ᠵᠠᠩ ᠪᠠᠢ ᠴᠧᠩ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠢ ᠪᠠᠭᠠᠰᠬᠠᠬᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/6/15
     6 ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠪᠠᠢ ᠴᠧᠩ ᠰᠢᠯᠢ ᠶᠢᠨ ᠬᠤᠲᠠ᠂ ᠠᠪᠠᠭ᠎ᠠ ᠬᠤᠰᠢᠭᠤ᠂ ᠰᠥᠨᠢᠳ ᠵᠡᠭᠦᠨ ᠬᠤᠰᠢᠭᠤᠨ ᠳᠤ ᠬᠦᠷᠴᠦ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠢ ᠪᠠᠭᠠᠰᠬᠠᠬᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃      ᠵᠠᠩ ᠪᠠᠢ ᠴᠧᠩ ᠮᠠᠯᠵᠢᠬᠤ ᠡᠷᠦᠬᠡ᠂ ᠲᠡᠵᠢᠭᠡᠨ ᠦᠷᠡᠵᠢᠭᠦᠯᠬᠦ ᠬᠤᠷᠰᠢᠶᠠᠵᠢᠯ᠂ ᠡᠪᠡᠰᠦ ᠪᠣᠷᠳᠤᠭ᠎ᠠ ᠪᠤᠯᠪᠠᠰᠤᠷᠠᠭᠤᠯᠵᠦ ᠨᠥᠭᠡᠴᠡᠯᠡᠬᠦ ᠠᠵᠤ ᠠᠬᠤᠶᠢᠯᠠᠯ ᠳᠤ ᠭᠦᠨᠵᠡᠭᠡᠶᠢᠷᠡᠵᠦ᠂ ᠨᠤᠳᠤᠭ ᠪᠡᠯᠴᠢᠭᠡᠷ ᠤᠨ ᠭᠠᠩ ᠤᠨ ᠪᠠᠶᠢᠳᠠᠯ᠂ ᠬᠥᠮᠥᠨ ᠮᠠᠯ ᠤᠨ ᠤᠤᠭᠤᠬᠤ ᠤᠰᠤ᠂ ᠡᠪᠡᠰᠦ ᠪᠣᠷᠳᠤᠭ᠎ᠠ ᠪᠤᠯᠪᠠᠰᠤᠷᠠᠭᠤᠯᠵᠦ ᠨᠥᠭᠡᠴᠡᠯᠡᠬᠦ᠂ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠵᠡᠷᠭᠡ ᠪᠠᠶᠢᠳᠠᠯ ᠢ ᠪᠣᠳᠠᠲᠠᠢ ᠭᠠᠵᠠᠷ ᠲᠤᠨᠢ ᠣᠶᠢᠯᠠᠭᠠᠪᠠ᠃ᠵᠠᠩ ᠪᠠᠢ ᠴᠧᠩ ᠴᠢᠬᠤᠯᠠᠴᠢᠯᠠᠬᠤ ᠳᠠᠭᠠᠨ᠂ ᠡᠯ᠎ᠡ ᠭᠠᠵᠠᠷ ᠤᠷᠤᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠠ᠂ ᠬᠦᠴᠦᠲᠡᠢ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠢ ᠪᠠᠭᠠᠰᠬᠠᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠭᠠᠩ ᠬᠠᠭᠰᠠᠷᠠᠭᠠᠨ ᠤ ᠪᠠᠶᠢᠳᠠᠯ ᠤᠨ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠳᠤ ᠦᠵᠡᠭᠦᠯᠬᠦ ᠨᠥᠯᠥᠭᠡ ᠶᠢ ᠠᠯᠢ ᠴᠢᠳᠠᠬᠤ ᠪᠠᠷ ᠪᠠᠭᠠᠰᠬᠠᠬᠤ ᠬᠡᠷᠡᠭᠲᠡᠢ᠃ ᠶᠠᠳᠠᠭᠤ ᠠᠴᠠ ᠠᠩᠭᠢᠵᠢᠷᠠᠬᠰᠠᠨ ᠡᠷᠦᠬᠡ ᠪᠠ ᠬᠢᠨᠠᠨ ᠬᠡᠮᠵᠢᠯᠲᠠ ᠶᠢᠨ ᠡᠷᠦᠬᠡ ᠶᠢᠨ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠳᠡᠭᠡᠳᠦ ᠬᠡᠮᠵᠢᠶ᠎ᠡ ᠪᠠᠷ ᠠᠩᠬᠠᠷᠴᠤ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠤᠨ᠂ ᠭᠠᠮᠰᠢᠭ ᠠᠴᠠ ᠪᠣᠯᠵᠤ ᠶᠠᠳᠠᠭᠤᠷᠠᠬᠤ ᠪᠠ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠡᠷᠡᠭᠲᠡᠢ᠃ ᠲᠡᠵᠢᠭᠡᠯ ᠡᠪᠡᠰᠦ ᠶᠢ ᠪᠤᠯᠪᠠᠰᠤᠷᠠᠭᠤᠯᠵᠦ ᠨᠥᠭᠡᠴᠡᠯᠡᠬᠦ᠂ ᠬᠠᠩᠭᠠᠯᠭ᠎ᠠ ᠶᠢ ᠪᠠᠲᠤᠯᠠᠵᠤ ᠦᠨ᠎ᠡ ᠶᠢ ᠲᠣᠭᠲᠠᠪᠤᠷᠢᠵᠢᠭᠤᠯᠬᠤ ᠵᠡᠷᠭᠡ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠤᠯᠢᠮᠠᠭ ᠪᠤᠷᠳᠤᠭ᠎ᠠ ᠶᠢ ᠳᠡᠯᠭᠡᠷᠡᠭᠦᠯᠬᠦ ᠡᠷᠴᠢᠮ ᠢ ᠴᠢᠩᠭᠠᠷᠠᠭᠤᠯᠤᠨ᠂ ᠲᠡᠵᠢᠭᠡᠯ ᠡᠪᠡᠰᠦ ᠪᠣᠷᠳᠤᠭ᠎ᠠ ᠶᠢᠨ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠲᠡᠵᠢᠭᠡᠨ ᠦᠷᠡᠵᠢᠭᠦᠯᠬᠦ ᠥᠪᠡᠷ ᠤᠨ ᠦᠷᠳᠡᠭ ᠢ ᠴᠢᠨᠠᠭᠰᠢᠳᠠ ᠪᠠᠭᠤᠷᠠᠭᠤᠯᠤᠨ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠬᠦᠯᠬᠦ ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠭᠡᠰᠢᠭᠦᠨ ᠺᠠᠳ᠋ᠷ ᠪᠣᠯᠣᠨ ᠭᠠᠴᠠᠭᠠᠨ ᠤ ︽ᠬᠤᠶᠠᠷ ᠵᠥᠪᠯᠡᠯ︾ ᠨᠢ ᠬᠤᠰᠢᠭᠤᠴᠢ ᠵᠢᠱᠢᠶᠡᠴᠢ ᠪᠠ ︽ᠳᠠᠶᠢᠴᠢᠨ ᠪᠠᠬᠢᠯᠡᠯᠲᠡ︾ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠮᠠᠯᠴᠢᠨ ᠲᠠᠷᠢᠶᠠᠴᠢᠨ ᠢ ᠬᠥᠲᠥᠯᠥᠨ ᠵᠢᠯᠤᠭᠤᠳᠴᠤ ᠪᠠᠶᠢᠭᠠᠳ ᠦᠢᠯᠡᠳᠪᠦᠷᠢᠯᠡᠯ ᠡᠵᠡᠩᠨᠡᠯᠲᠡ ᠶᠢᠨ ᠠᠷᠭ᠎ᠠ ᠮᠠᠶ᠋ᠢᠭ ᠢ ᠨᠢ ᠬᠤᠪᠢᠷᠠᠭᠤᠯᠤᠨ᠂ ᠠᠵᠤ ᠠᠬᠤᠢ ᠶᠢᠨ ᠲᠠᠩᠰᠠ᠂ ᠬᠥᠭᠵᠢᠯᠲᠡ ᠶᠢᠨ ᠲᠠᠩᠰᠠ ᠶᠢ ᠰᠠᠶᠢᠲᠤᠷ ᠪᠤᠳᠤᠵᠤ᠂ ︽ᠴᠦᠬᠡᠨ ᠮᠠᠯᠵᠢᠵᠦ ᠨᠠᠷᠢᠯᠢᠭ ᠮᠠᠯᠵᠢᠬᠤ︾ ᠰᠢᠨᠵᠢᠯᠡᠬᠦ ᠤᠬᠠᠭᠠᠨᠴᠢᠯᠠᠭᠰᠠᠨ ᠲᠡᠵᠢᠭᠡᠨ ᠦᠷᠡᠵᠢᠭᠦᠯᠬᠦ ᠠᠷᠭ᠎ᠠ ᠵᠠᠮ ᠢ ᠴᠢᠷᠮᠠᠶᠢᠨ ᠨᠡᠭᠡᠭᠡᠬᠦ ᠬᠡᠷᠡᠭᠲᠡᠢ᠃ ᠬᠤᠯᠪᠣᠭᠳᠠᠯ ᠪᠦᠬᠦᠢ ᠲᠠᠯ᠎ᠠ ᠶᠢᠨ ᠬᠢᠨ ᠳᠦᠷᠦ ᠶᠢᠨ ᠪᠣᠳᠣᠯᠭ᠎ᠠ ᠶᠢᠨ ᠱᠠᠭᠠᠷᠳᠠᠯᠭ᠎ᠠ ᠶᠣᠰᠣᠭᠠᠷ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠡᠯ᠎ᠡ ᠳᠦᠷᠦᠯ ᠤᠨ ᠨᠥᠬᠦᠪᠦᠷᠢ ᠶᠢ ᠴᠠᠭ ᠲᠤᠬᠠᠢ ᠳᠤᠨᠢ ᠭᠦᠢᠴᠡᠳ ᠲᠤᠭ᠎ᠠ ᠪᠠᠷ ᠣᠯᠭᠤᠵᠤ᠂ ᠮᠠᠯᠴᠢᠨ ᠲᠠᠷᠢᠶᠠᠴᠢᠨ ᠢ ᠳᠡᠮᠵᠢᠬᠦ ᠡᠯ᠎ᠡ ᠳᠦᠷᠦᠯ ᠵᠦᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠡᠷᠡᠭᠵᠢᠭᠦᠯᠵᠦ᠂ ᠰᠠᠶᠢᠲᠤᠷ ᠬᠠᠮᠢᠶᠠᠷᠴᠤ᠂ ᠰᠠᠶᠢᠲᠤᠷ ᠡᠵᠡᠩᠨᠡᠬᠦ ᠬᠡᠷᠡᠭᠲᠡᠢ᠃ ᠪᠣᠷᠤᠯᠠᠭᠤᠯᠭ᠎ᠠ ᠶᠢᠨ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠯᠤᠭ᠎ᠠ ᠢᠳᠡᠪᠬᠢᠲᠡᠢ ᠪᠠᠷ ᠵᠣᠯᠭᠠᠭᠤᠯᠤᠨ᠂ ᠮᠠᠯᠴᠢᠨ ᠲᠠᠷᠢᠶᠠᠴᠢᠨ ᠤᠯᠠᠨ ᠲᠦᠮᠡᠨ ᠢ ᠦᠨᠡᠨ ᠬᠦ ᠬᠠᠪᠰᠤᠷᠤᠨ ᠪᠣᠷᠣᠯᠠᠭᠤᠯᠬᠤ ᠳᠤ ᠬᠦᠴᠢᠷᠲᠡᠢ ᠪᠠᠶᠢᠬᠤ ᠠᠰᠠᠭᠤᠳᠠᠯ ᠢ ᠨᠢ ᠰᠶᠢᠳᠪᠦᠷᠢᠯᠡᠵᠦ ᠥᠭᠬᠦ ᠬᠡᠷᠡᠭᠲᠡᠢ ᠭᠡᠵᠠᠢ᠃                                                         ᠣᠷᠴᠢᠭᠤᠯᠣᠭᠴᠢ᠄ ᠣᠶᠣᠩᠬᠤᠸᠠᠷ
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号