ᠠᠶᠢᠮᠠᠭ ᠤᠨ ᠵᠠᠬᠢᠷᠭ᠎ᠠ 2024 ᠣᠨ ᠤ ᠬᠤᠷᠢᠨ ᠨᠢᠭᠡᠳᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/13
     7 ᠰᠠᠷ᠎ᠠ ᠶᠢᠨ 12 ᠤᠨ ᠡᠳᠦᠷ᠂ ᠠᠶᠢᠮᠠᠭ ᠤᠨ ᠵᠠᠬᠢᠷᠭ᠎ᠠ 2024 ᠣᠨ ᠤ ᠬᠤᠷᠢᠨ ᠨᠢᠭᠡᠳᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠯᠥᠸᠧ ᠴᠢᠩ ᠬᠤᠷᠠᠯ ᠢ ᠡᠷᠭᠢᠯᠡᠪᠡ᠃      ᠬᠤᠷᠠᠯ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠦᠷᠦᠯ ᠵᠦᠢᠯ ᠢ ᠬᠡᠷᠡᠭᠵᠢᠭᠦᠯᠬᠦ ᠲᠥᠯᠥᠪᠯᠡᠭᠡ ᠶᠢ ᠰᠤᠳᠤᠯᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ᠲᠦᠷᠦ ᠶᠢᠨ ᠪᠣᠳᠣᠯᠭ᠎ᠠ ᠶᠢ ᠰᠠᠶᠢᠲᠤᠷ ᠠᠰᠢᠭᠯᠠᠠ ᠭᠦᠢᠴᠡᠳ ᠬᠡᠷᠡᠭᠯᠡᠵᠦ᠂ ᠮᠠᠯᠵᠢᠬᠤ ᠲᠠᠷᠢᠶᠠᠯᠠᠬᠤ ᠣᠷᠣᠨ ᠤ ᠳᠠᠪᠠᠭᠤᠯᠢᠭ ᠣᠨᠴᠠᠯᠢᠭᠲᠤ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠲᠠ ᠦᠭᠡᠢ ᠤᠷᠲᠤᠳᠬᠠᠠ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠣᠷᠣᠰᠢᠨ ᠰᠠᠭᠤᠷᠢᠰᠢᠬᠤ ᠳᠤ ᠲᠠᠭᠠᠯᠠᠮᠵᠢᠲᠠᠢ ᠠᠵᠢᠯ ᠦᠢᠯᠡᠰ ᠪᠣᠰᠬᠠᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠴᠣᠭᠴᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠵᠢᠭᠤᠯᠴᠢᠯᠠᠯ ᠤᠨ ᠠᠵᠦ ᠦᠢᠯᠡᠰ ᠤᠨ ᠬᠥᠭᠵᠢᠯᠲᠡ ᠶᠢᠨ ᠠᠵᠢᠯ ᠢ ᠰᠤᠳᠤᠯᠵᠤ᠂ ᠵᠢᠭᠤᠯᠴᠢᠯᠠᠯ ᠤᠨ ᠦᠢᠯᠡᠰ ᠢ ᠬᠥᠭᠵᠢᠭᠦᠯᠬᠦ ᠶᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠬᠦᠴᠦᠯᠡᠬᠦ ᠴᠡᠭ ᠪᠣᠯᠭᠠᠬᠤ ᠶᠢ ᠪᠠᠷᠢᠮᠲᠠᠯᠠᠵᠤ᠂ ᠵᠢᠭᠤᠯᠴᠢᠯᠠᠯ ᠢ ᠲᠡᠳᠬᠦᠬᠦ ᠪᠡᠯᠡ ᠮᠥᠩᠭᠦ ᠶᠢᠨ ᠬᠥᠲᠥᠯᠥᠨ ᠳᠠᠭᠠᠭᠤᠯᠬᠤ ᠲᠦᠯᠬᠢᠴᠡ ᠦᠢᠯᠡᠳᠦᠯ ᠢ ᠭᠦᠢᠴᠡᠳ ᠪᠠᠳᠠᠷᠠᠭᠤᠯᠤᠨ᠂ ᠳᠤᠲᠠᠭᠤᠳᠠᠯ ᠢ ᠲᠦᠷᠭᠡᠨ ᠨᠥᠬᠦᠪᠦᠷᠢᠯᠡᠵᠦ᠂ ᠵᠢᠭᠤᠯᠴᠢᠯᠠᠯ ᠤᠨ ᠡᠵᠡᠩᠨᠡᠯᠲᠡ ᠶᠢᠨ ᠬᠡᠯᠪᠡᠷᠢ ᠶᠢ ᠪᠠᠶᠠᠯᠢᠭᠵᠢᠭᠤᠯᠤᠨ᠂ ︽ᠢᠳᠡᠬᠦ ᠰᠠᠭᠤᠬᠤ ᠶᠠᠪᠤᠬᠤ ᠵᠢᠭᠤᠯᠴᠢᠯᠠᠬᠤ ᠬᠤᠳᠠᠯᠳᠤᠨ ᠠᠪᠬᠤ ᠵᠤᠭ᠎ᠠ ᠴᠡᠩᠭᠡᠯ︾  ᠤᠨ ᠵᠢᠭᠤᠯᠴᠢᠯᠠᠯ ᠤᠨ ᠡᠯᠧᠮᠧᠨ᠋ᠲ ᠢ ᠨᠢᠭᠡ ᠴᠣᠭᠴᠠᠵᠢᠭᠤᠯᠤᠨ ᠶᠠᠰᠦ ᠴᠢᠨᠠᠷ ᠢ ᠳᠡᠭᠡᠭᠰᠢᠯᠡᠭᠦᠯᠵᠦ᠂ ᠵᠢᠭᠤᠯᠴᠢᠯᠠᠯ ᠤᠨ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠦᠷᠭᠦᠯᠵᠢᠯᠡᠨ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃                                                           ᠣᠷᠴᠢᠭᠤᠯᠣᠭᠴᠢ᠄ ᠣᠶᠣᠩᠬᠤᠸᠠᠷ
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号