ᠸᠠᠩ ᠯᠢ ᠰᠢᠶᠠ ᠰᠢᠯᠢ ᠶᠢᠨ ᠭᠤᠣᠯ ᠠᠶᠢᠮᠠᠭ ᠲᠤ ᠪᠠᠶᠢᠴᠠᠭᠠᠨ ᠰᠤᠳᠤᠯᠪᠡ
ᠨᠡᠶᠢᠲᠡᠯᠡᠭᠰᠡᠨ ᠴᠠᠭ᠄
2024/6/26
     6 ᠰᠠᠷ᠎ᠠ ᠶᠢᠨ 24 ᠠᠴᠠ 25 ᠤ ᠡᠳᠦᠷ ᠪᠣᠯᠲᠠᠯ᠎ᠠ ᠸᠠᠩ ᠯᠢ ᠰᠢᠶᠠ ᠰᠢᠯᠢ ᠶᠢᠨ ᠭᠤᠣᠯ ᠠᠶᠢᠮᠠᠭ ᠲᠤ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠠᠴᠠ ᠠᠪᠤᠷᠠᠬᠤ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ ᠠᠵᠤ ᠦᠢᠯᠡᠰ ᠤᠨ ᠬᠥᠭᠵᠢᠯᠲᠡ ᠵᠡᠷᠭᠡ ᠪᠠᠶᠢᠳᠠᠯ ᠢ ᠪᠠᠶᠢᠴᠠᠭᠠᠨ ᠰᠤᠳᠤᠯᠪᠠ᠃      ᠸᠠᠩ ᠯᠢ ᠰᠢᠶᠠ ᠰᠥᠨᠢᠳ ᠵᠡᠭᠦᠨ ᠬᠤᠰᠢᠭᠤᠨ ᠤ ᠴᠠᠭᠠᠨ ᠣᠪᠣᠭ᠎ᠠ ᠪᠠᠯᠭᠠᠰᠤᠨ ᠳᠤ ᠬᠦᠷᠴᠦ ᠲᠤᠬᠠᠶ ᠶᠢᠨ ᠲᠠᠯᠠᠪᠠᠶ ᠳᠤ ᠠᠯᠪᠠᠯᠠᠵᠤ᠂ ᠲᠠᠯ᠎ᠠ ᠨᠤᠲᠤᠭ ᠲᠤ ᠭᠦᠨᠵᠡᠭᠡᠶᠢᠷᠡᠵᠦ ᠮᠠᠯᠴᠢᠨ ᠡᠷᠦᠬᠡ ᠲᠠᠢ ᠬᠠᠮᠲᠤ ᠭᠠᠩᠳᠠᠭᠰᠠᠨ ᠪᠠᠶᠢᠳᠠᠯ ᠢ ᠪᠠᠶᠢᠴᠠᠭᠠᠨ ᠦᠵᠡᠵᠦ᠂ ᠲᠣᠭᠲᠠᠴᠠ ᠶᠢᠨ ᠲᠠᠯ᠎ᠠ ᠠᠴᠠ ᠠᠷᠭ᠎ᠠ ᠪᠤᠳᠤᠵᠤ᠂ ᠭᠠᠩ ᠤᠨ ᠪᠠᠶᠢᠳᠠᠯ ᠤᠨ ᠬᠦᠨᠳᠦ ᠬᠥᠩᠭᠡᠨ ᠢ ᠢᠯᠭᠠᠵᠤ ᠪᠠᠶᠢᠭᠠᠳ ᠴᠢᠭᠯᠡᠬᠦᠯᠥᠯᠳᠥ ᠴᠢᠨᠠᠷᠲᠠᠶ ᠪᠠᠷ ᠭᠠᠩ ᠬᠠᠭᠰᠠᠷᠠᠭᠠᠨ ᠲᠠᠢ ᠲᠡᠮᠡᠴᠡᠬᠦ ᠠᠷᠭ᠎ᠠ ᠬᠡᠮᠵᠢᠶ᠎ᠡ ᠲᠣᠭᠲᠠᠭᠠᠬᠤ ᠬᠡᠷᠡᠭᠲᠡᠶ᠃ ᠪᠦᠬᠦ ᠣᠷᠣᠨ ᠢᠶᠠᠷ ᠢᠶᠠᠨ ᠡᠪᠡᠰᠦ ᠪᠣᠷᠳᠤᠭ᠎ᠠ ᠶᠢ ᠨᠢᠭᠡᠳᠦᠯᠲᠡᠶ ᠲᠥᠯᠥᠪᠵᠢᠬᠦᠯᠦᠨ ᠲᠣᠬᠢᠷᠠᠭᠤᠯᠵᠤ᠂ ᠪᠤᠷᠤᠯᠠᠭᠤᠯᠭ᠎ᠠ ᠶᠢᠨ ᠳᠤᠮᠳᠠᠬᠢ ᠭᠤᠭᠴᠤᠭ᠎ᠠ ᠶᠢ ᠪᠠᠭᠠᠰᠬᠠᠨ᠂ ᠮᠠᠯᠴᠢᠳ ᠢ ᠶᠠᠭᠠᠬᠢᠭᠰᠠᠨ ᠴᠤ ᠥᠨᠳᠥᠷ ᠦᠨ᠎ᠡ ᠪᠠᠷ ᠡᠪᠡᠰᠦ ᠪᠣᠷᠳᠤᠭ᠎ᠠ ᠬᠤᠳᠠᠯᠳᠤᠨ ᠠᠪᠤᠭᠤᠯᠬᠤ ᠦᠭᠡᠶ ᠪᠠᠶᠢᠵᠤ᠂ ᠠᠷᠭ᠎ᠠ ᠪᠦᠬᠦᠨ ᠢ ᠰᠦᠪᠡᠭᠴᠢᠯᠡᠵᠦ ᠮᠠᠯᠴᠢᠨ ᠲᠠᠷᠢᠶᠠᠴᠢᠳ ᠢ ᠬᠠᠪᠰᠤᠷᠤᠨ ᠬᠦᠴᠢᠷ ᠢ ᠲᠤᠭᠤᠯᠤᠭᠤᠯᠬᠤ ᠬᠡᠷᠡᠭᠲᠡᠶ ᠭᠡᠵᠦ ᠱᠠᠭᠠᠷᠳᠠᠪᠠ᠃ ᠲᠡᠷᠡ ᠤᠦ ᠯᠦᠨ ᠮᠠᠯ ᠠᠵᠤ ᠠᠬᠤᠶ ᠶᠢᠨ ᠺᠣᠮᠫᠠᠨᠢ ᠶᠢᠨ ᠮᠢᠬᠠᠨ ᠤ ᠦᠬᠡᠷ ᠢ ᠨᠠᠶᠢᠳᠠᠨ ᠬᠠᠮᠢᠶᠠᠷᠴᠤ ᠣᠷᠣᠯᠠᠨ ᠲᠡᠵᠢᠭᠡᠵᠤ ᠪᠠᠶᠢᠭ᠎ᠠ ᠵᠠᠭᠪᠤᠷ ᠢ ᠨᠤᠲᠠᠯᠠᠵᠤ᠂ ᠢᠳᠡᠪᠬᠢᠲᠡᠶ ᠪᠠᠷ ᠳᠡᠯᠭᠡᠷᠡᠭᠦᠯᠵᠦ᠂ ᠦᠨ᠎ᠡ ᠬᠠᠩᠰᠢ ᠮᠠᠭᠤ ᠦᠶ᠎ᠡ ᠳᠤ ᠠᠶᠤᠯ ᠲᠦᠭᠰᠢᠭᠦᠷᠢ ᠶᠢ ᠠᠷᠭᠠᠴᠠᠭᠠᠬᠤ ᠴᠢᠳᠠᠪᠤᠷᠢ ᠪᠠᠷ ᠳᠤᠤᠷ᠎ᠠ ᠬᠥᠮᠦᠰ ᠤᠨ ᠣᠷᠣᠯᠭ᠎ᠠ ᠪᠠᠭᠤᠷᠠᠬᠤ ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠵᠣᠷᠢᠭᠵᠢᠭᠤᠯᠪᠠ᠃      ᠸᠠᠩ ᠯᠢ ᠰᠢᠶᠠ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠵᠠᠰᠠᠬᠤ ᠲᠤᠬᠠᠢ ᠶᠢᠨ ᠲᠠᠯᠠᠪᠠᠢ ᠳᠤ ᠬᠦᠷᠴᠦ ᠡᠯᠡᠰᠦ ᠶᠢ ᠵᠠᠰᠠᠵᠤ ᠪᠠᠶᠢᠭᠰᠠᠨ ᠤᠯᠠᠨ ᠲᠦᠮᠡᠨ ᠲᠠᠢ ᠬᠠᠮᠲᠤ ᠡᠯᠡᠰᠦᠨ ᠬᠠᠯᠬᠠᠪᠴᠢ ᠶᠢ ᠳᠡᠪᠢᠰᠪᠡ᠃ ᠲᠡᠷᠡ ᠴᠢᠳᠠᠬᠤ ᠶᠢᠨ ᠬᠢᠷᠢ ᠪᠠᠷ ᠲᠤᠬᠠᠢ ᠶᠢᠨ ᠭᠠᠵᠠᠷ ᠠᠴᠠ ᠮᠠᠲ᠋ᠧᠷᠢᠶᠠᠯ ᠠᠪᠴᠤ᠂ ᠥᠪᠡᠷ ᠤᠨ ᠦᠷᠳᠡᠭ ᠢ ᠴᠢᠷᠮᠠᠶᠢᠨ ᠪᠠᠭᠤᠷᠠᠭᠤᠯᠵᠤ᠂ ᠤᠯᠠᠨ ᠲᠦᠮᠡᠨ ᠢ ᠣᠷᠣᠯᠴᠠᠭᠤᠯᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠠᠵᠢᠯ ᠢᠶᠠᠨ ᠠᠬᠢᠭᠤᠯᠵᠤ᠂ ᠲᠤᠬᠠᠶ ᠶᠢᠨ ᠭᠠᠵᠠᠷ ᠲᠤᠨᠢ ᠵᠢᠯᠣᠭᠤᠳᠴᠤ᠂ ᠲᠤᠬᠠᠶ ᠶᠢᠨ ᠭᠠᠵᠠᠷ ᠲᠤᠨᠢ ᠰᠢᠯᠭᠠᠨ ᠠᠪᠴᠤ᠂ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠬᠤ ᠬᠡᠷᠡᠭᠲᠡᠶ ᠭᠡᠵᠡᠢ᠃      ᠲᠡᠷᠡ ︽7 · 1 ᠤ ᠭᠠᠪᠢᠶᠠᠨ ᠲᠡᠮᠳᠡᠭ︾ ᠬᠦᠷᠲᠡᠭᠴᠢ ᠲᠢᠩ · ᠪᠠᠭᠠᠲᠤᠷ ᠢ ᠲᠤᠰᠬᠠᠶᠢᠯᠠᠨ ᠡᠷᠬᠢᠨ ᠦᠵᠡᠵᠦ ᠪᠡᠯᠴᠢᠭᠡᠷ᠂ ᠬᠠᠰᠢᠶ᠎ᠠ ᠰᠠᠷᠠᠪᠴᠢ᠂ ᠡᠪᠡᠰᠦ ᠪᠣᠷᠳᠣᠭᠠᠨ ᠤ ᠬᠥᠮᠥᠷᠭᠡ ᠳᠤ ᠬᠦᠷᠴᠦ᠂ ᠬᠡᠷ ᠪᠦᠯᠢ ᠶᠢᠨ ᠮᠠᠯᠵᠢᠯ ᠤᠨ ᠲᠠᠯᠠᠪᠠᠶ ᠶᠢᠨ ᠡᠵᠡᠩᠨᠡᠯᠲᠡ ᠶᠢᠨ ᠪᠠᠶᠢᠳᠠᠯ ᠢ ᠨᠢ ᠨᠠᠷᠢᠨ ᠣᠶᠢᠯᠠᠭᠠᠪᠠ᠃ ᠲᠡᠭᠦᠨ ᠤ ᠮᠠᠯ ᠪᠡᠯᠴᠢᠭᠡᠷ ᠤᠨ ᠲᠡᠩᠴᠡᠭᠦᠷᠢ ᠶᠢᠨ ᠬᠠᠷᠢᠴᠠᠭ᠎ᠠ ᠶᠢ ᠮᠠᠰᠢ ᠰᠠᠶᠢᠨ ᠰᠢᠢᠳᠪᠦᠷᠢᠯᠡᠭᠰᠡᠨ ᠢ ᠰᠣᠨᠣᠰᠤᠭᠠᠳ᠂ ᠨᠠᠩ ᠣᠯᠠᠨ ᠮᠠᠯᠴᠢᠨ ᠲᠠᠷᠢᠶᠠᠴᠢᠨ ᠳᠤ ︽ᠲᠤᠭᠤᠷᠠᠶ ᠶᠢᠨ ᠣᠨᠣᠯ︾ ᠢ ᠳᠡᠯᠭᠡᠷᠡᠭᠦᠯᠵᠦ᠂ ᠪᠡᠯᠴᠢᠭᠡᠷ ᠤᠨ ᠪᠠᠭᠲᠠᠭᠠᠮᠵᠢ ᠶᠢ ᠰᠢᠨᠵᠢᠯᠡᠬᠦ ᠤᠬᠠᠭᠠᠨᠴᠢ ᠪᠠᠷ ᠬᠢᠨᠠᠨ ᠲᠣᠭᠲᠠᠭᠠᠵᠤ᠂ ᠮᠠᠯ ᠢᠶᠠᠨ ᠴᠥᠭᠡᠳᠭᠡᠵᠦ᠂ ᠨᠣᠭᠤᠭᠠᠷᠠᠭᠤᠯᠤᠯᠲᠠ ᠶᠢ ᠠᠬᠢᠭᠤᠯᠵᠤ᠂ ᠣᠷᠣᠯᠭ᠎ᠠ ᠪᠠᠨ ᠨᠡᠮᠡᠭᠳᠡᠭᠦᠯᠵᠦ᠂ ᠡᠨᠡ ᠬᠦ ᠦᠵᠡᠰᠭᠦᠯᠡᠩᠲᠦ ᠰᠠᠶᠢᠬᠠᠨ ᠲᠠᠯ᠎ᠠ ᠨᠤᠲᠤᠭ ᠢ ᠦᠷᠭᠦᠯᠵᠢᠯᠡᠨ ᠬᠥᠭᠵᠢᠭᠦᠯᠦᠭᠡᠷᠡᠢ ᠭᠡᠵᠦ ᠵᠤᠷᠢᠭᠵᠢᠭᠤᠯᠪᠠ᠃      ᠸᠠᠩ ᠯᠢ ᠰᠢᠶᠠ ᠤᠷᠢᠳᠴᠢᠯᠠᠨ ᠮᠡᠳᠡᠭᠳᠡᠭᠰᠡᠨ ᠦᠭᠡᠢ ᠪᠠᠷ ᠵᠠᠬᠢᠳᠠᠯ ᠰᠤᠷᠪᠤᠯᠵᠢᠯᠠᠯ ᠤᠨ ᠲᠢᠩᠬᠢᠮ ᠳᠤ ᠬᠦᠷᠴᠦ᠂ ᠰᠤᠷᠪᠤᠯᠵᠢᠯᠠᠬᠤ ᠪᠠᠷ ᠢᠷᠡᠭᠰᠡᠨ ᠤᠯᠠᠨ ᠲᠦᠮᠡᠨ ᠢ ᠬᠦᠯᠢᠶᠠᠨ ᠠᠪᠴᠤ᠂ ᠵᠠᠬᠢᠳᠠᠯ ᠰᠤᠷᠪᠤᠯᠵᠢᠯᠠᠯ ᠢ ᠬᠦᠯᠢᠶᠠᠨ ᠠᠪᠤᠭᠰᠠᠨ ᠲᠠᠩᠰᠠ ᠡᠪᠬᠡᠮᠡᠯ ᠢ ᠪᠠᠶᠢᠴᠠᠭᠠᠨ ᠦᠵᠡᠵᠦ᠂ ᠪᠦᠬᠦ ᠶᠠᠪᠤᠴᠠ ᠳᠤ ᠮᠦᠷᠳᠡᠨ ᠨᠠᠶᠢᠳᠠᠪᠤᠷᠢᠵᠢᠭᠤᠯᠵᠤ᠂ ᠡᠭᠦᠳᠡᠨ ᠳᠤ ᠬᠦᠷᠭᠡᠵᠦ ᠢᠷᠡᠭᠰᠡᠨ ᠤᠯᠠᠨ ᠲᠦᠮᠡᠨ ᠤ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃ ᠲᠡᠷᠡ ᠪᠠᠰᠠ  ᠮᠧᠩ ᠨᠸᠡᠭ ᠰᠥᠨᠢᠳ ᠵᠡᠭᠦᠨ ᠬᠤᠰᠢᠭᠤᠨ ᠤ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠺᠣᠮᠫᠠᠨᠢ᠂ ᠴᠠᠭᠠᠨ ᠢᠳᠡᠭᠡᠨ ᠤ ᠰᠣᠶᠣᠯ ᠤᠨ ᠠᠵᠤ ᠦᠢᠯᠡᠰ ᠤᠨ ᠬᠦᠷᠢᠶᠡᠯᠡᠩ ᠳᠤ ᠬᠦᠷᠪᠡ︔ ᠨᠢᠭᠡᠨ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢ ᠪᠠ ᠬᠢᠯᠢ ᠬᠠᠮᠠᠭᠠᠯᠠᠭᠴᠢ ᠶᠢ ᠲᠣᠬᠤᠨᠢᠭᠤᠯᠵᠤ᠂ ᠦᠢᠯᠡᠴᠢᠯᠡᠭᠡ ᠶᠢ ᠰᠠᠶᠢᠲᠤᠷ ᠬᠢᠵᠦ᠂ ᠲᠡᠳᠡᠨ ᠤ ᠠᠮᠢᠳᠤᠷᠠᠯ ᠢ ᠰᠠᠶᠢᠲᠤᠷ ᠪᠠᠲᠤᠯᠠᠬᠤ ᠬᠡᠷᠡᠭᠳᠡᠢ ᠭᠡᠵᠦ ᠲᠤᠬᠠᠶ ᠶᠢᠨ ᠭᠠᠵᠠᠷ ᠤᠨ ᠵᠠᠰᠠᠭ ᠤᠨ ᠣᠷᠳᠣᠨ ᠳᠤ ᠵᠠᠬᠢᠪᠠ᠃                                                        ᠣᠷᠴᠢᠭᠤᠯᠣᠭᠴᠢ᠄ ᠣᠶᠣᠩᠬᠤᠸᠠᠷ
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号