ᠯᠥᠸᠧ ᠴᠢᠩ ᠡᠷᠢᠶᠡᠨ ᠬᠤᠳᠠ ᠳᠤ ᠭᠤᠤᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠵᠦ ᠵᠢᠭᠠᠨ ᠵᠢᠯᠤᠭᠤᠳᠪᠠ
ᠨᠡᠶᠢᠲᠡᠯᠡᠭᠰᠡᠨ ᠴᠠᠭ᠄
2024/6/25
     6 ᠰᠠᠷ᠎ᠠ ᠶᠢᠨ 24 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠲᠡᠳ᠋ ᠱᠦᠵᠢ᠂ ᠠᠶᠢᠮᠠᠭ ᠤᠨ ᠲᠠᠷᠤᠭ᠎ᠠ  ᠯᠥᠸᠧ ᠴᠢᠩ ᠡᠷᠢᠶᠡᠨ ᠬᠤᠳᠠ ᠳᠤ ᠲᠤᠮᠳᠠᠳᠦ ᠮᠤᠩᠭᠤᠯ ᠤᠨ ᠠᠵᠦ ᠠᠬᠤᠢ ᠶᠢᠨ ᠬᠠᠮᠳᠤᠷᠠᠯᠴᠠᠭᠠᠨ ᠤ ᠤᠷᠤᠨ ᠤ ᠪᠦᠳᠦᠭᠡᠨ ᠪᠠᠶᠢᠭᠤᠯᠤᠯᠳᠠ᠂ ᠬᠢᠯᠢ ᠶᠢᠨ ᠵᠠᠬ᠎ᠠ ᠲᠡᠯᠭᠡᠭᠦᠷ ᠤᠨ ᠠᠷᠠᠯᠵᠢᠶᠠᠨ ᠤ ᠡᠷᠭᠢᠯᠳᠡ᠂ ᠭᠠᠨᠭ᠌ ᠬᠠᠭᠰᠠᠷᠠᠭᠠᠨ ᠲᠠᠢ ᠲᠡᠮᠡᠴᠡᠵᠦ ᠭᠠᠮᠰᠢᠭ ᠠᠴᠠ ᠠᠪᠤᠷᠠᠬᠤ᠂ ᠠᠵᠦ ᠦᠢᠯᠡᠳᠪᠦᠷᠢ ᠶᠢᠨ ᠠᠵᠦ ᠠᠬᠤᠢ ᠵᠡᠷᠭᠡ ᠭᠤᠤᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠪᠡ᠃      ᠲᠤᠮᠳᠠᠳᠦ ᠮᠤᠩᠭᠤᠯ ᠤᠨ ᠠᠵᠦ ᠠᠬᠤᠢ ᠶᠢᠨ ᠬᠠᠮᠳᠤᠷᠠᠯᠴᠠᠭᠠᠨ ᠤ ᠤᠷᠤᠨ ᠪᠤᠯᠤᠨ ᠬᠢᠯᠢ ᠶᠢᠨ ᠵᠠᠬ᠎ᠠ ᠲᠡᠯᠭᠡᠭᠦᠷ ᠤᠨ ᠠᠷᠠᠯᠵᠢᠶᠠᠨ ᠤ ᠤᠷᠤᠨ ᠳᠤ᠂ ᠯᠥᠸᠧ ᠴᠢᠩ ᠪᠤᠭᠤᠮᠳᠠ ᠶᠢᠨ ᠰᠠᠭᠤᠷᠢ ᠲᠦᠭᠦᠭᠡᠷᠦᠮᠵᠢ ᠶᠢᠨ ᠪᠦᠳᠦᠭᠡᠨ ᠪᠠᠶᠢᠭᠤᠯᠤᠯᠳᠠ᠂ ᠭᠠᠳᠠᠭᠠᠳᠦ ᠠᠷᠠᠯᠵᠢᠶᠠᠨ ᠤ ᠭᠠᠳᠠᠭᠠᠳᠦ ᠠᠴᠠ ᠤᠷᠤᠭᠤᠯᠵᠦ ᠭᠠᠳᠠᠭᠠᠳᠦ ᠳᠤ ᠭᠠᠷᠭᠠᠭᠰᠠᠨ ᠪᠠᠶᠢᠳᠠᠯ ᠢ ᠨᠠᠷᠢᠨ ᠤᠶᠢᠯᠠᠭᠠᠵᠦ᠂ ᠪᠤᠭᠤᠮᠳᠠ ᠶᠢᠨ ᠭᠦᠭᠵᠢᠯᠳᠡ ᠶᠢᠨ ᠲᠦᠯᠦᠪᠵᠢᠭᠦᠯᠭᠡ᠂ ᠲᠡᠭᠡᠳᠦ ᠱᠠᠳᠤᠨ ᠤ ᠲᠡᠮᠵᠢᠯᠭᠡ ᠶᠢ ᠡᠷᠡᠮᠡᠯᠵᠡᠨ ᠤᠯᠬᠤ ᠵᠡᠷᠭᠡ ᠠᠵᠢᠯ ᠢ ᠪᠦᠭᠦ ᠭᠦᠴᠦᠨ ᠢᠶᠠᠷ ᠰᠠᠶᠢᠳᠦᠷ ᠬᠢᠵᠦ᠂ ᠴᠢᠩᠭ᠎ᠠ ᠠᠳᠬᠤᠨ ᠪᠤᠳᠠᠳᠠᠢ ᠠᠵᠢᠯᠯᠠᠵᠦ ᠲᠤᠯᠠᠭᠠᠯᠠᠭ᠎ᠠ᠂ ᠲᠤᠤᠷ ᠵᠡᠷᠭᠡ ᠰᠠᠭᠤᠷᠢ ᠲᠦᠭᠦᠭᠡᠷᠦᠮᠵᠢ ᠶᠢᠨ  ᠢᠨᠵᠧᠨᠧᠷᠢᠩ ᠢ ᠠᠬᠢᠭᠤᠯᠤᠨ᠂ ᠡᠨᠡ ᠵᠢᠯ ᠤᠨ ᠲᠤᠮᠳᠠᠳᠦ ᠮᠤᠩᠭᠤᠯ ᠤᠨ ᠠᠵᠦ ᠠᠬᠤᠢ ᠶᠢᠨ ᠬᠠᠮᠳᠤᠷᠠᠯᠴᠠᠭᠠᠨ ᠤ ᠤᠷᠤᠨ ᠤ ᠪᠦᠳᠦᠭᠡᠨ ᠪᠠᠶᠢᠭᠤᠯᠤᠯᠳᠠ ᠪᠡᠯᠭᠡ ᠲᠡᠮᠳᠡᠭ ᠤᠨ ᠴᠢᠨᠠᠷᠳᠠᠢ ᠠᠬᠢᠴᠠ ᠲᠠᠢ ᠪᠤᠯᠬᠤ ᠶᠢ ᠪᠠᠳᠤᠯᠠᠬᠤ ᠭᠡᠷᠡᠭᠳᠡᠢ᠃ ᠪᠤᠭᠤᠮᠳᠠ ᠪᠤᠯᠤᠨ ᠪᠤᠬᠢᠷᠳᠦᠯ ᠦᠭᠡᠢ ᠴᠠᠬᠢᠯᠭᠠᠨ ᠤ ᠲᠠᠪᠠᠭᠤᠯᠢᠭ ᠲᠤ ᠲᠦᠰᠢᠭᠯᠡᠨ᠂ ᠲᠡᠮᠦᠷ ᠤᠨ ᠭᠦᠳᠡᠷ᠂ ᠵᠡᠰ ᠤᠨ ᠠᠭᠤᠷᠬᠠᠢ ᠶᠢᠨ ᠨᠤᠨᠳᠠᠭ᠂ ᠨᠡᠭᠦᠷᠡᠰᠦ ᠵᠡᠷᠭᠡ ᠲᠠᠸᠠᠷ ᠢ ᠭᠠᠳᠠᠭᠠᠳᠦ ᠠᠴᠠ ᠤᠷᠤᠭᠤᠯᠬᠤ ᠶᠢ ᠲᠤᠬᠳᠠᠭᠤᠨ ᠦᠷᠭᠡᠳᠭᠡᠭᠦ ᠶᠢᠨ ᠬᠠᠮᠳᠦ ᠨᠢᠭᠡ ᠪᠦᠯᠦᠭ ᠰᠠᠭᠤᠷᠢᠰᠢᠭᠤᠯᠤᠨ ᠨᠤᠳᠤᠭᠰᠢᠭᠤᠯᠬᠤ ᠡᠳ᠋ᠰᠢᠭᠦᠯᠦᠨ ᠪᠤᠯᠪᠠᠰᠤᠷᠠᠭᠤᠯᠬᠤ ᠲᠦᠷᠦᠯ ᠵᠦᠢᠯ ᠢ ᠲᠠᠳᠠᠨ ᠤᠷᠤᠭᠤᠯᠵᠦ᠂ ᠪᠤᠭᠤᠮᠳᠠ ᠶᠢᠨ ᠡᠳ᠋ᠰᠢᠭᠦᠯᠦᠨ ᠪᠤᠯᠪᠠᠰᠤᠷᠠᠭᠤᠯᠬᠤ ᠦᠢᠯᠡᠰ ᠢᠶᠠᠷ ᠠᠵᠦ ᠦᠢᠯᠡᠳᠪᠦᠷᠢ ᠶᠢᠨ ᠠᠵᠦ ᠠᠬᠤᠢ ᠶᠢᠨ ᠭᠦᠭᠵᠢᠯᠳᠡ ᠶᠢ ᠲᠠᠶᠢᠴᠢᠯᠠᠵᠦ᠂ ᠨᠡᠪᠳᠡᠷᠡᠭᠦ ᠵᠠᠮ ᠤᠨ ᠲᠠᠪᠠᠭᠤᠯᠢᠭ ᠢᠶᠠᠨ ᠠᠵᠦ ᠦᠢᠯᠡᠰ ᠤᠨ ᠲᠠᠪᠠᠭᠤᠯᠢᠭ ᠪᠤᠯᠭᠠᠨ ᠬᠤᠪᠢᠷᠠᠭᠤᠯᠬᠤ ᠪᠠᠷ ᠴᠢᠷᠮᠠᠶᠢᠬᠤ ᠭᠡᠷᠡᠭᠳᠡᠢ ᠭᠡᠵᠦ ᠴᠢᠬᠤᠯᠠᠴᠢᠯᠠᠪᠠ᠃      ᠵᠠᠰᠠᠮᠠᠯ ᠵᠠᠮ ᠤᠨ ᠪᠤᠭᠤᠮᠳᠠ ᠶᠢᠨ ᠠᠶᠠᠨᠴᠢᠳ ᠤᠨ ᠪᠠᠶᠢᠴᠠᠭᠠᠯᠳᠠ ᠶᠢᠨ ᠵᠠᠮ ᠲᠡᠭᠡᠷ᠎ᠠ᠂ ᠯᠥᠸᠧ ᠴᠢᠩ 8 ᠭᠦᠮᠦᠨ ᠠᠴᠠ ᠲᠤᠷᠤᠭᠰᠢᠭᠢ ᠰᠠᠭᠤᠳᠠᠯ ᠲᠠᠢ ᠮᠠᠰᠢᠨ ᠲᠡᠷᠭᠡᠨ ᠤ ᠠᠶᠠᠨ ᠤ ᠪᠠᠶᠢᠳᠠᠯ ᠢ ᠨᠠᠷᠢᠨ ᠤᠶᠢᠯᠠᠭᠠᠵᠦ᠂ ᠲᠡᠷᠭᠡ ᠤᠨᠤᠭ᠎ᠠ ᠶᠢ ᠨᠡᠪᠳᠡᠷᠡᠭᠦᠯᠭᠦ ᠦᠢᠯᠡᠴᠢᠯᠡᠭᠡ ᠪᠠᠳᠤᠯᠠᠭ᠎ᠠ ᠶᠢᠨ ᠠᠵᠢᠯ ᠢ ᠰᠠᠶᠢᠳᠦᠷ ᠬᠢᠭᠦ ᠶᠢᠨ ᠬᠠᠮᠳᠦ ᠡᠭᠦᠨ ᠢᠶᠠᠷ ᠠᠵᠠ ᠲᠤᠬᠢᠶᠠᠯ ᠪᠤᠯᠭᠠᠵᠦ᠂ ᠮᠠᠨ ᠤ ᠠᠶᠢᠮᠠᠭ ᠪᠤᠯᠤᠨ ᠮᠤᠩᠭᠤᠯ ᠤᠯᠤᠰ ᠤᠨ ᠭᠦᠷᠰᠢ ᠵᠡᠷᠭᠡᠯᠡᠳᠡᠭᠡ ᠭᠠᠵᠠᠷ ᠤᠷᠤᠨ ᠤ ᠰᠤᠶᠤᠯ ᠢᠷᠭᠡᠨᠰᠢᠯ ᠤᠨ ᠰᠤᠯᠢᠯᠴᠠᠭ᠎ᠠ᠂ ᠠᠵᠦ ᠠᠬᠤᠢ ᠠᠷᠠᠯᠵᠢᠶᠠᠨ ᠤ ᠪᠡᠯᠡ ᠤᠷᠤᠭᠤᠯᠤᠯᠳᠠ᠂ ᠬᠢᠯᠢ ᠠᠯᠤᠰᠯᠠᠬᠰᠠᠨ ᠵᠢᠭᠤᠯᠴᠢᠯᠠᠯ ᠵᠡᠷᠭᠡ ᠡᠯ᠎ᠠ ᠭᠦᠷᠢᠶᠡᠨ ᠳᠠᠬᠢ ᠭᠦᠨᠵᠡᠭᠡᠢ ᠬᠠᠮᠳᠤᠷᠠᠯᠴᠠᠭ᠎ᠠ ᠶᠢ ᠠᠬᠢᠭᠤᠯᠵᠦ᠂ ᠬᠠᠷᠢᠯᠴᠠᠨ ᠠᠰᠢᠭ ᠭᠦᠷᠳᠡᠭᠦ ᠶᠢ ᠪᠡᠶᠡᠯᠡᠭᠦᠯᠭᠦ ᠭᠡᠷᠡᠭᠳᠠᠢ ᠭᠡᠵᠦ ᠴᠢᠬᠤᠯᠠᠴᠢᠯᠠᠪᠠ᠃          ᠯᠥᠸᠧ ᠴᠢᠩ ᠪᠠᠰᠠ ᠠᠬᠤᠢ ᠲᠠᠯᠠᠪᠠᠢ ᠳᠤ ᠭᠠᠨᠭ᠌ ᠬᠠᠭᠰᠠᠷᠠᠭᠠᠨ ᠲᠠᠢ ᠲᠡᠮᠡᠴᠡᠵᠦ ᠭᠠᠮᠰᠢᠭ ᠠᠴᠠ ᠠᠪᠤᠷᠠᠬᠤ ᠠᠵᠢᠯ ᠢ ᠲᠤᠬᠢᠷᠠᠭᠤᠯᠵᠦ᠂ ᠡᠪᠡᠰᠦ ᠪᠤᠷᠳᠤᠭ᠎ᠠ ᠶᠢ ᠨᠦᠭᠡᠴᠡᠯᠡᠨ ᠵᠦᠭᠡᠭᠡᠪᠦᠷᠢᠯᠡᠭᠦ᠂ ᠭᠦᠮᠦᠨ ᠮᠠᠯ ᠤᠨ ᠤᠰᠤ ᠤᠮᠳᠠ ᠶᠢᠨ ᠠᠮᠦᠷ ᠲᠦᠪᠰᠢᠨ᠂ ᠮᠦᠡᠭᠭᠦᠨ ᠭᠦᠢᠯᠭᠡᠭᠡ ᠲᠠᠭᠠᠳᠬᠠᠯ ᠤᠨ ᠲᠡᠮᠵᠢᠯᠭᠡ᠂ ᠮᠠᠯ ᠤᠨᠤᠭ᠎ᠠ ᠵᠠᠷᠤᠴᠠᠭᠤᠯᠬᠤ ᠪᠤᠷᠤᠯᠠᠭᠤᠯᠭ᠎ᠠ ᠶᠢᠨ ᠵᠠᠮ ᠢ ᠦᠷᠭᠡᠳᠭᠡᠭᠦ ᠵᠡᠷᠭᠡ ᠠᠵᠢᠯ ᠢ ᠯᠠᠪᠳᠠᠭᠤᠨ ᠪᠠᠳᠤᠳᠠᠢ ᠰᠠᠶᠢᠳᠦᠷ ᠬᠢᠵᠦ᠂ ᠤᠷᠤᠨ ᠨᠤᠳᠤᠭ ᠤᠨ ᠪᠠᠶᠢᠳᠠᠯ ᠳᠠᠭᠠᠨ ᠲᠤᠬᠢᠷᠠᠭᠤᠯᠤᠨ ᠭᠠᠮᠰᠢᠭ ᠢ ᠲᠤᠭᠤᠯᠬᠤ ᠭᠡᠯᠪᠡᠷᠢ ᠶᠢᠨ ᠮᠠᠯ ᠠᠵᠦ ᠠᠬᠤᠢ ᠶᠢ ᠭᠦᠭᠵᠢᠭᠦᠯᠵᠦ᠂ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠡᠵᠡᠩᠨᠡᠯᠳᠡ ᠶᠢᠨ ᠭᠡᠯᠪᠡᠷᠢ ᠪᠠᠨ ᠬᠤᠪᠢᠷᠠᠭᠤᠯᠬᠤ ᠶᠢ ᠭᠦᠳᠦᠯᠦᠨ ᠵᠢᠯᠤᠭᠤᠳᠴᠦ᠂ ᠭᠠᠨᠭ᠌ ᠤᠨ ᠪᠠᠶᠢᠳᠠᠯ ᠠᠴᠠ ᠤᠯᠠᠨ ᠲᠦᠮᠡᠨ ᠤ ᠦᠢᠯᠡᠳᠪᠦᠷᠢᠯᠡᠯ ᠠᠮᠢᠳᠦᠷᠠᠯ ᠳᠤ ᠦᠵᠡᠭᠦᠯᠭᠦ ᠨᠦᠯᠦᠭᠡ ᠶᠢ ᠬᠠᠮᠤᠭ ᠤᠨ ᠶᠡᠭᠡ ᠭᠦᠴᠦᠨ ᠢᠶᠠᠷ ᠪᠠᠭᠠᠰᠬᠠᠬᠤ ᠭᠡᠷᠡᠭᠳᠡᠢ ᠭᠡᠵᠦ ᠴᠢᠬᠤᠯᠠᠴᠢᠯᠠᠪᠠ᠃      ᠡᠷᠢᠶᠡᠨ ᠬᠤᠳᠠ ᠶᠢᠨ ᠬᠤᠯᠪᠤᠬᠳᠠᠯ ᠪᠦᠭᠦᠢ ᠤᠳᠤᠷᠢᠳᠬᠤ ᠨᠦᠭᠦᠳ ᠪᠠᠶᠢᠴᠠᠭᠠᠨ ᠰᠤᠳᠤᠯᠤᠯᠳᠠ ᠳᠤ ᠤᠷᠤᠯᠴᠠᠪᠠ᠃                                                      ᠣᠷᠴᠢᠭᠤᠯᠣᠭᠴᠢ᠄ ᠣᠶᠣᠩᠬᠤᠸᠠᠷ
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号