ᠠᠶᠢᠮᠠᠭ ᠤᠨ ᠵᠠᠬᠢᠷᠭ᠎ᠠ ᠪᠠᠶᠢᠩᠭᠤ ᠶᠢᠨ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠭᠤᠴᠢᠨ ᠳᠥᠷᠪᠡᠳᠦᠭᠡᠷ ᠬᠤᠭᠤᠴᠠᠭᠠᠨ ᠤ ᠲᠠᠯ᠎ᠠ ᠨᠤᠲᠤᠭ ᠤᠨ ᠨᠠᠭᠠᠳᠤᠮ ᠤᠨ ᠪᠡᠯᠡᠳᠬᠡᠯ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/2
     6 ᠰᠠᠷ᠎ᠠ ᠶᠢᠨ 1 ᠤ ᠡᠳᠦᠷ᠂ ᠠᠶᠢᠮᠠᠭ ᠤᠨ ᠵᠠᠬᠢᠷᠭ᠎ᠠ 2024 ᠣᠨ ᠤ ᠠᠷᠪᠠᠨ ᠵᠢᠷᠭᠤᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠭᠤᠴᠢᠨ ᠳᠥᠷᠪᠡᠳᠦᠭᠡᠷ ᠬᠤᠭᠤᠴᠠᠭᠠᠨ ᠤ ᠲᠠᠯ᠎ᠠ ᠨᠤᠲᠤᠭ ᠤᠨ ᠨᠠᠭᠠᠳᠤᠮ ᠤᠨ ᠪᠡᠯᠡᠳᠬᠡᠯ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠯᠥᠸᠧ ᠴᠢᠩ ᠬᠤᠷᠠᠯ ᠢ ᠡᠷᠭᠢᠯᠡᠵᠠᠢ᠃      ᠬᠤᠷᠠᠯ ᠠᠴᠠ ᠴᠢᠬᠤᠯᠠᠴᠢᠯᠠᠬᠤ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠵᠢᠭᠤᠯᠴᠢᠯᠠᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠪᠣᠯᠣᠨ ᠠᠶᠢᠮᠠᠭ ᠤᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠬᠠᠷᠢᠭᠤᠴᠠᠯᠭᠠᠲᠤ ᠰᠡᠳᠬᠢᠯᠭᠡ ᠪᠤᠯᠤᠨ ᠲᠤᠯᠭᠠᠮ ᠰᠡᠳᠬᠢᠯᠭᠡ ᠪᠠᠨ ᠦᠨᠡᠨ ᠬᠦ ᠴᠢᠩᠭᠠᠳᠬᠠᠵᠦ᠂ ᠥᠩᠭᠡᠷᠡᠭᠰᠡᠨ ᠤ ᠲᠤᠷᠰᠢᠯᠭ᠎ᠠ ᠪᠠᠨ ᠨᠠᠷᠢᠨ ᠬᠢᠨᠠᠮᠠᠭᠠᠢ ᠳ᠋ᠦᠩᠨᠡᠵᠦ᠂ ᠨᠠᠷᠢᠨ ᠨᠢᠮᠪᠠᠢ ᠲᠣᠬᠢᠷᠠᠭᠤᠯᠤᠨ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠵᠣᠬᠢᠴᠠᠭᠤᠯᠤᠨ ᠬᠠᠮᠵᠢᠯᠴᠠᠵᠤ᠂ ᠡᠯ᠎ᠡ ᠵᠦᠢᠯ ᠤᠨ ᠪᠡᠯᠡᠳᠬᠡᠯ ᠠᠵᠢᠯ ᠢ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠢ᠂ ᠥᠨᠳᠥᠷ ᠦᠷ᠎ᠡ ᠪᠦᠲᠦᠮᠵᠢ ᠲᠠᠢ ᠰᠠᠶᠢᠲᠤᠷ ᠬᠢᠵᠦ᠂ ᠨᠠᠭᠠᠳᠤᠮ ᠢ ᠥᠪᠡᠷᠮᠢᠴᠡ ᠣᠨᠴᠠᠯᠢᠭ ᠲᠠᠢ᠂ ᠬᠢᠷᠢ ᠲᠦᠪᠰᠢᠨ ᠲᠠᠢ᠂ ᠦᠷ᠎ᠡ ᠪᠦᠲᠦᠮᠵᠢ ᠲᠠᠢ ᠡᠷᠬᠢᠯᠡᠬᠦ ᠶᠢ ᠦᠨᠡᠨ ᠬᠦ ᠪᠠᠲᠤᠯᠠᠠ᠂ ᠪᠥᠬᠦ ᠤᠯᠤᠰ ᠲᠤ ᠠᠯᠳᠠᠷᠲᠠᠢ ᠲᠠᠯ᠎ᠠ ᠨᠤᠲᠤᠭ ᠤᠨ ᠨᠠᠭᠠᠳᠤᠮ ᠤᠨ ᠨᠠᠷᠠᠲᠤ ᠲᠡᠮᠳᠡᠭ ᠢ ᠡᠭᠦᠳᠬᠦ ᠬᠡᠷᠡᠭᠲᠠᠢ ᠭᠡᠵᠠᠢ᠃      ᠬᠤᠷᠠᠯ ᠠᠴᠠ ᠪᠠᠰᠠ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡ ᠶᠢᠨ ᠵᠦᠢᠯ ᠤᠨ ᠬᠠᠭᠤᠴᠢᠨ   ᠢᠶᠠᠷ ᠰᠢᠨ᠎ᠡ ᠶᠢ ᠰᠣᠯᠢᠬᠤ᠂ ᠠᠷᠠᠯᠵᠢᠶᠠᠴᠢᠨ ᠤᠷᠢᠵᠤ ᠪᠡᠯᠡ ᠲᠠᠲᠠᠬᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠵᠠᠰᠠᠯᠲᠠ ᠵᠡᠷᠭᠡ ᠵᠦᠢᠯᠡᠰ ᠢ ᠰᠤᠳᠤᠯᠵᠠᠢ᠃                                                     ᠣᠷᠴᠢᠭᠤᠯᠣᠭᠴᠢ᠄ ᠣᠶᠣᠩᠬᠤᠸᠠᠷ
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号