ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠵᠢᠴᠢ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/6/29
     6 ᠰᠠᠷ᠎ᠠ ᠶᠢᠨ 28 ᠤ ᠡᠳᠦᠷ᠂ ᠠᠶᠢᠮᠠᠭ ᠤᠨ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ 2024 ᠣᠨ ᠤ ᠠᠷᠪᠠᠨ ᠳᠥᠷᠪᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠦᠷᠨᠢᠭᠦᠯᠪᠡ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ᠂ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠯᠥᠸᠧ ᠴᠢᠩ ᠬᠤᠷᠠᠯ ᠢ ᠡᠷᠭᠢᠯᠡᠪᠡ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠠᠯ ᠤᠨ ᠬᠤᠯᠪᠤᠬᠳᠠᠯ ᠪᠦᠬᠦᠢ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠶᠡᠷᠦᠩᠬᠡᠢ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠦ᠂ ᠡᠪᠡᠰᠦ ᠪᠣᠷᠳᠤᠭ᠎ᠠ ᠶᠢᠨ ᠦᠨ᠎ᠡ ᠶᠢ ᠲᠣᠭᠲᠠᠪᠤᠷᠢᠵᠢᠭᠤᠯᠤᠨ ᠳᠤᠲᠠᠭᠤ ᠶᠢ ᠨᠥᠬᠦᠪᠦᠷᠢᠯᠡᠬᠦ᠂ ᠬᠥᠮᠥᠨ ᠤ ᠬᠦᠴᠦ ᠪᠠᠷ ᠪᠣᠷᠣᠭᠠᠨ ᠨᠡᠮᠡᠭᠳᠡᠬᠦᠯᠬᠦ᠂ ᠮᠠᠯ ᠤᠨ ᠵᠠᠷᠤᠴᠠᠭᠤᠯᠤᠯᠲᠠ ᠵᠡᠷᠭᠡ ᠠᠵᠢᠯ ᠢ ᠪᠦᠬᠦ ᠬᠦᠴᠦᠨ ᠢᠶᠠᠷ ᠰᠠᠶᠢᠲᠤᠷ ᠬᠢᠵᠦ᠂ ᠠᠷᠭ᠎ᠠ ᠪᠦᠬᠦᠨ ᠢ ᠰᠦᠪᠡᠭᠴᠢᠯᠡᠨ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠳᠤ ᠦᠵᠡᠭᠦᠯᠬᠦ ᠭᠠᠩ ᠬᠠᠭᠰᠠᠷᠠᠭᠠᠨ ᠤ ᠨᠥᠯᠥᠭᠡ ᠶᠢ ᠪᠠᠭᠠᠰᠬᠠᠵᠤ᠂ ᠪᠦᠬᠦ ᠬᠦᠴᠦᠨ ᠢᠶᠠᠷ ᠭᠠᠮᠰᠢᠭ ᠤᠨ ᠬᠤᠬᠢᠷᠠᠯ ᠢ ᠪᠠᠭᠠᠰᠬᠠᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠬᠥᠬᠡᠨᠠᠭᠤᠷ᠂ ᠨᠢᠩᠰᠢᠶᠠ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠬᠴᠠᠯᠠᠬᠤ ᠪᠠᠷ ᠭᠤᠣᠯ ᠰᠢᠵᠢᠮ ᠪᠣᠯᠭᠠᠠ᠂ ᠲᠠᠪᠤᠨ ᠶᠡᠭᠡ ᠡᠭᠦᠷᠭᠡ ᠪᠣᠯᠣᠨ ᠵᠢᠷᠭᠤᠭᠠᠨ ᠢᠨᠵᠧᠨᠧᠷᠢᠩ ᠢ ᠯᠠᠪᠳᠠᠭᠤᠨ ᠪᠠᠲᠤᠲᠠᠢ ᠠᠬᠢᠭᠤᠯᠵᠤ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠵᠠᠮ ᠢᠶᠠᠷ ᠰᠠᠶᠢᠲᠤᠷ ᠵᠠᠮᠨᠠᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠵᠢᠭᠤᠯᠴᠢᠯᠠᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠣᠰᠣᠭᠠᠷ᠂ ᠰᠢᠯᠢ ᠶᠢᠨ ᠭᠤᠣᠯ ᠠᠶᠢᠮᠠᠭ ᠤᠨ ᠳᠠᠪᠠᠭᠤᠯᠢᠭ ᠲᠠᠯᠳᠡ ᠬᠦᠴᠦᠨ ᠢ ᠭᠦᠢᠴᠡᠳ ᠪᠠᠳᠠᠷᠠᠭᠤᠯᠤᠨ᠂ ᠲᠠᠯ᠎ᠠ ᠨᠤᠲᠤᠭ ᠤᠨ ᠣᠨᠴᠠᠯᠢᠬᠲᠦ ᠨᠡᠷᠡᠳᠦ ᠵᠢᠭᠤᠯᠴᠢᠯᠠᠯ ᠤᠨ ᠨᠡᠷᠡᠲᠦ ᠲᠡᠮᠳᠡᠭ ᠢ ᠴᠢᠷᠮᠠᠶᠢᠨ ᠡᠭᠦᠳᠴᠦ᠂ ᠵᠢᠭᠤᠯᠴᠢᠯᠠᠯ ᠤᠨ ᠦᠢᠯᠡᠰ ᠢ ᠠᠷᠠᠳ ᠢ ᠪᠠᠶᠠᠵᠢᠭᠤᠯᠬᠤ ᠠᠵᠤ ᠦᠢᠯᠡᠰ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠲᠣᠰ ᠡᠳᠦᠷ᠂ ᠵᠠᠬᠢᠷᠭ᠎ᠠ 2024 ᠣᠨ ᠤ ᠠᠷᠪᠠ  ᠶᠢᠰᠦᠳᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠵᠤ᠂ ᠠᠳᠤᠭᠤᠨ ᠤ ᠠᠵᠤ ᠦᠢᠯᠡᠰ ᠤᠨ ᠬᠥᠭᠵᠢᠯᠲᠡ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠠᠷᠠᠳ ᠲᠤ ᠲᠥᠬᠦᠮ ᠦᠵᠡᠭᠦᠯᠬᠦ ᠬᠠᠯᠠᠮ ᠤᠲᠠᠰᠤ᠂ ᠴᠠᠬᠢᠯᠭᠠᠨ ᠬᠦᠴᠦᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ᠂ ᠭᠤᠣᠯᠳᠠᠯᠭ᠎ᠠ ᠲᠠᠢ ᠰᠠᠪᠠ ᠭᠠᠵᠠᠷ ᠢ ᠬᠢᠨᠠᠨ ᠡᠵᠡᠮᠳᠡᠬᠦ᠂ ᠠᠭᠤᠷᠬᠠᠢ ᠶᠢᠨ ᠠᠮᠤᠷ ᠲᠦᠪᠰᠢᠨ ᠤ ᠬᠢᠨᠠᠯᠳᠠ ᠬᠠᠮᠢᠶᠠᠷᠤᠯᠲᠠ ᠵᠡᠷᠭᠡ ᠵᠦᠢᠯᠡᠰ ᠢ ᠰᠤᠳᠤᠯᠵᠠᠢ᠃                                                     ᠣᠷᠴᠢᠭᠤᠯᠣᠭᠴᠢ᠄ ᠣᠶᠣᠩᠬᠤᠸᠠᠷ    
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号