠩ᠂ ᠮᠠᠯ ᠤᠨ ᠠᠰᠢᠭ ᠰᠢᠮ᠎ᠡ ᠶᠢ ᠨᠠᠷᠢᠯᠢᠭ ᠡᠳ᠋ᠰᠢᠭᠦᠯᠬᠦ | ᠠᠵᠢᠯ ᠢ ᠭᠦᠢᠴᠡᠳ ᠰᠠᠶᠢᠲᠤᠷ ᠬᠢᠵᠦ᠂ ᠠᠵᠤ ᠦᠢᠯᠡᠰ ᠤᠨ ᠨᠡᠮᠡᠯᠲᠡ ᠥᠷᠲᠡᠭ ᠪᠠ ᠦᠨ᠎ᠠ ᠭᠦᠷᠭᠡᠭᠦ ᠦᠷ᠎ᠡ | ᠠᠰᠢᠭ ᠢ ᠳᠡᠭᠡᠭᠰᠢᠯᠡᠭᠦᠯᠦᠨ᠂ ᠮᠠᠯᠴᠢᠨ ᠲᠠᠷᠢᠶᠠᠴᠢᠨ ᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠴᠢᠷᠮᠠᠶᠢᠨ | ᠳᠠᠶᠢᠴᠢᠯᠠᠬᠤ ᠭᠡᠷᠡᠭᠳᠡᠢ ᠭᠡᠵᠦ ᠴᠢᠬᠤᠯᠠᠴᠢᠯᠠᠪᠠ᠃ | ᠰᠢᠯᠤᠭᠤᠨ ᠬᠥᠬᠡ ᠬᠤᠰᠢᠭᠤᠨ ᠳᠤ᠂ ᠯᠥᠸᠧ ᠴᠢᠩ ᠲᠤᠬᠠᠢ ᠶᠢᠨ ᠲᠠᠯᠠᠪᠠᠢ ᠳᠤ ᠬᠤᠯᠠᠨ ᠰᠢᠷᠭ᠎ᠠ | ᠳᠠᠭ᠎ᠠ ᠶᠢᠨ ᠡᠯᠡᠰᠦᠷᠬᠡᠭ ᠭᠠᠵᠠᠷ ᠢ ᠵᠠᠰᠠᠬᠤ ᠢᠨᠵᠧᠨᠧᠷᠢᠩ ᠤᠨ ᠠᠵᠢᠯ ᠢ ᠲᠣᠬᠢᠷᠠᠭᠤᠯᠵᠤ᠂ ᠡᠯᠡᠰᠦᠷᠭᠡᠭᠵᠢᠯ ᠢ | ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠴᠠᠬᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ | ᠢᠨᠵᠧᠨᠧᠷᠢᠩ ᠢ ᠠᠬᠢᠭᠤᠯᠬᠤ ᠪᠠᠷ ᠭᠤᠣᠯᠳᠠᠯᠭ᠎ᠠ ᠪᠣᠯᠭᠠᠨ᠂ ᠵᠠᠰᠠᠬᠤ ᠬᠡᠷᠡᠭᠯᠡᠬᠦ ᠶᠢ ᠨᠢᠭᠡ ᠴᠣᠭᠴᠠᠵᠢᠭᠤᠯᠬᠤ᠂ | ᠪᠤᠬᠢᠷᠳᠦᠯ ᠦᠭᠡᠢ ᠴᠢᠨᠡᠭᠡᠯᠢᠭ ᠬᠠᠮᠲᠤ ᠪᠠᠷ ᠤᠷᠤᠭᠰᠢᠯᠠᠬᠤ ᠶᠢ ᠨᠢᠭᠡᠳᠦᠯᠲᠡᠢ ᠲᠥᠯᠥᠪᠵᠢᠭᠦᠯᠵᠦ᠂ ᠨᠡᠶᠢᠭᠡᠮ ᠤᠨ | ᠬᠦᠴᠦᠨ ᠣᠨᠴᠠᠭᠠᠶᠢᠯᠠᠨ ᠮᠠᠯᠴᠢᠨ ᠲᠠᠷᠢᠶᠠᠴᠢᠨ ᠤ ᠡᠯᠡᠰᠦᠷᠭᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ | ᠢᠳᠡᠪᠬᠢᠵᠢᠯ ᠢ ᠭᠦᠢᠴᠡᠳ ᠲᠠᠶᠢᠴᠢᠯᠠᠵᠦ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠦᠨᠦᠭᠡᠯᠳᠡ ᠶᠢᠨ | ᠳᠠᠶᠢᠯᠠᠯᠳᠤᠭᠠᠨ ᠤ ᠢᠯᠠᠯᠲᠠ ᠶᠢ ᠵᠠᠪᠠᠯ ᠣᠯᠬᠤ ᠬᠡᠷᠡᠭᠲᠡᠢ ᠭᠡᠵᠦ ᠴᠢᠬᠤᠯᠠᠴᠢᠯᠠᠪᠠ᠃ᠯᠥᠸᠧ ᠴᠢᠩ ᠪᠠᠰᠠ 207 | ᠮᠤᠵᠢ ᠶᠢᠨ ᠵᠠᠮ ᠤᠨ ᠡᠮᠡᠭᠡᠯ ᠳᠠᠪᠠᠭ᠎ᠠ ᠠᠴᠠ ᠴᠥᠭᠦᠷᠥᠮ ᠬᠦᠷᠬᠦ ᠬᠡᠰᠡᠭ ᠤᠨ ᠵᠠᠰᠠᠮᠠᠯ ᠵᠠᠮ ᠤᠨ ᠪᠦᠲᠦᠭᠡᠨ | ᠪᠠᠶᠢᠭᠤᠯᠤᠯᠲᠠ ᠶᠢᠨ ᠲᠦᠷᠦᠯ ᠵᠦᠢᠯ ᠤᠨ ᠪᠠᠷᠢᠯᠭ᠎ᠠ ᠶᠢᠨ ᠠᠬᠢᠴᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ | ᠰᠢᠨᠵᠢᠯᠡᠨ ᠪᠠᠶᠢᠴᠠᠭᠠᠪᠠ᠃ | ᠠᠶᠢᠮᠠᠭ ᠤᠨ ᠳᠡᠳ᠋ ᠳᠠᠷᠤᠭ᠎ᠠ ᠶᠠᠩ ᠯᠢ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | ᠣᠷᠴᠢᠭᠤᠯᠣᠭᠴᠢ᠄ ᠣᠶᠣᠩᠬᠤᠸᠠᠷ | |