ᠯᠥᠸᠧ ᠴᠢᠩ ᠪᠠᠷᠠᠭᠤᠨ ᠦᠵᠦᠮᠦᠴᠢᠨ ᠬᠤᠰᠢᠭᠤᠨ ᠳᠤ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/7/11
     7 ᠰᠠᠷ᠎ᠠ ᠶᠢᠨ 9 ᠤ ᠡᠳᠦᠷ ᠠᠴᠠ 10 ᠤ ᠡᠳᠦᠷ ᠪᠣᠯᠲᠠᠯ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠯᠥᠸᠧ ᠴᠢᠩ ᠪᠠᠷᠠᠭᠤᠨ ᠦᠵᠦᠮᠦᠴᠢᠨ ᠬᠤᠰᠢᠭᠤᠨ ᠳᠤ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠮᠢᠬᠠᠨ ᠤ ᠦᠬᠡᠷ ᠤᠨ ᠠᠵᠤ ᠦᠢᠯᠡᠰ ᠤᠨ ᠬᠥᠭᠵᠢᠯᠲᠡ ᠵᠡᠷᠭᠡ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃      ᠯᠥᠸᠧ ᠴᠢᠩ  ᠰᠣ ᠨᠧᠩ ᠤᠨ ᠪᠠᠶᠠᠨᠬᠤᠸᠠ ᠴᠠᠬᠢᠯᠭᠠᠨ ᠦᠢᠯᠡᠳᠪᠦᠷᠢ ᠪᠣᠯᠣᠨ ᠤᠯᠠᠭᠠᠢ ᠴᠠᠬᠢᠯᠭᠠᠨ ᠦᠢᠯᠡᠳᠪᠦᠷᠢ ᠶᠢᠨ 500 ᠺᠢᠯᠤᠸᠤᠯᠲ ᠤᠨ ᠴᠠᠬᠢᠯᠭᠠᠨ ᠢ ᠭᠠᠳᠠᠬᠰᠢ ᠬᠦᠷᠭᠡᠬᠦ ᠢᠨᠵᠧᠨᠧᠷᠢᠩ ᠤᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠪᠠᠶᠢᠴᠠᠭᠠᠨ ᠰᠤᠳᠤᠯᠤᠯᠲᠠ ᠬᠢᠵᠦ᠂ ᠤᠯᠤᠰ ᠤᠨ ᠡᠨᠧᠷᠭᠢ ᠶᠢᠨ ᠠᠮᠤᠷ ᠲᠦᠪᠰᠢᠨ ᠤ ᠪᠠᠶᠢᠯᠳᠤᠬᠤ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠡᠨᠧᠷᠭᠢ ᠶᠢᠨ ᠰᠠᠭᠤᠷᠢᠨ ᠭᠠᠵᠠᠷ ᠪᠣᠯᠣᠨ ᠭᠠᠳᠠᠭᠰᠢ ᠬᠦᠷᠭᠡᠬᠦ ᠨᠡᠪᠳᠡᠷᠡᠯ ᠵᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠡᠨᠧᠷᠭᠢ ᠶᠢᠨ ᠠᠮᠤᠷ ᠲᠦᠪᠰᠢᠨ ᠨᠠᠶᠢᠳᠠᠪᠤᠷᠢᠲᠠᠢ ᠬᠠᠩᠭᠠᠯᠭ᠎ᠠ ᠶᠢᠨ ᠴᠢᠳᠠᠪᠤᠷᠢ ᠶᠢ ᠲᠠᠰᠤᠷᠠᠯᠲᠠ ᠦᠭᠡᠢ ᠴᠢᠩᠭᠠᠳᠬᠠᠠ ᠮᠠᠨ ᠤ ᠠᠶᠢᠮᠠᠭ ᠤᠨ ᠡᠨᠧᠷᠭᠢ ᠶᠢᠨ ᠳᠠᠪᠠᠭᠤᠯᠢᠭ ᠢ ᠦᠨᠡᠨ ᠬᠦ ᠠᠵᠤ ᠠᠬᠤᠢ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠢᠮᠢ ᠶᠢᠨ ᠠᠵᠤ ᠦᠢᠯᠡᠳᠪᠦᠷᠢ᠂ ᠬᠥᠩᠭᠡᠨᠴᠠᠭᠠᠨ ᠤ ᠨᠠᠷᠢᠯᠢᠭ ᠡᠳ᠋ᠰᠢᠭᠦᠯᠦᠯᠲᠡ᠂ ᠥᠭᠡᠬᠦᠨ ᠴᠢᠯᠠᠭᠤᠨ ᠡᠯᠡᠰᠦ ᠦᠢᠯᠡᠳᠪᠦᠷᠢᠯᠡᠵᠦ ᠡᠳ᠋ᠰᠢᠭᠦᠯᠬᠦ᠂ ᠨᠤᠨᠳᠠᠭ ᠨᠡᠭᠦᠷᠡᠰᠦᠨ ᠤ ᠦᠨᠡᠰᠦ ᠶᠢ ᠶᠡᠷᠦᠩᠬᠡᠶᠢᠯᠡᠨ ᠠᠰᠢᠭᠯᠠᠬᠤ ᠵᠡᠷᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ ᠳᠡᠭᠡᠨ᠂ ᠯᠥᠸᠧ ᠴᠢᠩ᠂ ᠠᠮᠤᠷ ᠲᠦᠪᠰᠢᠨ ᠪᠠ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠦᠨᠡᠨ ᠬᠦ ᠪᠠᠲᠤᠯᠠᠭᠰᠠᠨ ᠤᠷᠢᠲᠠᠯ ᠳᠣᠣᠷ᠎ᠠ᠂ ᠰᠢᠨ᠎ᠡ ᠪᠠᠷ ᠪᠠᠶᠢᠭᠤᠯᠬᠤ ᠦᠷᠭᠦᠯᠵᠢᠯᠡᠨ ᠪᠠᠶᠢᠭᠤᠯᠬᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠤ᠂ ᠡᠷᠲᠡ ᠪᠠᠷᠢᠯᠭ᠎ᠠ ᠳᠠᠭᠤᠰᠬᠠᠠ᠂ ᠡᠷᠲᠡ ᠠᠰᠢᠭᠯᠠᠯᠲᠠ ᠳᠤ ᠣᠷᠣᠭᠤᠯᠵᠤ᠂ ᠦᠢᠯᠡᠳᠪᠦᠷᠢᠯᠡᠯ ᠤᠨ ᠴᠢᠳᠠᠪᠤᠷᠢ ᠶᠢ ᠴᠢᠷᠮᠠᠶᠢᠨ ᠥᠷᠭᠡᠳᠬᠡᠵᠦ᠂ ᠠᠵᠤ ᠠᠬᠤᠶᠢᠯᠠᠯ ᠤᠨ ᠭᠤᠣᠯᠯᠠᠭᠴᠢ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠢ᠃ ᠡᠭᠦᠨ ᠤ ᠬᠠᠮᠲᠤ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠬᠦ᠂ ᠴᠢᠨᠠᠷ ᠰᠠᠶᠢᠲᠠᠢ ᠪᠦᠲᠦᠭᠡᠨ ᠪᠠᠶᠢᠭᠤᠯᠬᠤ᠂ ᠥᠨᠳᠥᠷ ᠬᠢᠷᠢ ᠲᠦᠪᠰᠢᠨ ᠢᠶᠠᠷ ᠬᠦᠷᠢᠶᠡᠯᠡᠩ ᠲᠣᠭᠤᠷᠢᠭ ᠢ ᠬᠠᠮᠢᠶᠠᠷᠬᠤ ᠶᠢ ᠪᠠᠷᠢᠮᠲᠠᠯᠠᠵᠤ᠂ ᠪᠠᠷᠢᠮᠵᠢᠶᠠᠵᠢᠭᠰᠠᠨ ᠦᠢᠯᠡᠳᠪᠦᠷᠢ ᠶᠢᠨ ᠭᠡᠷ ᠪᠠᠶᠢᠰᠢᠩ ᠵᠡᠷᠭᠡ ᠢᠵᠢ ᠪᠦᠷᠢᠳᠦᠭᠰᠡᠨ ᠰᠠᠭᠤᠷᠢ ᠲᠥᠬᠦᠭᠡᠷᠦᠮᠵᠢ ᠶᠢ ᠪᠦᠲᠦᠭᠡᠨ ᠪᠠᠶᠢᠭᠤᠯᠵᠤ᠂ ᠪᠤᠬᠢᠷᠳᠤᠯ ᠦᠬᠡᠢ ᠴᠠᠬᠢᠯᠭᠠᠨ + ᠴᠢᠨᠠᠷ ᠰᠠᠶᠢᠲᠠᠢ ᠡᠨᠧᠷᠬᠢ ᠶᠢᠨ ᠠᠴᠢᠶ᠎ᠠ ᠶᠡᠭᠡ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠠᠵᠤ ᠦᠢᠯᠡᠰ ᠤᠨ ᠬᠡᠯᠬᠢᠶ᠎ᠡ ᠶᠢ ᠳᠡᠭᠡᠳᠦ ᠳᠣᠣᠷᠠᠳᠤ ᠤᠷᠤᠰᠬᠠᠯ ᠲᠡᠶᠢᠰᠢ ᠤᠷᠲᠤᠳᠬᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃      ᠪᠠᠶᠢᠴᠠᠭᠠᠨ ᠰᠤᠳᠤᠯᠤᠯᠲᠠ ᠬᠢᠬᠦ ᠶᠠᠪᠤᠴᠠ ᠳᠤ᠂ ᠯᠥᠸᠧ ᠴᠢᠩ ᠮᠢᠬᠠᠨ ᠤ ᠦᠬᠡᠷ ᠪᠣᠷᠳᠣᠠ ᠲᠠᠷᠭᠤᠯᠠᠭᠤᠯᠬᠤ ᠪᠠ ᠨᠢᠲᠤᠯᠵᠤ ᠪᠣᠯᠪᠠᠰᠤᠷᠠᠭᠤᠯᠬᠤ ᠠᠵᠤ ᠠᠬᠤᠶᠢᠯᠠᠯ ᠳᠤ ᠬᠦᠷᠴᠦ᠂ ᠠᠵᠤ ᠠᠬᠤᠶᠢᠯᠠᠯ ᠤᠨ ᠡᠷᠬᠢᠯᠲᠡ ᠶᠢᠨ ᠪᠠᠶᠢᠳᠠᠯ ᠪᠣᠯᠣᠨ ᠣᠷᠣᠰᠢᠵᠤ ᠪᠠᠶᠢᠭ᠎ᠠ ᠬᠦᠴᠢᠷᠳᠡᠯ ᠢ ᠨᠠᠷᠢᠨ ᠠᠰᠠᠭᠤᠨ ᠯᠠᠪᠯᠠᠵᠤ᠂ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠣᠶᠢᠯᠠᠭᠠᠭᠳᠠᠬᠤᠨ ᠢ ᠪᠤᠢ ᠪᠣᠯᠭᠠᠠ᠂ ᠬᠦᠴᠦᠨ ᠢᠶᠠᠨ ᠲᠥᠪᠯᠡᠷᠡᠭᠦᠯᠦᠨ ᠮᠢᠬᠠᠨ ᠤ ᠦᠬᠡᠷ ᠤᠨ ᠠᠵᠤ ᠦᠢᠯᠡᠰ ᠤᠨ ᠳᠠᠭᠠᠭᠤᠯᠤᠭᠴᠢ ᠠᠵᠤ ᠠᠬᠤᠶᠢᠯᠠᠯ ᠢ ᠪᠠᠶᠢᠭᠤᠯᠵᠤ᠂ ᠡᠷᠴᠢᠮᠵᠢᠭᠦᠯᠦᠨ ᠲᠡᠵᠢᠭᠡᠨ ᠦᠷᠡᠵᠢᠭᠦᠯᠬᠦ᠂ ᠨᠠᠷᠢᠯᠢᠭᠵᠢᠭᠤᠯᠤᠨ ᠡᠳ᠋ᠰᠢᠭᠦᠯᠵᠦ ᠪᠣᠯᠪᠠᠰᠤᠷᠠᠭᠤᠯᠬᠤ᠂ ᠨᠡᠷᠡᠲᠦ ᠲᠡᠮᠳᠡᠭᠵᠢᠭᠦᠯᠦᠨ ᠪᠣᠷᠣᠯᠠᠭᠤᠯᠬᠤ ᠶᠢ ᠠᠬᠢᠭᠤᠯᠵᠤ᠂ ᠪᠦᠲᠦᠭᠡᠭᠳᠡᠬᠦᠨ ᠢ ᠦᠨ᠎ᠡ ᠬᠦᠷᠭᠡᠬᠦ ᠴᠢᠳᠠᠪᠤᠷᠢ ᠶᠢ ᠳᠠᠰᠤᠷᠠᠯᠳᠠ ᠦᠭᠡᠢ ᠳᠡᠭᠡᠭᠰᠢᠯᠡᠭᠦᠯᠤᠨ᠂ ᠮᠠᠯᠴᠢᠳ ᠤᠨ ᠣᠷᠣᠯᠭ᠎ᠠ ᠶᠢᠨ ᠨᠡᠮᠡᠭᠳᠡᠯ ᠢ ᠴᠢᠷᠮᠠᠶᠢᠨ ᠳᠠᠶᠢᠴᠢᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠡᠨᠡ ᠬᠤᠭᠤᠴᠠᠭᠠᠨ ᠳᠤ᠂ ᠯᠥᠸᠧ ᠴᠢᠩ ᠪᠠᠰᠠ ᠪᠠᠯᠭᠠᠷ ᠨᠢᠰᠬᠡᠯ ᠤᠨ ᠪᠠᠭᠤᠳᠠᠯ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠪᠠᠶᠢᠳᠠᠯ ᠢ ᠣᠶᠢᠯᠠᠭᠠᠪᠠ᠃      ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃                                                  ᠣᠷᠴᠢᠭᠤᠯᠣᠭᠴᠢ᠄ ᠣᠶᠣᠩᠬᠤᠸᠠᠷ
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号