ᠯᠥᠸᠧ ᠴᠢᠩ ᠭᠤᠸᠠᠩᠳᠦ᠋ᠩ ᠤᠨ ᠰᠢᠶᠠᠨ ᠳ᠋ᠤᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠵᠦ ᠱᠢ ᠬᠤᠢ ᠲᠠᠢ ᠠᠭᠤᠯᠵᠠᠪᠠ
ᠨᠡᠶᠢᠲᠡᠯᠡᠭᠰᠡᠨ ᠴᠠᠭ᠄
2024/6/3
     6 ᠰᠠᠷ᠎ᠠ ᠶᠢᠨ 2 ᠤᠨ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠯᠥᠸᠧ ᠴᠢᠩ ᠰᠢᠯᠢ ᠶᠢᠨ ᠬᠤᠲᠠ ᠳᠤ ᠭᠤᠸᠠᠩᠳᠦ᠋ᠩ ᠤᠨ ᠰᠢᠶᠠᠨ ᠳ᠋ᠤᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠵᠦ  ᠱᠢ ᠬᠤᠢ ᠲᠠᠢ ᠠᠭᠤᠯᠵᠠᠪᠠ᠃      ᠯᠥᠸᠧ ᠴᠢᠩ ᠵᠦ ᠱᠢ ᠬᠤᠢ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ ᠰᠢᠯᠢ ᠶᠢᠨ ᠭᠤᠣᠯ ᠠᠶᠢᠮᠠᠭ ᠤᠨ ᠡᠨᠧᠷᠭᠢ ᠶᠢᠨ ᠡᠬᠢ ᠪᠠᠶᠠᠯᠢᠭ ᠡᠯᠪᠡᠭ᠂ ᠬᠥᠭᠵᠢᠯᠲᠡ ᠶᠢᠨ ᠣᠷᠣᠨ ᠵᠠᠢ ᠥᠷᠭᠡᠨ ᠠᠭᠤᠳᠠᠮ᠂ ᠰᠢᠶᠠᠨ ᠳ᠋ᠤᠤ ᠰᠢᠨᠵᠢᠯᠡᠬᠦ ᠤᠬᠠᠭᠠᠨ  ᠲᠧᠭᠨᠢᠭ ᠮᠡᠷᠭᠡᠵᠢᠯ ᠤᠨ ᠪᠦᠯᠦᠭᠯᠡᠯ ᠲᠠᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ᠂ ᠰᠢᠨ᠎ᠡ ᠡᠨᠧᠷᠭᠢ ᠶᠢᠨ ᠨᠡᠭᠡᠭᠡᠨ ᠬᠥᠭᠵᠢᠭᠦᠯᠦᠯᠲᠡ ᠵᠡᠷᠭᠡ ᠬᠦᠷᠢᠶᠡᠨ ᠳᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠲᠦᠷᠦᠯ ᠵᠦᠢᠯ ᠢ ᠨᠠᠶᠢᠳᠠᠪᠤᠷᠢᠵᠢᠭᠤᠯᠤᠨ ᠪᠦᠲᠦᠭᠡᠨ ᠪᠠᠶᠢᠭᠤᠯᠬᠤ ᠶᠢ ᠯᠠᠪᠳᠠᠭᠤᠨ ᠢᠶᠠᠷ ᠠᠬᠢᠭᠤᠯᠬᠤ ᠶᠢ ᠬᠦᠰᠡᠵᠦ ᠪᠠᠶᠢᠨ᠎ᠠ᠃ ᠰᠢᠯᠢ ᠶᠢᠨ ᠭᠤᠣᠯ ᠠᠶᠢᠮᠠᠭ ᠤᠨ ᠬᠢᠨ ᠠᠵᠤ ᠠᠬᠤᠶᠢᠯᠠᠯ ᠤᠨ ᠬᠥᠭᠵᠢᠯᠲᠡ ᠳᠤ ᠰᠢᠯᠢᠳᠡᠭ ᠦᠢᠯᠡᠴᠢᠯᠡᠭᠡ ᠬᠠᠩᠭᠠᠵᠤ᠂ ᠬᠠᠮᠲᠤᠷᠠᠯᠴᠠᠭ᠎ᠠ ᠬᠢᠵᠦ ᠬᠠᠮᠲᠤᠪᠠᠷ ᠠᠰᠢᠭ ᠬᠦᠷᠳᠡᠬᠦ ᠶᠢ ᠲᠠᠰᠤᠷᠠᠯᠳᠡ ᠦᠭᠡᠢ ᠭᠦᠨᠵᠡᠭᠡᠶᠢᠷᠡᠬᠦᠯᠤᠨ᠎ᠠ ᠭᠡᠵᠡᠢ᠃      ᠵᠦ ᠱᠢ ᠬᠤᠢ ᠢᠯᠡᠷᠭᠡᠶᠢᠯᠡᠬᠦ ᠳᠡᠭᠡᠨ᠂ ᠰᠢᠶᠠᠨ ᠳ᠋ᠤᠤ ᠰᠢᠨᠵᠢᠯᠡᠬᠦ ᠤᠬᠠᠭᠠᠨ  ᠲᠧᠭᠨᠢᠭ ᠮᠡᠷᠭᠡᠵᠢᠯ ᠤᠨ ᠪᠦᠯᠦᠭᠯᠡᠯ ᠤᠨ ᠬᠢᠨ ᠲᠤᠰ ᠪᠡᠶ᠎ᠡ ᠶᠢᠨ ᠠᠵᠤ ᠦᠢᠯᠡᠰ ᠪᠣᠯᠣᠨ ᠮᠡᠷᠭᠡᠵᠢᠯ ᠤᠨ ᠳᠠᠪᠠᠭᠤᠯᠢᠭ ᠲᠠᠭᠠᠨ ᠰᠠᠭᠤᠷᠢᠯᠠᠵᠤ᠂ ᠠᠵᠤ ᠠᠬᠤᠶᠢᠯᠠᠯ ᠪᠣᠯᠣᠨ ᠣᠷᠣᠨ ᠨᠤᠲᠤᠭ ᠤᠨ ᠬᠤᠣᠰ ᠴᠢᠭᠯᠡᠯ ᠤᠨ ᠵᠣᠯᠭᠠᠯᠴᠠᠭ᠎ᠠ ᠶᠢ ᠴᠢᠩᠭᠠᠳᠬᠠᠠ᠂ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠤᠪᠣᠷ ᠴᠤᠬᠠᠭ ᠲᠡᠮᠦᠷᠯᠢᠭ᠂ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ ᠵᠡᠷᠭᠡ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ ᠠᠵᠤ ᠦᠢᠯᠡᠰ ᠤᠨ ᠬᠡᠯᠬᠢᠶ᠎ᠡ ᠶᠢ ᠴᠢᠨᠠᠭᠰᠢᠳᠠ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠰᠢᠯᠢ ᠶᠢᠨ ᠭᠤᠣᠯ ᠠᠶᠢᠮᠠᠭ ᠤᠨ ᠤᠯᠤᠰ ᠤᠨ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠦᠲᠦᠭᠡᠨ ᠪᠠᠶᠢᠭᠤᠯᠬᠤ ᠳᠤ ᠬᠦᠴᠦᠨ ᠨᠡᠮᠡᠷᠢᠯᠡᠨ᠎ᠡ ᠭᠡᠵᠠᠢ᠃      ᠬᠤᠷᠠᠯ ᠳᠡᠭᠡᠷ᠎ᠡ᠂ ᠭᠤᠸᠠᠩᠳᠦ᠋ᠩ ᠤᠨ ᠰᠢᠶᠠᠨ ᠳ᠋ᠤᠤ ᠬᠤᠪᠣᠷ ᠮᠠᠲ᠋ᠧᠷᠢᠶᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠪᠤᠯᠤᠨ ᠰᠢᠯᠢ ᠶᠢᠨ ᠭᠤᠣᠯ ᠠᠶᠢᠮᠠᠭ ᠤᠨ ᠤᠯᠠᠭᠠᠨᠲᠤᠬ ᠨᠡᠭᠦᠷᠡᠰᠦᠨ ᠤ ᠬᠢᠵᠠᠭᠠᠷᠲᠠᠢ ᠬᠠᠷᠢᠭᠤᠴᠠᠯᠭᠠᠲᠤ ᠺᠣᠮᠫᠠᠨᠢ ᠭᠡᠷ᠎ᠡ ᠲᠣᠭᠲᠠᠪᠠ᠃      ᠠᠶᠢᠮᠠᠭ ᠤᠨ ᠳᠡᠳ᠋ ᠳᠠᠷᠤᠭ᠎ᠠ ᠶᠠᠩ ᠯᠢ ᠵᠢᠴᠢ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠰᠢᠯᠢ ᠶᠢᠨ ᠬᠤᠲᠠ ᠶᠢᠨ ᠭᠤᠣᠯ ᠬᠠᠷᠢᠭᠤᠴᠠᠯᠭᠠᠲᠠᠨ ᠠᠭᠤᠯᠵᠠᠯᠲᠠ ᠳᠤ ᠣᠷᠣᠯᠴᠠᠪᠠ᠃      ᠣᠶᠢᠯᠠᠭᠠᠭᠰᠠᠨ ᠢᠶᠠᠷ᠂ ᠰᠢᠶᠠᠨ ᠳ᠋ᠤᠤ ᠰᠢᠨᠵᠢᠯᠡᠬᠦ ᠮᠡᠷᠭᠡᠵᠢᠯ ᠤᠨ ᠪᠦᠯᠦᠭᠯᠡᠯ ᠪᠣᠯ ᠪᠦᠬᠦ ᠪᠥᠮᠪᠥᠷᠴᠡᠭ ᠤᠨ ᠴᠤᠷ ᠤᠨ ᠭᠠᠭᠴᠠ ᠬᠤᠪᠣᠷ ᠴᠤᠬᠠᠭ ᠲᠡᠮᠦᠷᠯᠢᠭ ᠤᠨ ᠠᠵᠤ ᠦᠢᠯᠡᠰ ᠤᠨ ᠬᠡᠯᠬᠢᠶ᠎ᠡ ᠶᠢᠨ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠣᠯᠣᠨ᠎ᠠ᠃ ᠲᠤᠬᠠᠶᠢᠯᠠᠭᠰᠠᠨ ᠠᠵᠢᠯ ᠳᠤ ᠬᠤᠪᠣᠷ ᠴᠤᠬᠠᠭ ᠲᠡᠮᠦᠷᠯᠢᠭ᠂ ᠳᠡᠭᠡᠳᠦ ᠲᠠᠰ ᠤᠨ ᠮᠠᠲ᠋ᠧᠷᠢᠶᠠᠯ᠂ ᠰᠡᠯᠪᠢᠭ᠂ ᠵᠠᠭᠪᠤᠷ᠂ ᠰᠢᠰᠲ᠋ᠧᠮ ᠤᠨ ᠰᠤᠳᠤᠯᠤᠨ ᠨᠡᠭᠡᠭᠡᠬᠦ᠂ ᠦᠢᠯᠡᠳᠪᠦᠷᠢᠯᠡᠬᠦ᠂ ᠪᠣᠷᠣᠯᠠᠭᠤᠯᠬᠤ ᠪᠠ ᠬᠤᠷᠢᠶᠠᠨ ᠠᠪᠴᠢᠷᠠᠬᠤ ᠦᠢᠯᠡᠴᠢᠯᠡᠭᠡ ᠪᠤᠢ᠃ ᠤᠯᠤᠰ ᠤᠨ ᠬᠤᠪᠣᠷ ᠴᠤᠬᠠᠭ ᠲᠡᠮᠦᠷᠯᠢᠭ ᠤᠨ ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠲᠥᠪ᠂ ᠤᠯᠤᠰ ᠠᠴᠠ ᠮᠠᠭᠠᠳᠯᠠᠨ ᠲᠤᠬᠳᠠᠭᠠᠬᠰᠠᠨ ᠠᠵᠤ ᠠᠬᠤᠶᠢᠯᠠᠯ ᠤᠨ ᠮᠡᠷᠭᠡᠵᠢᠯ ᠤᠨ ᠲᠥᠪ᠂ ᠤᠯᠤᠰ ᠤᠨ ᠫᠤᠰᠲ ᠳ᠋ᠣᠺᠲ᠋ᠣᠷ ᠤᠨ ᠰᠤᠳᠤᠯᠭᠠᠨ ᠤ ᠠᠵᠢᠯ ᠤᠨ ᠥᠷᠲᠡᠭᠡ ᠲᠠᠢ ᠪᠠᠶᠢᠵᠦ᠂ ᠪᠡᠶ᠎ᠡ ᠪᠠᠨ ᠳᠠᠭᠠᠭᠠᠭᠰᠠᠨ ᠲᠡᠷᠢᠭᠦᠨ ᠤ ᠮᠠᠲ᠋ᠧᠷᠢᠶᠠᠯ ᠤᠨ ᠰᠤᠳᠤᠯᠭᠠᠨ ᠤ ᠬᠦᠷᠢᠶᠡᠯᠡᠩ ᠪᠠᠶᠢᠭᠤᠯᠵᠥ᠂ ᠳᠤᠮᠳᠠᠳᠤ ᠤᠯᠤᠰ ᠤᠨ ᠦᠢᠯᠡᠳᠬᠦ ᠦᠢᠯᠡᠰ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ 500 ᠬᠦᠴᠦᠷᠬᠡᠭ ᠲᠤ ᠣᠷᠣᠪᠠ᠃ ᠰᠢᠶᠠᠨ ᠳ᠋ᠤᠤ ᠰᠢᠨᠵᠢᠯᠡᠬᠦ ᠤᠬᠠᠭᠠᠨ  ᠲᠧᠭᠨᠢᠭ ᠮᠡᠷᠭᠡᠵᠢᠯ ᠤᠨ ᠪᠦᠯᠦᠭᠯᠡᠯ ᠨᠢ 40 ᠭᠠᠷᠤᠢ ᠬᠤᠪᠢᠶᠠᠷᠢ ᠺᠣᠮᠫᠠᠨᠢ ᠲᠠᠢ ᠪᠠᠶᠢᠵᠤ᠂ ᠪᠦᠬᠦ ᠪᠥᠮᠪᠥᠷᠴᠡᠭ ᠤᠨ 16 ᠤᠯᠤᠰ᠂ 40 ᠭᠠᠷᠤᠢ ᠬᠤᠳᠠ ᠳᠤ ᠲᠦᠭᠡᠵᠦ᠂ ᠪᠦᠲᠦᠭᠡᠭᠳᠡᠬᠦᠨ ᠨᠢ ᠠᠭᠠᠷ ᠤᠨ ᠠᠶᠠᠯᠠᠯ ᠰᠠᠨᠰᠠᠷ ᠤᠨ ᠠᠶᠠᠯᠠᠯ᠂ AI᠂ IoT᠂ ᠰᠢᠨ᠎ᠡ ᠡᠨᠧᠷᠭᠢ᠂ LED᠂  ᠡᠯᠧᠺᠲᠷᠤᠨ᠂ ᠴᠢᠮᠡᠭᠡ ᠬᠤᠯᠪᠣᠭ᠎ᠠ᠂ ᠡᠮ ᠡᠮᠨᠡᠯᠭᠡ ᠵᠡᠷᠭᠡ ᠠᠵᠢᠯ ᠲᠦᠷᠦᠯ ᠳᠤ ᠥᠷᠭᠡᠨ ᠢᠶᠠᠷ ᠬᠡᠷᠡᠭᠯᠡᠭᠳᠡᠵᠦ ᠪᠤᠢ᠃                                                       ᠣᠷᠴᠢᠭᠤᠯᠣᠭᠴᠢ᠄ ᠣᠶᠣᠩᠬᠤᠸᠠᠷ
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号