ᠵᠠᠩ ᠪᠠᠢ ᠴᠧᠩ ᠪᠠᠷᠠᠭᠤᠨ ᠦᠵᠦᠮᠦᠴᠢᠨ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/6/19
     6 ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠪᠠᠢ ᠴᠧᠩ ᠪᠠᠷᠠᠭᠤᠨ ᠦᠵᠦᠮᠦᠴᠢᠨ ᠬᠤᠰᠢᠭᠤᠨ ᠳᠤ ᠬᠦᠷᠴᠦ ᠠᠵᠤ ᠦᠢᠯᠡᠰ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠣᠯᠣᠨ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃      ᠵᠠᠩ ᠪᠠᠢ ᠴᠧᠩ ᠤᠷᠢᠳ ᠬᠤᠵᠢᠳ ᠦᠵᠦᠮᠦᠴᠢᠨ ᠠᠳᠤᠭᠤᠨ ᠤ ᠠᠵᠤ ᠦᠢᠯᠡᠰ ᠤᠨ ᠰᠠᠭᠤᠷᠢᠨ ᠪᠣᠯᠣᠨ ᠶᠤᠸᠠᠨ ᠹᠧᠩ ᠠᠵᠤ ᠦᠢᠯᠡᠰ ᠤᠨ ᠬᠢᠵᠠᠭᠠᠷᠲᠤ ᠺᠣᠮᠫᠠᠨᠢ ᠶᠢᠨ ᠵᠢᠯ ᠳᠤ 20 ᠲᠦᠮᠡᠨ ᠲᠣᠨ ᠬᠥᠩᠭᠡᠨ ᠴᠣᠬᠤᠶᠢᠳᠠᠭᠰᠠᠨ ᠵᠤᠭᠠᠩ ᠡᠯᠡᠰᠦᠨ ᠵᠢᠭᠤᠷᠠᠮᠠᠭ ᠦᠢᠯᠡᠳᠪᠦᠷᠢᠯᠡᠬᠦ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ᠂ ᠪᠠᠯᠭᠠᠷᠭᠤᠣᠯ ᠨᠢᠰᠬᠡᠯ ᠤᠨ ᠪᠠᠭᠤᠳᠠᠯ᠂ ᠪᠦᠦ ᠱᠦᠤᠤ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠳᠤ ᠬᠦᠷᠴᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠠᠵᠤ ᠠᠬᠤᠶᠢᠯᠠᠯ ᠤᠨ ᠡᠵᠡᠩᠨᠡᠯᠲᠡ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠠᠰᠢᠭᠯᠠᠯᠲᠠ᠂ ᠠᠶᠤᠯᠭᠦᠢ ᠦᠢᠯᠡᠳᠪᠦᠷᠢᠯᠡᠯ ᠵᠡᠷᠭᠡ ᠪᠠᠶᠢᠳᠠᠯ ᠢ ᠨᠠᠷᠢᠨ ᠣᠶᠢᠯᠠᠭᠠᠪᠠ᠃      ᠵᠠᠩ ᠪᠠᠢ ᠴᠧᠩ ᠴᠢᠬᠤᠯᠠᠴᠢᠯᠠᠬᠤ ᠳᠠᠭᠠᠨ᠂ ᠬᠤᠳᠠᠯᠳᠤᠭᠠᠴᠢᠯᠠᠭᠰᠠᠨ ᠡᠵᠡᠩᠨᠡᠯᠲᠡ  ᠶᠢᠨ ᠵᠠᠭᠪᠤᠷ  ᠢ ᠢᠳᠡᠪᠬᠢᠲᠡᠢ ᠰᠦᠪᠡᠭᠴᠢᠯᠡᠵᠦ᠂ ᠠᠳᠤᠭᠤ ᠦᠷᠡᠵᠢᠭᠦᠯᠤᠨ ᠪᠤᠶᠢᠵᠢᠭᠤᠯᠬᠤ᠂ ᠪᠦᠲᠦᠭᠡᠭᠳᠡᠬᠦᠨ ᠢ ᠰᠤᠳᠤᠯᠤᠨ ᠨᠡᠭᠡᠭᠡᠬᠦ᠂ ᠡᠵᠡᠩᠨᠡᠯᠲᠡ ᠶᠢᠨ ᠬᠡᠯᠪᠡᠷᠢ ᠪᠠᠶᠢᠳᠠᠯ ᠢ ᠣᠷᠣᠭᠤᠯᠬᠤ᠂ ᠰᠡᠯᠡᠬᠦᠴᠡᠯ ᠵᠢᠭᠤᠯᠴᠢᠯᠠᠯ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ︽ᠵᠢᠭᠠᠬᠠᠨ ᠬᠦᠯᠦᠭ︾  ᠤᠨ ᠨᠡᠷᠡᠲᠦ ᠲᠡᠮᠳᠡᠭ ᠢ ᠪᠤᠶᠢᠵᠢᠭᠤᠯᠬᠤ ᠡᠯ᠎ᠡ ᠵᠦᠢᠯ ᠤᠨ ᠡᠭᠦᠷᠭᠡ ᠶᠢ ᠪᠦᠬᠦ ᠬᠦᠴᠦᠨ ᠢᠶᠠᠷ ᠰᠠᠶᠢᠲᠤᠷ ᠠᠳᠬᠤᠠ᠂ ᠠᠳᠤᠭᠤᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠬᠥᠭᠵᠢᠯᠲᠡ ᠶᠢᠨ ᠪᠠᠶᠢᠷᠢ ᠲᠣᠭᠲᠠᠭᠠᠯᠲᠠ ᠪᠠᠨ ᠣᠨᠣᠪᠴᠢᠲᠠᠢ ᠣᠯᠵᠤ᠂ ᠠᠭᠠᠷ ᠤᠨ ᠠᠶᠠᠯᠠᠯ ᠤᠨ ᠺᠣᠮᠫᠠᠨᠢ᠂ ᠠᠵᠤ ᠠᠬᠤᠶᠢᠯᠠᠯ᠂ ᠰᠤᠷᠭᠠᠭᠤᠯᠢ ᠯᠤᠭ᠎ᠠ ᠶᠢᠨ ᠣᠯᠣᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠠ᠂ ᠬᠠᠮᠲᠤᠷᠠᠯᠴᠠᠭᠠᠨ ᠤ ᠠᠵᠢᠯ ᠶᠠᠪᠤᠳᠠᠯ ᠢ ᠲᠦᠷᠭᠡᠨ ᠨᠠᠶᠢᠳᠠᠪᠤᠷᠢᠵᠢᠭᠤᠯᠬᠤ ᠶᠢ ᠪᠠᠲᠤᠯᠠᠵᠤ᠂ ᠳᠤᠤᠷ᠎ᠠ ᠠᠭᠠᠷ ᠤᠨ ᠠᠵᠤ ᠠᠬᠤᠢ ᠶᠢᠨ ᠬᠥᠭᠵᠢᠯᠲᠡ ᠶᠢ ᠢᠳᠡᠪᠬᠢᠲᠡᠢ ᠠᠬᠢᠭᠤᠯᠬᠤ ᠬᠡᠷᠡᠭᠲᠡᠢ᠃ ᠠᠷᠠᠯᠵᠢᠶᠠᠴᠢᠨ ᠤᠷᠢᠵᠤ ᠪᠡᠯᠡ ᠲᠠᠲᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠂ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠲᠠ ᠦᠭᠡᠢ ᠤᠷᠲᠤᠳᠬᠠᠵᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠢ᠃ ᠴᠠᠭ ᠬᠤᠭᠤᠴᠠᠭᠠᠨ ᠤ ᠦᠵᠡᠯᠲᠡ᠂ ᠦᠷ᠎ᠡ ᠪᠦᠲᠦᠮᠵᠢ ᠶᠢᠨ ᠤᠬᠠᠮᠰᠠᠷ ᠢᠶᠠᠨ ᠴᠢᠩᠭᠠᠳᠬᠠᠵᠤ᠂ ᠠᠵᠤ ᠦᠢᠯᠡᠰ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠂ ᠡᠷᠲᠡᠬᠡᠨ ᠠᠰᠢᠭᠯᠠᠯᠲᠠ ᠳᠤ ᠣᠷᠣᠭᠤᠯᠵᠤ ᠦᠷ᠎ᠡ ᠪᠦᠲᠦᠮᠵᠢ ᠣᠯᠬᠤ ᠪᠠᠷ ᠴᠢᠷᠮᠠᠶᠢᠬᠤ ᠬᠡᠷᠡᠭᠲᠡᠢ᠃ ᠡᠯ᠎ᠡ ᠲᠠᠯ᠎ᠠ ᠶᠢᠨ ᠬᠢᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠥᠪᠴᠢ ᠶᠢ ᠴᠠᠭ ᠢᠮᠠᠭᠲᠠ ᠴᠢᠩᠭᠠᠷᠠᠭᠤᠯᠤᠨ᠂ ᠴᠠᠭ ᠢᠮᠠᠭᠲᠠ ᠰᠠᠨᠠᠭ᠎ᠠ ᠲᠠᠯᠪᠢᠬᠤ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠰᠠᠶᠢᠲᠤᠷ ᠠᠳᠬᠤᠵᠤ᠂ ᠡᠯ᠎ᠡ ᠲᠦᠷᠦᠯ ᠤᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ ᠭᠡᠵᠠᠢ᠃                                                        ᠣᠷᠴᠢᠭᠤᠯᠣᠭᠴᠢ᠄ ᠣᠶᠣᠩᠬᠤᠸᠠᠷ
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号