ᠵᠠᠩ ᠪᠠᠢ ᠴᠧᠩ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/7/1
     6 ᠰᠠᠷ᠎ᠠ ᠶᠢᠨ 29 ᠠᠴᠠ 30 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠪᠠᠢ ᠴᠧᠩ ᠤᠯᠠᠭᠠᠢ ᠬᠠᠮᠢᠶᠠᠷᠤᠯᠲᠠ ᠶᠢᠨ ᠣᠷᠣᠨ᠂ ᠪᠠᠷᠠᠭᠤᠨ ᠦᠵᠦᠮᠦᠴᠢᠨ ᠬᠤᠰᠢᠭᠤᠨ ᠳᠤ ᠬᠦᠷᠴᠦ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠠᠵᠢᠯ ᠢ ᠪᠠᠶᠢᠴᠠᠭᠠᠨ ᠰᠤᠳᠤᠯᠪᠡ᠃      ᠲᠡᠷᠡ ᠴᠢᠬᠤᠯᠠᠴᠢᠯᠠᠬᠤ ᠳᠠᠭᠠᠨ᠂ ᠤᠯᠠᠭᠠᠢ ᠬᠠᠮᠢᠶᠠᠷᠤᠯᠲᠠ ᠶᠢᠨ ᠣᠷᠣᠨ᠂ ᠪᠠᠷᠠᠭᠤᠨ ᠦᠵᠦᠮᠦᠴᠢᠨ ᠬᠤᠰᠢᠭᠤᠨ ᠤ ᠰᠣᠶᠣᠯ ᠵᠢᠭᠤᠯᠴᠢᠯᠠᠯ ᠤᠨ ᠡᠬᠢ ᠪᠠᠶᠠᠯᠢᠭ ᠡᠯᠪᠡᠭ᠂ ᠰᠣᠶᠣᠯ ᠵᠢᠭᠤᠯᠴᠢᠯᠠᠯ ᠤᠨ ᠠᠵᠦ ᠦᠢᠯᠡᠰ ᠢ ᠬᠥᠭᠵᠢᠭᠦᠯᠬᠦ ᠪᠣᠯᠣᠮᠵᠢ ᠲᠤᠩ ᠶᠡᠭᠡ᠂ ᠡᠷᠭᠡᠪᠰᠢ ᠶᠡᠷᠦᠩᠬᠡᠢ ᠱᠦᠵᠢ ᠰᠢ ᠶᠢᠨ ᠫᠢᠡᠭ ᠤᠨ ᠵᠢᠭᠤᠯᠴᠢᠯᠠᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠲᠠᠢ ᠤᠶᠠᠯᠳᠤᠭᠤᠯᠤᠨ᠂ ᠣᠨᠴᠠᠯᠢᠭᠲᠤ ᠡᠬᠢ ᠪᠠᠶᠠᠯᠢᠭ ᠪᠠ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ᠂ ᠨᠠᠷᠠᠲᠤ ᠲᠡᠮᠳᠡᠭ ᠤᠨ ᠪᠠᠶᠢᠭᠤᠯᠤᠯᠲᠠ᠂ ᠡᠵᠡᠩᠨᠡᠯᠳᠡ ᠶᠢᠨ ᠰᠢᠨ᠎ᠡ ᠶᠢ ᠡᠭᠦᠳᠬᠦ᠂ ᠪᠦᠳᠦᠭᠡᠭᠳᠡᠭᠦᠨ ᠤ ᠬᠠᠩᠭᠠᠯᠭ᠎ᠠ᠂ ᠦᠢᠯᠡᠴᠢᠯᠡᠭᠡ ᠶᠢ ᠳᠡᠭᠡᠭᠰᠢᠯᠡᠭᠦᠯᠬᠦ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠢ ᠲᠠᠰ ᠳᠡᠪᠰᠢᠭᠦᠯᠬᠦ ᠶᠢ ᠠᠬᠢᠭᠤᠯᠵᠤ᠂ ᠨᠠᠷᠠᠲᠤ ᠲᠡᠮᠳᠡᠭ ᠢ ᠡᠭᠦᠳᠦᠨ᠂ ᠶᠠᠰᠦ ᠴᠢᠨᠠᠷ ᠢ ᠳᠡᠭᠡᠭᠰᠢᠯᠡᠭᠦᠯᠵᠦ᠂ ᠬᠥᠮᠥᠰ ᠤᠨ ᠬᠦᠷᠢᠶᠡᠯᠡᠯ ᠢ ᠨᠢᠭᠲᠠᠷᠠᠭᠤᠯᠦᠨ᠂ ᠬᠡᠷᠡᠭᠯᠡᠭᠡ ᠶᠢ ᠲᠠᠶᠢᠴᠢᠯᠠᠬᠤ ᠭᠡᠷᠡᠭᠳᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠦ ᠴᠤᠬᠴᠠᠯᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠰᠣᠶᠣᠯ ᠵᠢᠭᠤᠯᠴᠢᠯᠠᠯ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ ᠵᠢᠭᠤᠯᠴᠢᠯᠠᠯ ᠤᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠬᠦ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠨᠡᠩ ᠤᠯᠠᠨ ᠴᠢᠨᠠᠷ ᠰᠠᠶᠢᠲᠠᠢ ᠵᠢᠭᠤᠯᠴᠢᠯᠠᠯ ᠤᠨ ᠪᠦᠲᠦᠭᠡᠭᠳᠡᠬᠦᠨ ᠪᠠ ᠵᠠᠮ ᠱᠤᠭᠤᠮ ᠢ ᠡᠭᠦᠳᠴᠦ᠂ ᠨᠡᠩ ᠤᠯᠠᠨ ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠭᠢᠯᠠᠰ ᠴᠡᠭ᠂ ᠪᠤᠷᠤᠯᠠᠭᠤᠯᠭ᠎ᠠ ᠶᠢᠨ ᠴᠡᠭ ᠢ ᠡᠭᠦᠳᠦᠨ᠂ ᠪᠦᠬᠦᠯᠢ ᠴᠣᠭᠴᠠ ᠶᠢᠨ ᠥᠷᠢᠰᠦᠯᠳᠦᠬᠦ ᠬᠦᠴᠦᠨ ᠢ ᠲᠠᠰᠤᠷᠠᠯᠲᠠ ᠦᠭᠡᠢ ᠴᠢᠩᠭᠠᠳᠬᠠᠵᠤ᠂ ᠠᠵᠤ ᠦᠢᠯᠡᠰ ᠤᠨ ᠦᠷ᠎ᠡ ᠠᠰᠢᠭ ᠢ ᠨᠡᠮᠡᠭᠳᠡᠭᠦᠯᠬᠦ᠂ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠶᠢ ᠳᠠᠶᠢᠴᠢᠯᠠᠵᠤ᠂ ᠲᠤᠬᠠᠢ ᠶᠢᠨ ᠭᠠᠵᠠᠷ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠭᠦ ᠭᠡᠷᠡᠭᠳᠡᠢ ᠭᠡᠪᠡ᠃                                                           ᠣᠷᠴᠢᠭᠤᠯᠣᠭᠴᠢ᠄ ᠣᠶᠣᠩᠬᠤᠸᠠᠷ
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号