ᠠᠶᠢᠮᠠᠭ ᠤᠨ ᠨᠠᠮ ᠤᠨ ᠬᠤᠷᠢᠶ᠎ᠠ 2024 ᠣᠨ ᠤ ᠬᠤᠷᠢᠨ ᠨᠢᠭᠡᠳᠦᠭᠡᠷ ᠤᠳᠠᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/7
     6 ᠰᠠᠷ᠎ᠠ ᠶᠢᠨ 6 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢ ᠶᠢᠨ ᠭᠤᠣᠯ ᠠᠶᠢᠮᠠᠭ ᠤᠨ ᠬᠤᠷᠢᠶ᠎ᠠ 2024 ᠣᠨ ᠤ ᠬᠤᠷᠢᠨ ᠨᠢᠭᠡᠳᠦᠭᠡᠷ ᠤᠳᠠᠭ᠎ᠠ ᠶᠢᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠪᠠᠢ ᠴᠧᠩ ᠬᠤᠷᠠᠯ ᠢ ᠡᠷᠬᠢᠯᠡᠪᠡ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠠᠷᠪᠠᠨ ᠳᠥᠷᠪᠡᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠲᠡᠭᠡᠷᠡᠭᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠠᠶᠢᠮᠠᠭ ᠤᠨ ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠨ᠂ ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠶᠢ ᠠᠵᠤ ᠠᠬᠤᠢ ᠶᠢᠨ ᠬᠥᠭᠵᠢᠯᠲᠡ ᠶᠢᠨ ᠲᠡᠷᠢᠭᠦᠨ ᠬᠠᠷᠠᠯᠲᠠ ᠪᠣᠯᠭᠠᠵᠦ᠂ ᠠᠵᠢᠯ ᠤᠯᠤᠭᠰᠠᠳ ᠤᠨ ᠶᠡᠷᠦᠩᠭᠡᠢ ᠲᠤᠭ᠎ᠠ ᠶᠢ ᠬᠦᠴᠦᠯᠡᠨ ᠲᠣᠭᠲᠠᠪᠤᠷᠢᠵᠢᠭᠤᠯᠵᠤ᠂ ᠠᠵᠢᠯ ᠣᠯᠤᠭᠰᠠᠳ ᠤᠨ ᠨᠡᠮᠡᠭᠳᠡᠯ ᠤᠨ ᠲᠤᠭ᠎ᠠ ᠶᠢ ᠥᠷᠭᠡᠳᠬᠡᠨ᠂ ᠠᠵᠢᠯ ᠣᠯᠭᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ  ᠭᠤᠣᠯᠳᠠᠯᠭ᠎ᠠ ᠲᠠᠢ ᠬᠥᠮᠥᠰ ᠲᠤ ᠠᠵᠢᠯ ᠣᠯᠭᠤᠬᠤ ᠪᠠ ᠬᠥᠳᠡᠯᠮᠦᠷᠢ ᠶᠢᠨ ᠡᠷᠬᠡ ᠠᠰᠢᠭ ᠢ ᠪᠠᠲᠤᠯᠠᠬᠤ ᠵᠡᠷᠭᠡ ᠠᠵᠢᠯ ᠢ ᠦᠨᠡᠨ ᠬᠦ ᠰᠠᠶᠢᠲᠤᠷ ᠬᠢᠵᠦ᠂ ᠠᠵᠢᠯ ᠣᠯᠭᠤᠯᠲᠠ ᠶᠢᠨ ᠰᠠᠶᠢᠵᠢᠷᠠᠬᠤ ᠬᠠᠨᠳᠤᠰᠢ ᠶᠢ ᠦᠷᠭᠦᠯᠵᠢᠯᠡᠨ ᠪᠠᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠲᠣᠰᠬᠤᠨ ᠤ ᠲᠦᠷᠪᠡᠨ ᠰᠠᠶᠢᠳᠠᠢ ᠵᠠᠮ︾  ᠤᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠠᠶᠢᠮᠠᠭ ᠤᠨ ︽ᠬᠥᠳᠡᠭᠡ ᠲᠣᠰᠬᠤᠨ ᠤ ᠲᠦᠷᠪᠡᠨ ᠰᠠᠶᠢᠳᠠᠢ ᠵᠠᠮ︾  ᠤᠨ ᠪᠦᠲᠦᠭᠡᠨ ᠪᠠᠶᠢᠭᠤᠯᠤᠯᠲᠠ ᠪᠠ ᠵᠠᠰᠠᠮᠠᠯ ᠵᠠᠮ ᠤᠨ ᠭᠤᠣᠯᠳᠠᠯᠭ᠎ᠠ ᠲᠠᠢ ᠲᠥᠷᠥᠯ ᠵᠦᠢᠯ ᠤᠨ ᠲᠥᠯᠦᠪᠵᠢᠭᠦᠯᠭᠡ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠬᠥᠳᠡᠭᠡ ᠲᠣᠰᠬᠤᠨ ᠤ ᠲᠦᠷᠪᠡᠨ ᠰᠠᠶᠢᠳᠠᠢ ᠵᠠᠮ︾᠂ ᠡᠯᠡᠰᠦ ᠶᠢ ᠲᠤᠭᠤᠯᠬᠤ ᠵᠠᠰᠠᠮᠠᠯ ᠵᠠᠮ᠂ ᠭᠤᠣᠯᠳᠠᠯᠭ᠎ᠠ ᠲᠠᠢ ᠵᠠᠮ ᠬᠠᠷᠢᠯᠴᠠᠭᠠᠨ ᠤ ᠰᠠᠭᠤᠷᠢ ᠲᠦᠭᠦᠭᠡᠷᠦᠮᠵᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠰᠠᠶᠢᠲᠤᠷ ᠠᠳᠬᠤᠨ᠂ ᠮᠠᠨ ᠤ ᠠᠶᠢᠮᠠᠭ ᠤᠨ ︽ᠠᠷᠪᠠᠨ ᠲᠠᠪᠤᠳᠤᠭᠠᠷ ᠲᠠᠪᠤᠨ ᠵᠢᠯ︾  ᠤᠨ ᠵᠠᠮ ᠲᠡᠭᠡᠭᠡᠪᠦᠷᠢ ᠶᠢᠨ ᠬᠥᠭᠵᠢᠯᠲᠡ ᠶᠢᠨ ᠲᠥᠯᠦᠪᠵᠢᠭᠦᠯᠭᠡ ᠶᠢ ᠡᠷᠲᠡᠬᠡᠨ ᠲᠥᠯᠥᠪᠯᠡᠨ ᠨᠠᠶᠢᠷᠠᠭᠤᠯᠤᠨ ᠵᠣᠬᠢᠶᠠᠵᠤ᠂ ᠮᠠᠨ ᠤ ᠠᠶᠢᠮᠠᠭ ᠤᠨ ᠵᠠᠮ ᠬᠠᠷᠢᠯᠴᠠᠭᠠᠨ ᠤ ᠲᠣᠣᠷ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 121 ᠳ᠋ᠤᠭᠡᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠠᠶᠢᠮᠠᠭ ᠤᠨ ᠡᠯᠡᠰᠦᠷᠭᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ᠂ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ᠂ ᠠᠮᠢ ᠠᠬᠤᠢ ᠶᠢᠨ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠦᠯᠳᠡ ᠵᠡᠷᠭᠡ ᠠᠵᠢᠯ ᠢ ᠰᠠᠶᠢᠲᠤᠷ ᠬᠢᠬᠦ ᠲᠤᠬᠠᠢ ᠱᠠᠭᠠᠷᠳᠠᠯᠭ᠎ᠠ ᠳᠤᠷᠠᠳᠴᠠᠢ᠃      ᠬᠤᠷᠠᠯ ᠠᠴᠠ ᠪᠥᠬᠦ ᠣᠷᠣᠨ ᠤ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠵᠠᠬᠢᠷᠤᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠠᠶᠢᠮᠠᠭ ᠤᠨ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠰᠢᠨ᠎ᠡ ᠶᠢ ᠡᠭᠦᠳᠦᠨ ᠳᠡᠭᠡᠭᠰᠢᠯᠡᠭᠦᠯᠬᠦ ᠲᠥᠰᠥᠯ ᠢ ᠱᠠᠯᠠᠪᠳᠠᠨ ᠲᠣᠭᠲᠠᠭᠠᠨ ᠲᠡᠭᠦᠯᠳᠡᠷᠵᠢᠭᠦᠯᠵᠦ᠂ ᠣᠨᠴᠠᠯᠢᠭᠲᠤ ᠰᠤᠷᠭᠠᠭᠤᠯᠢ ᠡᠷᠭᠢᠯᠡᠬᠦ ᠵᠠᠭᠪᠤᠷ ᠢ ᠢᠳᠡᠪᠬᠢᠲᠡᠢ ᠬᠠᠶᠢᠨ ᠰᠦᠪᠡᠭᠴᠢᠯᠡᠵᠦ᠂ ᠨᠠᠮ ᠤᠨ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠰᠤᠷᠭᠠᠭᠤᠯᠢ ᠶᠢ ᠵᠠᠰᠠᠬᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠠᠶᠢᠮᠠᠭ ᠤᠨ ᠨᠠᠮ ᠤᠨ ᠬᠤᠷᠢᠶᠠᠨ ᠤ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠦᠪᠯᠡᠵᠦ  ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠭᠤᠣᠯᠯᠠᠬᠤ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠠᠷᠠᠯᠵᠢᠶᠠᠴᠢᠨ ᠤᠷᠢᠵᠤ ᠪᠡᠯᠡ ᠲᠠᠳᠠᠬᠤ᠂ ᠠᠵᠤ ᠦᠢᠯᠡᠰ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠡᠳ᠋ ᠤᠨ ᠵᠠᠰᠠᠭ ᠭᠠᠶᠢᠯᠢ ᠶᠢᠨ ᠣᠷᠣᠯᠭ᠎ᠠ ᠵᠠᠷᠤᠯᠭ᠎ᠠ᠂ ᠥᠷᠢ ᠥᠭᠴᠡᠭᠡ ᠶᠢ ᠠᠷᠢᠯᠭᠠᠬᠤ ᠵᠡᠷᠭᠡ ᠠᠵᠢᠯ ᠢ ᠪᠥᠬᠦ ᠬᠦᠴᠦᠨ ᠢᠶᠠᠷ ᠰᠠᠶᠢᠲᠤᠷ ᠬᠢᠵᠦ᠂ ᠪᠥᠬᠦ ᠠᠶᠢᠮᠠᠭ ᠤᠨ ᠠᠵᠤ ᠠᠬᠤᠢ ᠶᠢᠨ ᠲᠣᠭᠲᠠᠭᠤᠨ ᠰᠠᠶᠢᠵᠢᠷᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃                                                 ᠣᠷᠴᠢᠭᠤᠯᠣᠭᠴᠢ᠄ ᠣᠶᠣᠩᠬᠤᠸᠠᠷ
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号