ᠵᠠᠩ ᠪᠠᠢ ᠴᠧᠩ ᠳᠤᠮᠳᠠᠳᠤ ᠤᠯᠤᠰ ᠤᠨ ᠠᠭᠠᠷ ᠤᠨ ᠠᠶᠠᠯᠠᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠳᠤ ᠬᠦᠷᠴᠦ ᠠᠵᠢᠯ ᠵᠣᠯᠭᠠᠭᠤᠯᠪᠠ
ᠨᠡᠶᠢᠲᠡᠯᠡᠭᠰᠡᠨ ᠴᠠᠭ᠄
2024/6/28
     6 ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠪᠠᠢ ᠴᠧᠩ ᠳᠤᠮᠳᠠᠳᠤ ᠤᠯᠤᠰ ᠤᠨ ᠠᠭᠠᠷ ᠤᠨ ᠠᠶᠠᠯᠠᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠳᠤ ᠬᠦᠷᠴᠦ ᠠᠵᠢᠯ ᠵᠣᠯᠭᠠᠭᠤᠯᠵᠦ᠂ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠮᠠ ᠴᠥᠩ ᠰᠢᠶᠠᠨ᠂ ᠪᠦᠯᠦᠭᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠼᠦᠢ ᠰᠢᠶᠣᠣ  ᠹᠧᠩ ᠨᠠᠷ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭ᠎ᠠ ᠪᠠᠨ ᠴᠢᠨᠠᠭᠰᠢᠳᠠ ᠭᠦᠨᠵᠡᠭᠡᠶᠢᠷᠡᠭᠦᠯᠬᠦ ᠲᠤᠬᠠᠢ ᠶᠠᠷᠢᠯᠴᠠᠵᠦ ᠰᠠᠨᠠᠯ ᠢᠶᠠᠨ ᠰᠣᠯᠢᠯᠴᠠᠪᠠ᠃      ᠵᠠᠩ ᠪᠠᠢ ᠴᠧᠩ ᠡᠩ ᠲᠡᠷᠢᠭᠦᠨ ᠳᠤ ᠳᠤᠮᠳᠠᠳᠤ ᠤᠯᠤᠰ ᠤᠨ ᠠᠭᠠᠷ ᠤᠨ ᠠᠶᠠᠯᠠᠯ ᠤᠨ ᠪᠦᠯᠦᠭᠯᠡᠯ ᠤᠨ ᠤᠷᠳᠤ ᠬᠤᠭᠤᠴᠠᠭᠠᠨ ᠤ ᠲᠤᠷᠰᠢ ᠰᠢᠯᠢ ᠶᠢᠨ ᠭᠤᠣᠯ ᠠᠶᠢᠮᠠᠭ ᠢ ᠬᠠᠯᠠᠮᠵᠢᠯᠠᠠ ᠳᠡᠮᠵᠢᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠣᠳᠣᠬᠠᠨ ᠳᠤ ᠪᠥᠬᠦ ᠠᠶᠢᠮᠠᠭ ᠳᠠᠶᠠᠭᠠᠷ ᠶᠠᠭ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠬᠴᠠᠯᠠᠬᠤ ᠪᠠᠷ ᠭᠤᠣᠯ ᠰᠢᠵᠢᠮ ᠪᠣᠯᠭᠠᠠ᠂ ᠬᠤᠶᠠᠷ ᠶᠡᠭᠡ ᠶᠠᠪᠤᠳᠠᠯ ᠢ ᠪᠥᠬᠦ ᠬᠦᠴᠦᠨ ᠢᠶᠠᠷ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾  ᠢ ᠯᠠᠪᠳᠠᠭᠤᠨ ᠢᠶᠠᠷ ᠠᠬᠢᠭᠤᠯᠵᠤ ᠪᠠᠶᠢᠨ᠎ᠠ᠃ ᠬᠤᠶᠠᠷ ᠲᠠᠯ᠎ᠠ ᠪᠠᠷ ᠢᠶᠠᠨ ᠲᠤᠬᠲᠠᠬᠰᠠᠨ ᠴᠡᠭ ᠲᠤ ᠬᠠᠪᠰᠤᠷᠤᠨ ᠲᠡᠳᠬᠦᠬᠦ ᠠᠵᠢᠯ ᠢ ᠪᠠᠬᠢᠵᠢᠭᠦᠯᠦᠨ ᠳᠡᠭᠡᠭᠰᠢᠯᠡᠭᠦᠯᠦᠭᠰᠡᠨ ᠰᠠᠭᠤᠷᠢᠨ ᠳᠡᠭᠡᠷ᠎ᠡ᠂ ᠤᠯᠠᠮ ᠨᠢᠭᠡ ᠠᠯᠬᠤᠮ ᠨᠢᠭᠲᠠ ᠵᠣᠯᠭᠠᠭᠤᠯᠵᠤ᠂ ᠬᠠᠮᠵᠢᠯᠴᠠᠭ᠎ᠠ ᠪᠠᠨ ᠴᠢᠩᠭᠠᠳᠬᠠᠠ᠂ ᠪᠤᠰᠤᠳ ᠬᠦᠷᠢᠶᠡᠨ ᠳᠤ ᠨᠡᠩ ᠤᠯᠠᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠥᠷᠨᠢᠭᠦᠯᠵᠦ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ᠂ ᠬᠠᠮᠵᠢᠯᠴᠠᠨ ᠬᠥᠭᠵᠢᠬᠦ ᠶᠢ ᠬᠦᠰᠡᠵᠦ ᠪᠠᠶᠢᠨ᠎ᠠ ᠭᠡᠵᠠᠢ᠃      ᠮᠠ ᠴᠥᠩ ᠰᠢᠶᠠᠨ ᠢᠯᠡᠷᠭᠡᠶᠢᠯᠡᠬᠦ ᠳᠡᠭᠡᠨ᠂ ᠳᠤᠮᠳᠠᠳᠤ ᠤᠯᠤᠰ ᠤᠨ ᠠᠭᠠᠷ ᠤᠨ ᠠᠶᠠᠯᠠᠯ ᠤᠨ ᠪᠦᠯᠦᠭᠯᠡᠯ ᠤᠨ ᠬᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠲᠤᠷᠰᠢᠯᠭ᠎ᠠ ᠪᠠᠨ ᠦᠷᠭᠦᠯᠵᠢᠯᠡᠨ ᠳ᠋ᠦᠩᠨᠡᠵᠦ᠂ ᠳᠠᠯᠳᠠ ᠬᠦᠴᠦᠨ ᠢᠶᠠᠨ ᠭᠦᠨᠵᠡᠭᠡᠢ ᠠᠭᠤᠳᠠᠯᠤᠨ᠂ ᠠᠵᠤ ᠦᠢᠯᠡᠰ ᠢᠶᠠᠷ ᠬᠠᠪᠰᠤᠷᠤᠨ ᠲᠡᠳᠬᠦᠬᠦ ᠪᠠᠷ ᠭᠤᠣᠯᠳᠠᠯᠭ᠎ᠠ ᠪᠣᠯᠭᠠᠨ᠋ ᠬᠠᠪᠰᠤᠷᠤᠨ ᠲᠡᠳᠬᠦᠬᠦ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠰᠥᠨᠢᠳ ᠪᠠᠷᠠᠭᠤᠨ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠬᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃ ᠡᠭᠦᠨ ᠤ ᠬᠠᠮᠲᠤ᠂ ᠰᠢᠯᠢ ᠶᠢᠨ ᠭᠤᠣᠯ ᠠᠶᠢᠮᠠᠭ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠨᠠᠭᠰᠢᠳᠠ ᠴᠢᠩᠭᠠᠳᠬᠠᠵᠤ᠂ ᠲᠤᠬᠠᠢ ᠶᠢᠨ ᠭᠠᠵᠠᠷ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠰᠠᠶᠢᠨ ᠳᠡᠮᠵᠢᠯᠭᠡ ᠦᠵᠡᠭᠦᠯᠦᠨ᠎ᠡ ᠭᠡᠵᠠᠢ᠃      ᠳᠠᠷᠠᠭ᠎ᠠ ᠨᠢ᠂ ᠵᠠᠩ ᠪᠠᠢ ᠴᠧᠩ ᠪᠠᠰᠠ ᠤᠯᠤᠰ ᠤᠨ ᠠᠭᠠᠷ ᠤᠨ ᠠᠶᠠᠯᠠᠯ ᠤᠨ ᠪᠣᠯᠪᠠᠰᠤᠷᠠᠯ ᠤᠨ ᠬᠡᠯᠲᠡᠰ ᠤᠨ ᠰᠢᠨ᠎ᠡ ᠪᠠᠭᠤᠷᠢ᠂ ᠠᠶᠠᠨᠴᠢᠳ  ᠤᠨ  ᠦᠷᠦᠭᠡ  ᠶᠢᠨ  ᠦᠢᠯᠡᠴᠢᠯᠡᠭᠡᠨ  ᠤ  ᠬᠡᠯᠲᠡᠰ  ᠢᠶᠠᠷ  ᠬᠦᠷᠴᠦ ᠲᠣᠭᠤᠷᠢᠨ ᠪᠠᠶᠢᠴᠠᠭᠠᠪᠠ᠃                                                        ᠣᠷᠴᠢᠭᠤᠯᠣᠭᠴᠢ᠄ ᠣᠶᠣᠩᠬᠤᠸᠠᠷ
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号