ᠯᠥᠸᠧ ᠴᠢᠩ ᠡᠷᠢᠶᠡᠨ ᠬᠤᠲᠠ ᠰᠥᠨᠢᠳ ᠪᠠᠷᠠᠭᠤᠨ ᠬᠤᠰᠢᠭᠤᠨ ᠳᠤ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠢ ᠪᠠᠭᠠᠰᠬᠠᠬᠤ ᠠᠵᠢᠯ ᠢ ᠲᠤᠬᠠᠢ ᠶᠢᠨ ᠲᠠᠯᠠᠪᠠᠶ ᠳᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/7/1
     6 ᠰᠠᠷ᠎ᠠ ᠶᠢᠨ 29 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠯᠥᠸᠧ ᠴᠢᠩ ᠡᠷᠢᠶᠡᠨ ᠬᠤᠳᠠ᠂ ᠰᠥᠨᠢᠳ ᠪᠠᠷᠠᠭᠤᠨ ᠬᠤᠰᠢᠭᠤᠨ ᠳᠤ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠢ ᠪᠠᠭᠠᠰᠬᠠᠬᠤ ᠠᠵᠢᠯ ᠢ ᠲᠤᠬᠠᠢ ᠶᠢᠨ ᠲᠠᠯᠠᠪᠠᠢ ᠳᠤ ᠵᠢᠭᠠᠨ ᠵᠢᠯᠣᠭᠤᠳᠪᠠ᠃      ᠯᠥᠸᠧ ᠴᠢᠩ ᠭᠠᠩ ᠬᠠᠭᠰᠠᠷᠠᠭᠠᠨ ᠤ ᠪᠠᠶᠢᠳᠠᠯ ᠬᠦᠨᠳᠦ ᠨᠣᠴᠢᠲᠠᠢ ᠪᠠᠶᠢᠭ᠎ᠠ ᠡᠷᠢᠶᠡᠨ ᠬᠤᠳᠠ ᠶᠢᠨ ᠬᠡᠷᠡᠯᠳᠤᠠᠤᠳᠤ ᠰᠤᠮᠤ  ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠲᠤᠬᠠᠢ ᠶᠢᠨ ᠲᠠᠯᠠᠪᠠᠢ ᠳᠤ ᠲᠣᠬᠢᠷᠠᠭᠤᠯᠤᠯᠳᠠ ᠶᠢᠨ ᠬᠤᠷᠠᠯ ᠬᠤᠷᠠᠯᠳᠤᠭᠤᠯᠵᠦ᠂ ᠡᠷᠢᠶᠡᠨ ᠬᠤᠳᠠ᠂ ᠰᠥᠨᠢᠳ ᠵᠡᠭᠦᠨ ᠬᠤᠰᠢᠭᠤ᠂ ᠰᠥᠨᠢᠳ ᠪᠠᠷᠠᠭᠤᠨ ᠬᠤᠰᠢᠭᠤᠨ ᠤ ᠬᠠᠷᠢᠭᠤᠴᠠᠯᠭᠠᠲᠠᠨ ᠲᠠᠢ ᠬᠠᠮᠲᠤ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠢ ᠪᠠᠭᠠᠰᠬᠠᠬᠤ ᠪᠣᠳᠠᠲᠠᠢ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠲᠤᠬᠠᠢ ᠰᠤᠳᠤᠯᠵᠠᠢ᠃ ᠲᠡᠷᠡ ᠴᠢᠬᠤᠯᠠᠴᠢᠯᠠᠬᠤ ᠳᠠᠭᠠᠨ᠂ ᠣᠳᠣᠬᠠᠨ ᠳᠤ ᠮᠠᠨ ᠤ ᠠᠶᠢᠮᠠᠭ ᠤᠨ ᠪᠠᠷᠠᠭᠤᠨ ᠬᠡᠰᠡᠭ ᠤᠨ ᠭᠠᠵᠠᠷ ᠣᠷᠣᠨ ᠤ ᠭᠠᠩ ᠬᠠᠭᠰᠠᠷᠠᠭᠠᠨ ᠲᠠᠢ ᠲᠡᠮᠡᠴᠡᠬᠦ ᠡᠭᠦᠷᠭᠡ ᠬᠠᠲᠠᠭᠤ ᠪᠡᠷᠬᠡ ᠪᠠᠶᠢᠨ᠎ᠠ᠂ ᠳᠡᠭᠡᠳᠦ ᠳᠣᠣᠷᠠᠳᠤ ᠱᠠᠲᠤ ᠪᠠᠷ ᠢᠶᠠᠨ ᠰᠡᠳᠬᠢᠯ ᠢᠶᠠᠨ ᠨᠢᠭᠡᠳᠬᠡᠵᠦ᠂ ᠬᠦᠴᠢᠷ ᠪᠡᠷᠬᠡ ᠶᠢ ᠬᠠᠮᠲᠤ ᠪᠠᠷ ᠳᠤᠭᠤᠯᠬᠤ ᠴᠢᠬᠤᠯᠠᠲᠠᠢ᠃ ᠡᠯ᠎ᠡ ᠱᠠᠲᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠶᠡᠷᠦᠩᠬᠡᠢ ᠱᠦᠵᠢ ᠰᠢ ᠶᠢᠨ ᠫᠢᠡᠭ ᠤᠨ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠪᠣᠯᠣᠨ ᠠᠶᠢᠮᠠᠭ ᠤᠨ ᠨᠠᠮ ᠤᠨ ᠬᠤᠷᠢᠶ᠎ᠠ᠂ ᠵᠠᠭᠢᠷᠭ᠎ᠠ ᠶᠢᠨ ᠠᠵᠢᠯ ᠤᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠢ ᠪᠠᠭᠠᠰᠬᠠᠬᠤ ᠡᠯ᠎ᠡ ᠵᠦᠢᠯ ᠤᠨ ᠠᠵᠢᠯ ᠢ ᠲᠦᠷᠭᠡᠨ᠂ ᠬᠦᠴᠦᠲᠡᠢ ᠪᠥᠭᠡᠳ ᠪᠦᠲᠦᠮᠵᠢᠲᠡᠶ ᠰᠠᠶᠢᠲᠤᠷ ᠬᠢᠵᠦ᠂ ᠤᠯᠠᠨ ᠲᠦᠮᠡᠨ ᠳᠤ ᠠᠰᠢᠭ ᠬᠦᠷᠲᠡᠭᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠭᠠᠮᠰᠢᠭᠳᠠᠭᠰᠠᠨ ᠣᠷᠣᠨ ᠳᠤ ᠡᠪᠡᠰᠦ ᠪᠣᠷᠳᠤᠭ᠎ᠠ ᠶᠢ ᠲᠦᠷᠭᠡᠨ ᠵᠦᠭᠡᠭᠡᠪᠦᠷᠢᠯᠡᠨ ᠬᠦᠷᠭᠡᠵᠦ᠂ ᠲᠤᠮᠳᠠᠭᠢ ᠭᠤᠬᠴᠤᠭ᠎ᠠ ᠶᠢ ᠪᠠᠭᠠᠰᠬᠠᠨ᠂ ᠭᠠᠮᠰᠢᠭᠳᠠᠭᠰᠠᠨ ᠤᠯᠠᠨ ᠲᠦᠮᠡᠨ ᠤ ᠬᠡᠷᠡᠭᠴᠡᠭᠡ ᠶᠢ ᠰᠶᠢᠳᠪᠦᠷᠢᠯᠡᠬᠦ ᠶᠢᠨ ᠬᠠᠮᠲᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠬᠡᠷᠡᠭᠲᠡᠢ᠃ ᠮᠠᠯ ᠤᠨᠤᠭ᠎ᠠ ᠶᠢ ᠡᠷᠲᠡᠭᠡᠨ ᠵᠠᠷᠤᠴᠠᠭᠤᠯᠬᠤ᠂ ᠲᠦᠷᠭᠡᠨ ᠵᠠᠷᠤᠴᠠᠭᠤᠯᠬᠤ᠂ ᠤᠯᠠᠨ ᠵᠠᠷᠤᠴᠠᠭᠤᠯᠬᠤ ᠪᠣᠳᠠᠲᠠᠢ ᠠᠷᠭ᠎ᠠ ᠬᠡᠮᠵᠢᠶ᠎ᠡ ᠠᠪᠴᠦ᠂ ᠮᠥᠩᠭᠦᠨ ᠭᠦᠢᠯᠭᠡᠭᠡᠨ ᠤ ᠦᠢᠯᠡᠳᠦᠯ ᠢ ᠰᠠᠶᠢᠲᠤᠷ ᠪᠠᠳᠠᠷᠠᠭᠤᠯᠵᠦ᠂ ᠠᠯᠠᠵᠤ ᠨᠢᠲᠤᠯᠵᠦ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠦᠨ᠎ᠡ ᠠᠴᠠ ᠥᠨᠳᠥᠷ ᠦᠨ᠎ᠡ ᠪᠠᠷ ᠮᠠᠯ ᠬᠤᠳᠠᠯᠳᠤᠨ ᠠᠪᠬᠤ ᠶᠢ ᠳᠡᠮᠵᠢᠵᠦ᠂ ᠭᠠᠮᠰᠢᠭᠳᠠᠭᠰᠠᠨ ᠤᠯᠠᠨ ᠲᠦᠮᠡᠨ ᠤ ᠬᠤᠬᠢᠷᠠᠯ ᠢ ᠪᠠᠭᠠᠰᠬᠠᠬᠤ ᠬᠡᠷᠡᠭᠲᠡᠢ᠃ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠢ ᠪᠠᠭᠠᠰᠬᠠᠬᠤ ᠮᠥᠩᠭᠦᠨ ᠭᠦᠢᠯᠭᠡᠭᠡᠨ ᠤ ᠦᠢᠯᠡᠴᠢᠯᠡᠭᠡ ᠪᠠᠲᠤᠯᠠᠭ᠎ᠠ ᠶᠢ ᠴᠢᠩᠭᠠᠳᠬᠠᠵᠤ᠂ ᠬᠦᠦ ᠮᠥᠩᠭᠦ ᠶᠢ ᠪᠠᠭᠤᠷᠠᠭᠤᠯᠬᠤ᠂ ᠬᠤᠭᠤᠴᠠᠭ᠎ᠠ ᠶᠢ ᠤᠷᠲᠤᠳᠬᠠᠬᠤ ᠵᠡᠷᠭᠡ ᠮᠥᠩᠭᠦᠨ ᠭᠦᠢᠯᠭᠡᠭᠡᠨ ᠤ ᠲᠦᠷᠦ ᠶᠢᠨ ᠪᠣᠳᠣᠯᠭ᠎ᠠ ᠶᠢ ᠠᠮᠢᠳᠤᠯᠢᠭ ᠭᠡᠷᠡᠭᠯᠡᠨ᠂ ᠭᠠᠮᠰᠢᠭᠳᠠᠭᠰᠠᠨ ᠤᠯᠠᠨ ᠲᠦᠮᠡᠨ ᠤ ᠪᠡᠯᠡ ᠮᠥᠩᠭᠦ ᠬᠦᠴᠢᠷᠳᠡᠯ ᠲᠠᠢ ᠪᠠᠶᠢᠭ᠎ᠠ ᠠᠰᠠᠭᠤᠳᠠᠯ ᠢ ᠬᠠᠪᠰᠤᠷᠤᠨ ᠰᠶᠢᠳᠪᠦᠷᠢᠯᠡᠬᠦ ᠬᠡᠷᠡᠭᠲᠡᠢ᠃ ᠴᠠᠭ ᠢ ᠵᠠᠪᠳᠤᠨ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠡᠯ᠎ᠡ ᠵᠦᠢᠯ ᠤᠨ ᠨᠥᠬᠦᠪᠦᠷᠢ ᠮᠥᠩᠭᠦ ᠶᠢ ᠤᠯᠠᠨ ᠲᠦᠮᠡᠨ ᠳᠤ ᠤᠯᠭᠤᠵᠦ᠂ ᠶᠠᠳᠠᠭᠤ ᠠᠴᠠ ᠠᠩᠭᠢᠵᠢᠷᠠᠭᠰᠠᠨ ᠡᠷᠦᠬᠡ᠂ ᠬᠢᠨᠠᠨ ᠭᠡᠮᠵᠢᠭᠦ ᠡᠷᠦᠭᠡ ᠵᠡᠷᠭᠡ ᠣᠨᠴᠠᠭᠠᠢ ᠡᠷᠦᠭᠡ ᠶᠢᠨ ᠦᠨᠳᠦᠰᠦᠨ ᠪᠠᠳᠤᠯᠠᠭ᠎ᠠ ᠶᠢᠨ ᠠᠵᠢᠯ ᠢ ᠰᠠᠶᠢᠲᠤᠷ ᠬᠢᠵᠦ᠂ ᠭᠠᠮᠰᠢᠭ ᠠᠴᠠ ᠪᠣᠯᠵᠤ ᠶᠠᠳᠠᠭᠤᠷᠠᠬᠤ ᠪᠠ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠡᠷᠡᠭᠲᠡᠢ᠃ ᠭᠠᠮᠰᠢᠭ ᠢ ᠲᠤᠭᠤᠯᠬᠤ ᠬᠡᠯᠪᠡᠷᠢ ᠶᠢᠨ ᠮᠠᠯ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠮᠠᠯ ᠪᠡᠯᠴᠢᠭᠡᠷ ᠤᠨ ᠲᠠᠩᠴᠡᠭᠦᠷᠢ ᠶᠢ ᠪᠠᠳᠤᠯᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠦᠨ᠂ ᠪᠠᠶᠢᠭᠠᠯᠢᠯᠢᠭ ᠪᠡᠯᠴᠢᠭᠡᠷ ᠤᠨ ᠮᠠᠯ ᠤᠨ ᠲᠤᠭ᠎ᠠ ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠬᠢᠵᠠᠭᠠᠷᠯᠠᠵᠤ᠂ ᠴᠥᠭᠡᠨ ᠮᠠᠯᠵᠢᠵᠦ ᠨᠠᠷᠢᠯᠢᠭ ᠮᠠᠯᠵᠢᠬᠤ᠂ ᠡᠷᠴᠢᠮᠵᠢᠭᠰᠡᠨ ᠥᠨᠳᠥᠷ ᠦᠷ᠎ᠡ ᠠᠰᠢᠬᠳᠦ ᠤᠳᠤ ᠦᠶ᠎ᠡ ᠶᠢᠨ ᠮᠠᠯ ᠠᠵᠤ ᠠᠬᠤᠢ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠬᠤ ᠬᠡᠷᠡᠭᠲᠡᠢ ᠭᠡᠪᠡ᠃      ᠯᠥᠸᠧ ᠴᠢᠩ ᠪᠠᠰᠠ ᠰᠥᠨᠢᠳ ᠪᠠᠷᠠᠭᠤᠨ ᠬᠤᠰᠢᠭᠤᠨ  ᠤ ᠮᠠᠯᠴᠢᠨ ᠲᠡᠷᠭᠡᠯ᠂ ᠯᠢ ᠬᠠᠢ ᠮᠢᠩ ᠤᠨ ᠳᠤ ᠭᠦᠨᠵᠡᠭᠡᠶᠢᠷᠡᠵᠦ᠂ ᠭᠠᠮᠰᠢᠭᠳᠠᠭᠰᠠᠨ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ᠂ ᠡᠪᠡᠰᠦ ᠪᠣᠷᠳᠤᠭ᠎ᠠ ᠨᠦᠭᠡᠴᠡᠯᠡᠭᠰᠡᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃      ᠠᠶᠢᠮᠠᠭ ᠤᠨ ᠳᠡᠳ᠋ ᠳᠠᠷᠤᠭ᠎ᠠ ᠰᠦᠨ ᠵᠧᠨ ᠵᠢᠶᠠᠩ ᠵᠢᠴᠢ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃                                                    ᠣᠷᠴᠢᠭᠤᠯᠣᠭᠴᠢ᠄ ᠣᠶᠣᠩᠬᠤᠸᠠᠷ
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号