2023 ᠣᠨ ᠤ 9 ᠰᠠᠷ᠎ᠠ ᠠᠴᠠ ᠡᠬᠢᠯᠡᠨ᠂ ᠮᠠᠨ ᠤ ᠠᠶᠢᠮᠠᠭ ᠵᠠᠰᠠᠭ ᠵᠠᠬᠢᠷᠭᠠᠨ ᠤ ᠭᠠᠴᠠᠭ᠎ᠠ ᠲᠣᠰᠬᠤᠨ | ᠪᠤᠯᠭᠠᠨ ᠳᠤ ︽ᠮᠥᠩᠭᠦᠨ ᠭᠦᠢᠯᠭᠡᠭᠡᠨ ᠤ ᠳᠡᠳ᠋ ᠭᠠᠴᠠᠭᠠᠨ ᠳᠠᠷᠤᠭ᠎ᠠ︾ ᠲᠤᠬᠢᠷᠠᠭᠤᠯᠬᠤ ᠵᠠᠭᠪᠤᠷ ᠢ ᠳᠡᠯᠭᠡᠷᠡᠭᠦᠯᠦᠨ᠂ | ᠭᠠᠴᠠᠭ᠎ᠠ ᠲᠣᠰᠬᠤᠨ ᠤ ᠨᠠᠮ ᠤᠨ ᠡᠬᠦᠷ ᠠᠷᠠᠳ ᠤᠨ ᠵᠦᠪᠯᠡᠯ ᠤᠨ ᠬᠡᠰᠢᠬᠦᠨ᠂ ᠪᠠᠶᠠᠵᠢᠯ ᠤᠨ ᠳᠠᠭᠠᠭᠤᠯᠤᠭᠴᠢ᠂ | ᠨᠤᠲᠤᠭ ᠲᠠᠭᠠᠨ ᠪᠤᠴᠠᠵᠤ ᠠᠳᠠᠯ ᠦᠢᠯᠡᠰ ᠴᠤᠭᠴᠠᠯᠠᠵᠦ ᠪᠠᠶᠢᠭ᠎ᠠ ᠴᠢᠳᠠᠪᠤᠷᠢᠲᠠᠨ ᠵᠡᠷᠭᠡ ᠬᠥᠮᠥᠰ ᠢ ᠤᠷᠢᠳᠠᠪᠠᠷ | ᠰᠣᠩᠭᠤᠨ ᠬᠡᠷᠡᠭᠯᠡᠵᠦ᠂ ᠲᠡᠳᠡᠨ ᠤ ᠮᠠᠯᠵᠢᠬᠤ ᠲᠠᠷᠢᠶᠠᠯᠠᠬᠤ ᠣᠷᠣᠨ ᠳᠤ ᠦᠨᠳᠦᠰᠦᠯᠡᠬᠦ᠂ ᠮᠠᠯᠵᠢᠬᠤ ᠲᠠᠷᠢᠶᠠᠯᠠᠬᠤ | ᠣᠷᠣᠨ ᠤ ᠦᠢᠯᠡᠳᠪᠦᠷᠢᠯᠡᠯ ᠠᠮᠢᠳᠤᠷᠠᠯ ᠢ ᠰᠠᠶᠢᠨ ᠤᠶᠢᠯᠠᠭᠠᠬᠤ᠂ ᠮᠠᠯᠴᠢᠨ ᠲᠠᠷᠢᠶᠠᠴᠢᠨ ᠳᠤ ᠦᠢᠯᠡᠴᠢᠯᠡᠬᠦ ᠢᠳᠡᠪᠬᠢ | ᠦᠢᠯᠡᠳᠦᠯ ᠢ ᠭᠦᠢᠴᠡᠳ ᠪᠠᠳᠠᠷᠠᠭᠤᠯᠤᠨ᠂ ᠨᠢᠭᠡ ᠪᠦᠯᠦᠭ ᠲᠥᠷᠥ ᠶᠢᠨ ᠪᠣᠳᠣᠯᠭ᠎ᠠ ᠶᠢ ᠤᠶᠢᠯᠠᠭᠠᠬᠤ᠂ ᠮᠥᠩᠭᠦᠨ | ᠭᠦᠢᠯᠭᠡᠭᠡ ᠶᠢ ᠤᠶᠢᠯᠠᠭᠠᠬᠤ᠂ ᠮᠠᠯᠴᠢᠨ ᠲᠠᠷᠢᠶᠠᠴᠢᠨ ᠳᠤ ᠦᠢᠯᠡᠴᠢᠯᠡᠬᠦ ᠴᠢᠳᠠᠪᠤᠷᠢ ᠪᠦᠬᠦᠢ ᠮᠠᠯᠵᠢᠬᠤ ᠲᠠᠷᠢᠶᠠᠯᠠᠬᠤ | ᠣᠷᠣᠨ ᠤ ᠮᠥᠩᠭᠦᠨ ᠭᠦᠢᠯᠭᠡᠭᠡᠨ ᠤ ᠵᠥᠪᠯᠡᠭᠴᠢ ᠶᠢ ᠬᠥᠮᠥᠵᠢᠭᠦᠯᠵᠠᠢ᠃ ᠡᠨᠡ ᠵᠢᠯ ᠤᠨ 5 ᠰᠠᠷ᠎ᠠ ᠶᠢᠨ ᠡᠬᠢᠨ ᠳᠤ᠂ | ᠮᠠᠨ ᠤ ᠠᠶᠢᠮᠠᠭ ᠤᠨ ᠡᠯ᠎ᠡ ᠭᠠᠴᠠᠭ᠎ᠠ ᠲᠣᠰᠬᠤᠨ ᠳᠤ ︽ᠮᠥᠩᠭᠦᠨ ᠭᠦᠢᠯᠭᠡᠭᠡᠨ ᠤ ᠳᠡᠳ᠋ ᠭᠠᠴᠠᠭᠠᠨ ᠳᠠᠷᠤᠭ᠎ᠠ︾ ᠶᠢ | ᠪᠦᠬᠦᠨ ᠢ ᠪᠦᠷᠬᠦᠬᠦᠯᠬᠦ ᠶᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ︽ᠪᠦᠬᠦᠨ ᠢ ᠪᠦᠷᠬᠦᠬᠦᠯᠬᠦ︾ | ᠡᠭᠦᠷᠭᠡ ᠪᠠᠨ 6 ᠰᠠᠷ᠎ᠠ ᠤᠷᠢᠳᠴᠢᠯᠠᠨ ᠪᠡᠶᠡᠯᠡᠭᠦᠯᠪᠡ᠃ | 2023 ᠣᠨ ᠠᠴᠠ ᠨᠠᠭᠠᠰᠢ᠂ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠨᠢ ᠡᠯ᠎ᠡ | ᠬᠤᠰᠢᠭᠤ ᠰᠢᠶᠠᠨ ᠬᠤᠲᠠ ︵ᠤᠷᠤᠨ︶ ᠶᠢᠨ ᠲᠠᠷᠢᠶᠠᠯᠠᠩ ᠮᠠᠯ ᠠᠵᠦ ᠠᠬᠤᠢ ᠪᠠ ᠰᠢᠨᠵᠢᠯᠡᠬᠦ ᠮᠡᠷᠭᠡᠵᠢᠯ ᠤᠨ | ᠲᠣᠪᠴᠢᠶ᠎ᠠ ᠶᠢ ᠵᠣᠬᠢᠶᠠᠨ ᠪᠠᠶᠢᠭᠤᠯᠵᠦ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠲᠠᠢ ᠢᠳᠡᠪᠬᠢᠲᠡᠢ ᠪᠠᠷ | ᠵᠣᠯᠭᠠᠭᠤᠯᠵᠤ᠂ ︽ᠮᠥᠩᠭᠦᠨ ᠭᠦᠢᠯᠭᠡᠭᠡᠨ ᠤ ᠳᠡᠳ᠋ ᠭᠠᠴᠠᠭᠠᠨ ᠳᠠᠷᠤᠭ᠎ᠠ︾ ᠢᠢᠨ ᠮᠥᠩᠭᠦᠨ ᠭᠦᠢᠯᠭᠡᠭᠡᠨ ᠤ | ᠦᠢᠯᠡᠴᠢᠯᠡᠭᠡᠨ ᠤ ᠬᠠᠮᠢᠶ᠎ᠠ ᠪᠦᠬᠦᠢ ᠪᠤᠯᠪᠠᠰᠤᠷᠠᠯ ᠢ 1070 ᠭᠠᠷᠤᠢ ᠬᠥᠮᠥᠨ ᠤᠳᠠᠭ᠎ᠠ ᠥᠷᠨᠢᠭᠦᠯᠵᠦ᠂ ᠬᠥᠳᠡᠭᠡ | ᠪᠠᠭᠤᠵᠤ ᠦᠢᠯᠡᠴᠢᠯᠡᠬᠦ ᠠᠵᠢᠯ ᠢ 3300 ᠭᠠᠷᠤᠢ ᠤᠳᠠᠭ᠎ᠠ ᠥᠷᠨᠢᠭᠦᠯᠪᠡ᠃ ᠣᠲᠣ ᠪᠣᠯᠲᠠᠯ᠎ᠠ᠂ ᠪᠥᠬᠦ ᠠᠶᠢᠮᠠᠭ ᠤᠨ | 13 ᠬᠤᠰᠢᠭᠤ ᠰᠢᠶᠠᠨ ᠬᠤᠲᠠ ︵ᠤᠷᠤᠨ︶ ᠢᠢᠨ 78 ᠰᠤᠮᠤ ᠰᠢᠶᠠᠩ ᠪᠠᠯᠭᠠᠰᠤ ︵ᠲᠠᠯᠠᠪᠠᠶ︶ ᠶᠢᠨ 893 | ᠭᠠᠴᠠᠭ᠎ᠠ ᠲᠣᠰᠬᠤᠨ ︵ᠬᠤᠪᠢᠶᠠᠷᠢ ᠲᠠᠯᠠᠪᠠᠶ︶ ᠴᠥᠮ ︽ᠮᠥᠩᠭᠦᠨ ᠭᠦᠢᠯᠭᠡᠭᠡᠨ ᠤ ᠳᠡᠳ᠋ ᠭᠠᠴᠠᠭᠠᠨ ᠳᠠᠷᠤᠭ᠎ᠠ︾ | ᠶᠢ ᠤᠷᠢᠨ ᠬᠡᠷᠡᠭᠯᠡᠵᠦ᠂ ᠪᠣᠯᠪᠠᠰᠤᠷᠠᠯ ᠬᠦᠷᠳᠡᠭᠡᠬᠦ ᠠᠵᠢᠯ ᠢ ᠪᠡᠶᠡᠯᠡᠭᠦᠯᠵᠦ᠂ 893 ︽ᠮᠥᠩᠭᠦᠨ ᠭᠦᠢᠯᠭᠡᠭᠡᠨ ᠤ | ᠳᠡᠳ᠋ ᠭᠠᠴᠠᠭᠠᠨ ᠳᠠᠷᠤᠭ᠎ᠠ︾ ᠦᠨᠡᠮᠯᠡᠯ ᠲᠤᠰᠴᠦ ᠵᠢᠩᠬᠢᠨᠢ ᠪᠠᠷ ᠠᠵᠢᠯ ᠤᠨ ᠪᠠᠶᠢᠷᠢᠨ ᠳᠤ ᠭᠠᠷᠪᠠ᠃ ᠡᠭᠦᠨ ᠳᠤ᠂ | ᠭᠠᠴᠠᠭ᠎ᠠ ᠲᠣᠰᠬᠤᠨ ᠤ ᠨᠠᠮ ᠤᠨ ᠡᠬᠦᠷ ᠠᠷᠠᠳ ᠤᠨ ᠵᠦᠪᠯᠡᠯ ᠤᠨ 813 ᠬᠥᠮᠥᠨ ︽ᠮᠥᠩᠭᠦᠨ ᠭᠦᠢᠯᠭᠡᠭᠡᠨ ᠤ | ᠳᠡᠳ᠋ ᠭᠠᠴᠠᠭᠠᠨ ᠳᠠᠷᠤᠭ᠎ᠠ︾ ᠶᠢᠨ ᠲᠤᠰᠢᠶᠠᠯ ᠢ ᠡᠭᠦᠷᠭᠡᠯᠡᠵᠦ᠂ 91% ᠶᠢᠨ ᠬᠠᠷᠢᠴᠠᠯ ᠢ ᠡᠵᠡᠯᠡᠵᠦ᠂ ᠪᠠᠶᠠᠵᠢᠯ ᠤᠨ | ᠳᠠᠭᠠᠭᠤᠯᠤᠭᠴᠢ 63 ᠬᠥᠮᠥᠨ ᠪᠠᠶᠢᠵᠤ᠂ 7% ᠶᠢᠨ ᠬᠠᠷᠢᠴᠡᠯ ᠢ ᠡᠵᠡᠯᠡᠵᠦ᠂ ᠨᠤᠲᠤᠭ ᠲᠠᠭᠠᠨ ᠪᠤᠴᠠᠵᠤ ᠠᠳᠠᠯ | ᠦᠢᠯᠡᠰ ᠴᠤᠭᠴᠠᠯᠠᠵᠦ ᠪᠠᠶᠢᠭ᠎ᠠ ᠴᠢᠳᠠᠪᠤᠷᠢᠲᠠᠨ ︵ᠣᠶᠤᠲᠠᠨ︶ 17 ᠬᠥᠮᠥᠨ ᠪᠠᠶᠢᠵᠤ᠂ 2% ᠤᠨ ᠬᠠᠷᠢᠴᠠᠯ ᠢ | ᠡᠵᠡᠯᠡᠪᠠ᠃ | ᠣᠳᠣᠬᠠᠨ ᠳᠤ᠂ ᠡᠯ᠎ᠡ ᠭᠠᠵᠠᠷ ᠤᠨ ︽ᠮᠥᠩᠭᠦᠨ ᠭᠦᠢᠯᠭᠡᠭᠡᠨ ᠤ ᠳᠡᠳ᠋ ᠭᠠᠴᠠᠭᠠᠨ ᠳᠠᠷᠤᠭ᠎ᠠ︾ ᠨᠢ ᠪᠠᠩᠬᠢ᠂ | ᠳᠠᠭᠠᠳᠬᠠᠯ ᠵᠡᠷᠭᠡ ᠪᠠᠶᠢᠭᠤᠯᠤᠮᠵᠢ ᠶᠢ ᠬᠠᠪᠰᠤᠷᠤᠨ ᠨᠠᠷᠢᠯᠢᠭ ᠤᠨᠤᠴᠠᠲᠠᠢ ᠪᠠᠷ 3072 ᠬᠦᠮᠦᠨ ᠳᠤ ᠦᠢᠯᠡᠴᠢᠯᠡᠵᠦ᠂ | 3309 ᠮᠠᠯᠴᠢᠨ ᠲᠠᠷᠢᠶᠠᠴᠢᠨ ᠡᠷᠦᠬᠡ ᠳᠤ ᠢᠲᠡᠭᠡᠮᠵᠢ ᠣᠯᠭᠤᠵᠤ᠂ 5 ᠳ᠋ᠦᠩᠰᠢᠭᠤᠷ ᠭᠠᠷᠤᠢ ᠲᠥᠭᠦᠷᠢᠭ ᠤᠨ | ᠢᠲᠡᠭᠡᠮᠵᠢ ᠶᠢᠨ ᠵᠢᠭᠡᠯᠡᠯᠭᠡ ᠶᠢ ᠨᠠᠶᠢᠳᠠᠪᠤᠷᠢᠵᠢᠭᠤᠯᠪᠠ᠃ ︽︿ᠮᠥᠩᠭᠦᠨ ᠭᠦᠢᠯᠭᠡᠭᠡᠨ ᠤ ᠳᠡᠳ᠋ ᠭᠠᠴᠠᠭᠠᠨ ᠳᠠᠷᠤᠭ᠎ᠠ﹀ | ᠨᠢ ᠮᠥᠩᠭᠦᠨ ᠭᠦᠢᠯᠭᠡᠭᠡᠨ ᠤ ᠤᠬᠠᠭᠤᠯᠭ᠎ᠠ ᠬᠢᠬᠦ᠂ ᠬᠠᠮᠲᠤᠷᠠᠯᠴᠠᠭ᠎ᠠ ᠶᠢ ᠵᠤᠯᠭᠠᠭᠤᠯᠬᠤ ᠵᠡᠷᠭᠡ ᠪᠠᠷ ᠳᠠᠮᠵᠢᠭᠤᠯᠤᠨ᠂ | ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠮᠠᠯᠵᠢᠬᠤ ᠲᠠᠷᠢᠶᠠᠯᠠᠬᠤ ᠤᠷᠤᠨ ᠳᠤ ᠬᠦᠨᠵᠡᠬᠡᠶᠢᠷᠡᠬᠦᠯᠵᠦ᠂ ᠮᠥᠩᠭᠦᠨ | ᠭᠦᠢᠯᠭᠡᠭᠡᠨ ᠢᠶᠠᠷ ᠲᠠᠷᠢᠶᠠᠯᠠᠩ ᠢ ᠳᠡᠮᠵᠢᠬᠦ᠂ ᠮᠠᠯ ᠠᠵᠤ ᠠᠬᠤᠢ ᠶᠢ ᠲᠤᠰᠠᠯᠠᠬᠤ᠂ ᠠᠷᠠᠳ ᠲᠤ ᠠᠰᠢᠭ ᠬᠦᠷᠲᠡᠭᠡᠬᠦ ︿ | ᠡᠴᠦᠰ ᠤᠨ ᠨᠢᠭᠡ ᠺᠢᠯᠣᠮᠧᠲᠷ﹀ ᠢ ᠦᠨᠡᠨᠬᠦ ᠨᠡᠪᠲᠡᠷᠡᠭᠦᠯᠵᠠᠢ᠃ ᠲᠡᠷᠡ ᠨᠢ ᠮᠦᠨ ᠴᠤ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠵᠠᠰᠠᠭ ᠤᠨ ᠤᠷᠳᠤᠨ ᠪᠠ ᠮᠦᠩᠬᠦᠨ ᠬᠦᠢᠯᠭᠡᠭᠡᠨ ᠤ ᠪᠠᠶᠢᠭᠤᠯᠤᠮᠵᠢ ᠶᠢᠨ | ᠬᠠᠮᠵᠢᠯᠴᠠᠨ ᠦᠢᠯᠡᠴᠢᠯᠡᠬᠦ ᠵᠠᠭᠪᠤᠷ ᠢ ᠡᠭᠦᠳᠴᠦ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠰᠢᠯᠢᠳᠡᠭᠵᠢᠭᠦᠯᠦᠨ᠂ | ᠮᠥᠩᠭᠦᠨ ᠭᠦᠢᠯᠭᠡᠭᠡᠨ ᠢᠶᠠᠷ ᠬᠦ᠋ᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠢᠯᠡᠳᠦᠯ ᠴᠢᠳᠠᠪᠬᠢ ᠶᠢ | ᠬᠦᠢᠴᠡᠳ ᠪᠠᠳᠠᠷᠠᠭᠤᠯᠪᠠ︾ ᠭᠡᠵᠦ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠮᠠᠯᠵᠢᠬᠤ | ᠲᠠᠷᠢᠶᠠᠯᠠᠬᠤ ᠣᠷᠣᠨ ᠤ ᠨᠡᠶᠢᠭᠡᠮ ᠤᠨ ᠦᠢᠯᠡᠰ ᠤᠨ ᠬᠥᠭᠵᠢᠯᠲᠡ ᠶᠢᠨ ᠲᠥᠪ ᠤᠨ ᠳᠡᠳ᠋ ᠡᠷᠬᠢᠯᠡᠭᠴᠢ ᠳ᠋ᠠᠢ ᠾᠧ ᠮᠢᠨ | ᠶᠠᠷᠢᠪᠠ᠃ |