︽ᠰᠢᠯᠢ ᠶᠢᠨ ᠭᠤᠣᠯ ᠠᠶᠢᠮᠠᠭ ᠤᠨ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠠᠵᠦ ᠦᠢᠯᠡᠰ ᠤᠨ ᠬᠦᠭᠵᠢᠯᠳᠡ ᠶᠢ ᠳᠡᠳᠬᠦᠨ ᠳᠡᠮᠵᠢᠬᠦ ᠠᠷᠭ᠎ᠠ ︵ᠲᠤᠷᠰᠢᠨ ᠬᠡᠷᠡᠭᠵᠢᠭᠦᠯᠬᠦ︶᠎ ︾ ᠎ ᠶᠢ ᠳᠠᠷᠤᠮᠠᠯᠯᠠᠨ ᠶᠠᠪᠤᠭᠤᠯᠬᠤ ᠲᠤᠬᠠᠢ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2024/7/15
           ᠰᠢᠯᠢ ᠵᠠᠬᠢᠷᠭ᠎ᠠ ᠠᠯᠪᠠᠨ ᠲᠠᠷᠬᠠᠭᠠᠭᠰᠠᠨ ﹇2024﹈ 14 ᠳ᠋ᠤᠭᠠᠷ ᠲᠤᠭᠠᠲᠤ ︽ᠰᠢᠯᠢ ᠶᠢᠨ ᠭᠤᠣᠯ ᠠᠶᠢᠮᠠᠭ ᠤᠨ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠠᠵᠦ ᠦᠢᠯᠡᠰ ᠎ ᠤᠨ ᠬᠦᠭᠵᠢᠯᠳᠡ ᠶᠢ ᠳᠡᠳᠬᠦᠨ ᠳᠡᠮᠵᠢᠬᠦ ᠠᠷᠭ᠎ᠠ ︵ᠲᠤᠷᠰᠢᠨ ᠬᠡᠷᠡᠭᠵᠢᠭᠦᠯᠬᠦ︶᠎ ︾  ᠎ ᠶᠢ ᠳᠠᠷᠤᠮᠠᠯᠯᠠᠨ ᠶᠠᠪᠤᠭᠤᠯᠬᠤ ᠲᠤᠬᠠᠢ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ ᠤᠨ ᠮᠡᠳᠡᠭᠳᠡᠯᠡᠯ᠎ᠡ ᠬᠤᠰᠢᠭᠤ ᠰᠢᠶᠠᠨ ᠬᠤᠲᠠ ︵ᠣᠷᠣᠨ︶᠎ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶᠂ ᠠᠶᠢᠮᠠᠭ ᠤᠨ ᠬᠤᠯᠪᠣᠭᠳᠠᠯ ᠪᠥᠬᠦᠶ ᠰᠠᠯᠠᠭ᠎ᠠ ᠮᠦᠴᠢᠷ᠂ ᠵᠥᠪᠯᠡᠯ᠂ ᠠᠯᠪᠠᠨ ᠬᠡᠷ᠂ ᠲᠣᠪᠴᠢᠶᠠᠨ ᠳᠤ᠄      ︽ᠰᠢᠯᠢ ᠶᠢᠨ ᠭᠤᠣᠯ ᠠᠶᠢᠮᠠᠭ ᠤᠨ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠠᠵᠦ ᠦᠢᠯᠡᠰ ᠤᠨ ᠬᠦᠭᠵᠢᠯᠳᠡ ᠶᠢ ᠳᠡᠳᠬᠦᠨ ᠳᠡᠮᠵᠢᠬᠦ ᠠᠷᠭ᠎ᠠ ︵ᠲᠤᠷᠰᠢᠨ ᠬᠡᠷᠡᠭᠵᠢᠭᠦᠯᠬᠦ︶᠎ ︾  ᠎ ᠶᠢ ᠨᠢᠭᠡᠨᠲᠡ ᠵᠠᠬᠢᠷᠭ᠎ᠠ ᠶᠢᠨ 2024 ᠣᠨ ᠤ 5 ᠳ᠋ᠤᠭᠠᠷ ᠣᠳᠠᠭᠠᠨ ᠤ ᠪᠠᠶᠢᠩᠭᠤ ᠶᠢᠨ ᠬᠤᠷᠠᠯ ᠢᠶᠠᠷ ᠰᠤᠳᠤᠯᠤᠨ ᠵᠦᠪᠰᠢᠶᠡᠷᠡᠭᠦᠯᠦᠭᠡᠳ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃                 ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ                   2024 ᠣᠨ ᠤ 2 ᠳ᠋ᠤᠭᠠᠷ ᠰᠠᠷ᠎ᠠ ᠶᠢᠨ 1᠎ ᠤ ᠡᠳᠦᠷ ᠰᠢᠯᠢ ᠶᠢᠨ ᠭᠤᠣᠯ ᠠᠶᠢᠮᠠᠭ ᠤᠨ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠠᠵᠦ ᠦᠢᠯᠡᠰ ᠤᠨ ᠬᠦᠭᠵᠢᠯᠳᠡ ᠶᠢ ᠳᠡᠳᠬᠦᠨ ᠳᠡᠮᠵᠢᠬᠦ ᠠᠷᠭ᠎ᠠ ︵ᠲᠤᠷᠰᠢᠨ ᠬᠡᠷᠡᠭᠵᠢᠭᠦᠯᠬᠦ︶᠎         ︽ᠬᠤᠨᠢ ᠶᠢ ᠴᠦᠬᠡᠳᠭᠡᠵᠦ ᠦᠬᠡᠷ ᠢ ᠨᠡᠮᠡᠭᠳᠡᠭᠦᠯᠬᠦ︾ ᠦᠷ᠎ᠡ ᠪᠦᠲᠦᠭᠡᠯ ᠢ ᠤᠯᠠᠮ ᠪᠠᠬᠢᠵᠢᠭᠦᠯᠵᠦ᠂ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠂ ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ ᠡᠷᠴᠢᠮ ᠎ ᠢᠶᠠᠨ ᠴᠢᠩᠭᠠᠷᠠᠭᠤᠯᠵᠤ᠂ ᠴᠢᠨᠠᠷ ᠰᠠᠶᠢᠲᠠᠢ ᠮᠢᠬᠠᠨ ᠤ ᠦᠬᠡᠷ ᠤᠨ ᠰᠢᠯᠢᠳᠡᠭ ᠡᠭᠦᠯᠳᠡᠷ ᠢ ᠦᠷᠭᠡᠳᠭᠡᠨ ᠪᠤᠶᠢᠵᠢᠭᠤᠯᠬᠤ ᠶᠢ ᠲᠦᠷᠭᠡᠳᠭᠡᠵᠦ᠂ ᠮᠠᠯᠴᠢᠨ ᠲᠠᠷᠢᠶᠠᠴᠢᠨ ᠤ ᠤᠷᠤᠯᠭ᠎ᠠ ᠶᠢ ᠨᠡᠮᠡᠭᠳᠡᠭᠦᠯᠬᠦ ᠶᠢᠨ ᠲᠦᠯᠦᠭᠡ ᠤᠯᠤᠰ ᠪᠠ ᠦᠪᠡᠷᠲᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠦᠨᠳᠦᠰᠦᠯᠡᠨ ᠰᠢᠯᠢ ᠶᠢᠨ ᠭᠤᠤᠯ ᠠᠶᠢᠮᠠᠭ ᠭᠠᠵᠠᠷ ᠤᠷᠤᠨ ᠤ ᠬᠦᠭᠵᠢᠯᠲᠡ ᠶᠢᠨ ᠪᠤᠳᠠᠲᠠᠢ ᠲᠠᠢ ᠪᠠᠨ ᠤᠶᠠᠯᠳᠤᠭᠤᠯᠤᠨ᠂ ᠲᠣᠰ ᠠᠷᠭ᠎ᠠ ᠳᠤ ᠵᠠᠰᠠᠪᠤᠷᠢ ᠣᠷᠣᠭᠤᠯᠪᠠ᠃      ᠨᠢᠭᠡᠳᠦᠭᠡᠷ ᠪᠦᠯᠦᠭ  ᠳᠡᠳᠬᠦᠨ ᠳᠡᠮᠵᠢᠬᠦ ᠡᠲᠡᠭᠡᠳ ᠵᠢᠴᠢ ᠠᠭᠤᠯᠭ᠎ᠠ      ᠨᠢᠭᠡᠳᠦᠭᠡᠷ ᠵᠦᠢᠯ   ᠳᠡᠳᠬᠦᠨ ᠳᠡᠮᠵᠢᠬᠦ ᠡᠲᠡᠭᠡᠳ      ᠮᠢᠬᠠᠨ ᠤ ᠦᠬᠡᠷ ᠮᠠᠯᠵᠢᠬᠤ ᠡᠷᠦᠬᠡ᠂ ᠮᠢᠬᠠᠨ ᠤ ᠦᠬᠡᠷ ᠤᠨ ᠭᠤᠣᠯᠳᠠᠯᠭᠠᠳᠣ ᠰᠦᠷᠦᠭ᠂ ᠦᠷ᠎ᠡ ᠶᠢᠨ  ᠮᠠᠯ ᠤᠨ ᠲᠠᠯᠠᠪᠠᠢ      ᠬᠤᠶᠠᠳᠤᠭᠠᠷ ᠵᠦᠢᠯ   ᠲᠡᠳᠬᠦᠨ ᠳᠡᠮᠵᠢᠬᠦ ᠠᠭᠤᠯᠭ᠎ᠠ      ︵ᠨᠢᠭᠡ︶ ᠮᠢᠬᠠᠨ ᠤ ᠦᠬᠡᠷ ᠤᠨ ᠭᠤᠤᠯᠳᠠᠯᠭᠠᠲᠤ ᠰᠦᠷᠦᠭ ᠤᠨ ᠪᠠᠶᠢᠭᠤᠯᠤᠯᠲᠠ ᠶᠢ ᠳᠡᠮᠵᠢᠨ᠎ᠡ᠃ ᠰᠢᠨ᠎ᠡ ᠪᠠᠷ ᠬᠢᠨᠠᠨ ᠲᠤᠭᠳᠠᠭᠠᠵᠦ ᠬᠢᠷᠢ ᠲᠡᠩᠴᠡᠭᠰᠡᠨ ᠠᠶᠢᠮᠠᠭ ᠤᠨ ᠳᠡᠰ ᠤᠨ ᠮᠢᠬᠠᠨ ᠤ ᠦᠬᠡᠷ ᠤᠨ ᠭᠤᠤᠯᠳᠠᠯᠭᠠᠲᠤ ᠰᠦᠷᠦᠭ ᠢ ᠨᠢᠭᠡᠯᠡ ᠲᠡᠭᠡᠷ᠎ᠡ 3 ᠲᠦᠮᠡᠨ ᠲᠦᠭᠦᠷᠢᠭ ᠢᠶᠠᠷ ᠱᠠᠩᠨᠠᠵᠦ᠂ ᠲᠠᠬᠢᠨ ᠰᠢᠨ᠎ᠡ ᠪᠠᠷ ᠬᠢᠨᠠᠨ ᠲᠤᠭᠳᠠᠭᠠᠯ ᠬᠢᠯᠬᠡᠭᠰᠡᠡ ᠢ ᠱᠠᠩᠨᠠᠬᠤ ᠦᠭᠡᠢ᠃ 2024 ᠣᠨ ᠠᠴᠠ ᠰᠡᠭᠦᠯᠡᠷ ᠥᠷᠲᠡᠭᠡᠨ ᠤ ᠦᠷ᠎ᠡ ᠶᠢ ᠭᠡᠷᠡᠭᠯᠡᠵᠦ ᠦᠷ᠎ᠡ ᠶᠢᠨ ᠮᠠᠯ ᠪᠤᠶᠢᠵᠢᠭᠤᠯᠤᠭᠰᠠᠨ ᠤᠯᠤᠰ ᠤᠨ ᠲᠡᠰ ᠤᠨ ᠡᠭᠦᠯᠳᠡᠷ ᠪᠤᠶᠢᠵᠢᠭᠤᠯᠬᠤ ᠭᠤᠤᠯᠳᠠᠯᠭᠠᠳᠤ ᠲᠠᠯᠠᠪᠠᠶ ᠶᠢᠨ ᠦᠬᠡᠷ ᠪᠦᠷᠢ ᠳᠤ ᠨᠢᠭᠡᠯᠠ ᠲᠡᠭᠡᠷ᠎ᠡ 2 ᠲᠦᠮᠡᠨ ᠲᠥᠭᠦᠷᠢᠭ ᠤᠨ ᠨᠥᠬᠦᠪᠥᠷᠢ ᠥᠭᠴᠦ᠂ ᠰᠢᠨ᠎ᠡ ᠪᠠᠷ ᠥᠪᠡᠷᠲᠡᠭᠡᠨ ᠵᠠᠰᠠᠬᠤ ᠣᠷᠣᠨ ᠤ ᠲᠡᠰ ᠤᠨ ᠮᠢᠬᠠᠨ ᠤ ᠦᠬᠡᠷ ᠤᠨ ᠡᠭᠦᠯᠳᠡᠷ ᠪᠤᠶᠢᠵᠢᠭᠤᠯᠬᠤ ᠭᠤᠤᠯᠳᠠᠯᠭᠠᠲᠤ ᠲᠠᠯᠠᠪᠠᠶ ᠪᠠᠷ ᠦᠨᠡᠯᠡᠭᠳᠡᠪᠡᠯ ᠨᠢᠭᠡᠯᠡ ᠲᠡᠭᠡᠷ᠎ᠡ 20 ᠲᠦᠮᠡᠨ ᠲᠥᠭᠦᠷᠢᠭ  ᠎ ᠢᠶᠠᠷ ᠱᠠᠩᠨᠠᠨ᠎ᠠ᠃ ᠰᠢᠨ᠎ᠡ ᠪᠠᠷ ᠤᠯᠤᠰ ᠤᠨ ᠲᠡᠰ ᠤᠨ ᠮᠢᠬᠠᠨ ᠤ ᠦᠬᠡᠷ ᠤᠨ ᠡᠭᠦᠯᠳᠡᠷ ᠪᠤᠶᠢᠵᠢᠭᠤᠯᠬᠤ ᠭᠤᠤᠯᠳᠠᠯᠭᠠᠳᠤ ᠲᠠᠯᠠᠪᠠᠶ ᠪᠠᠷ ᠦᠨᠡᠯᠡᠭᠳᠡᠪᠡᠯ ᠨᠢᠭᠡᠯᠡ ᠲᠡᠭᠡᠷ᠎ᠡ 100 ᠲᠦᠮᠡᠨ ᠲᠥᠭᠦᠷᠢᠭ ᠢᠶᠠᠷ ᠱᠠᠩᠨᠠᠨ᠎ᠠ᠃ ᠰᠢᠨ᠎ᠡ ᠪᠠᠷ ᠤᠯᠤᠰ ᠤᠨ ᠲᠠᠰ ᠤᠨ ᠮᠢᠬᠠᠨ ᠤ ᠦᠬᠡᠷ ᠤᠨ ᠤᠳᠤᠮᠯᠠᠯ ᠤᠨ ᠡᠬᠢ ᠪᠠᠶᠠᠯᠢᠭ ᠤᠨ ᠡᠭᠦᠯᠳᠡᠷ ᠬᠠᠮᠠᠭᠠᠯᠠᠬᠤ ᠲᠠᠯᠠᠪᠠᠶ ︵ᠲᠣᠭᠤᠷᠢᠭ︶᠎ ᠪᠠᠷ ᠦᠨᠡᠯᠡᠭᠳᠡᠪᠡᠯ ᠨᠢᠭᠡᠯᠡ ᠲᠡᠭᠡᠷ᠎ᠡ 30 ᠲᠦᠮᠡᠨ ᠲᠥᠭᠦᠷᠢᠭ ᠢᠶᠠᠷ ᠱᠠᠩᠨᠠᠨ᠎ᠠ᠃      ︵ᠬᠤᠶᠠᠷ︶ ᠮᠢᠬᠠᠨ ᠤ ᠦᠬᠡᠷ ᠤᠨ ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ ᠠᠵᠢᠯ ᠢ ᠳᠡᠮᠵᠢᠨ᠎ᠡ᠃ ᠠᠶᠢᠮᠠᠭ ᠤᠨ ᠱᠠᠲᠤᠨ ᠤ ᠡᠳ᠋ ᠤᠨ ᠵᠠᠰᠠᠭ ᠠᠴᠠ ᠵᠢᠯ ᠪᠦᠷᠢ 1300 ᠲᠦᠮᠡᠨ ᠲᠥᠭᠦᠷᠢᠭ ᠣᠷᠴᠢᠮ ᠤᠨ ᠲᠤᠰᠬᠠᠶ ᠲᠦᠷᠦᠯ ᠤᠨ ᠪᠠᠯᠠ ᠮᠥᠩᠭᠦ ᠣᠷᠣᠭᠤᠯᠵᠤ᠂ ᠤᠯᠤᠰ ᠲᠤ ᠪᠠᠨ ᠦᠢᠯᠡᠳᠪᠦᠷᠢᠯᠡᠭᠰᠡᠨ ᠪᠠ ᠭᠠᠳᠠᠭᠠᠳᠤ ᠠᠴᠠ ᠣᠷᠣᠭᠤᠯᠤᠭᠰᠠᠨ ᠴᠢᠨᠠᠷ ᠰᠠᠶᠢᠲᠠᠶ ᠢᠴᠡᠭᠡᠯ ᠦᠷ᠎ᠡ᠂ ᠰᠢᠩᠭᠡᠨ ᠠᠽᠣᠲ᠂ ᠰᠢᠩᠭᠡᠨ ᠠᠽᠣᠲ ᠤᠨ ᠰᠠᠪᠠ᠂ ᠢᠴᠡᠭᠡᠯ ᠦᠷ᠎ᠡ ᠶᠢᠨ ᠭᠡᠭᠡᠯᠳᠦᠬᠦᠯᠭᠡ ᠶᠢᠨ ᠪᠠᠭᠠᠵᠢ ᠲᠥᠬᠦᠭᠡᠷᠦᠮᠵᠢ ᠶᠢ ᠬᠤᠳᠠᠯᠳᠤᠨ ᠠᠪᠬᠤ ᠪᠠ ᠠᠶᠢᠮᠠᠭ ᠬᠤᠰᠢᠭᠤ ᠬᠤᠶᠠᠷ ᠱᠠᠲᠤᠨ ᠤ  ᠲᠣᠬᠠᠶᠢᠯᠠᠭᠰᠠᠨ ᠠᠵᠢᠯ ᠤᠨ ᠵᠠᠷᠤᠳᠠᠯ ᠳᠤ ᠭᠡᠷᠡᠭᠯᠡᠨ᠎ᠡ᠃ ᠭᠠᠳᠠᠭᠠᠳᠤ ᠠᠴᠠ ᠣᠷᠣᠭᠤᠯᠤᠭᠰᠠᠨ ᠢᠴᠡᠭᠡᠯ ᠦᠷ᠎ᠡ ᠪᠦᠷᠢ ᠳᠤ 30 ᠲᠥᠭᠦᠷᠢᠭ ᠤᠨ ᠨᠥᠬᠦᠪᠥᠷᠢ ᠥᠭᠴᠦ᠂ ᠤᠯᠤᠰ ᠲᠤ ᠪᠠᠨ ᠦᠢᠯᠡᠳᠪᠦᠷᠢᠯᠡᠭᠰᠡᠨ ᠢᠴᠡᠭᠡᠯ ᠦᠷ᠎ᠡ ᠪᠦ᠋ᠷᠢ ᠳᠤ 10 ᠲᠥᠭᠦᠷᠢᠭ ᠤᠨ ᠨᠥᠬᠦᠪᠥᠷᠢ ᠥᠭᠭᠦᠨ᠎ᠡ᠃      ︵ᠭᠤᠷᠪᠠ︶  ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ ᠪᠦᠷᠬᠦᠴᠡ ᠶᠢ ᠥᠷᠭᠡᠳᠭᠡᠬᠦ ᠶᠢ ᠳᠡᠮᠵᠢᠨ᠎ᠡ᠃  ᠮᠠᠯᠵᠢᠬᠤ ᠣᠷᠣᠨ ᠳᠤ ᠭᠠᠴᠠᠭ᠎ᠠ ᠪᠠᠷ ᠨᠢᠭᠡᠴᠢᠯᠡᠵᠦ ᠮᠢᠬᠠᠨ ᠤ ᠦᠬᠡᠷ ᠤᠨ ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ ᠠᠵᠢᠯ ᠎ ᠢ ᠪᠦᠬᠦᠯᠢ  ᠴᠣᠭᠴᠠ ᠪᠠᠷ ᠨᠢ ᠳᠥᠯᠭᠢᠨ ᠠᠬᠢᠭᠤᠯᠬᠤ ᠶᠢ ᠵᠣᠷᠢᠭᠵᠢᠭᠤᠯᠤᠨ᠎ᠠ᠃ ᠡᠮᠦᠨ᠎ᠡ ᠬᠡᠰᠡᠭ ᠤᠨ ᠮᠠᠯᠵᠢᠬᠤ ᠣᠷᠣᠨ ᠤ ᠢᠴᠡᠭᠡᠯ ᠦᠷ᠎ᠡ ᠶᠢᠨ ᠬᠡᠭᠡᠯᠲᠦᠭᠦᠯᠭᠡ ᠬᠢᠬᠦ ᠡᠬᠡ ᠮᠠᠯ ᠢ ᠲᠦᠯᠯᠡᠬᠦ ᠡᠬᠡ ᠮᠠᠯ ᠤᠨ 65%᠎ ᠠᠴᠠ ᠳᠡᠭᠡᠭᠰᠢ ᠳᠤ ᠬᠦᠷᠭᠡᠵᠦ᠂ ᠬᠤᠶᠢᠨ᠎ᠠ ᠬᠡᠰᠡᠭ ᠪᠠ ᠪᠠᠷᠠᠭᠤᠨ ᠬᠡᠰᠡᠭ ᠤᠨ ᠭᠠᠵᠠᠷ ᠣᠷᠣᠨ ᠳᠤ 30%᠎ ᠠᠴᠠ ᠳᠡᠭᠡᠭᠰᠢ ᠳᠤ ᠬᠦᠷᠭᠡᠬᠦ ᠮᠥᠷᠲᠡᠭᠡᠨ ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ ᠬᠠᠷᠢᠴᠠᠯ ᠢ ᠳᠡᠭᠡᠷ᠎ᠡ ᠵᠢᠯ ᠤᠨ ᠬᠢ ᠠᠴᠠ 10%᠎ ᠠᠴᠠ ᠳᠡᠭᠡᠭᠰᠢ ᠳᠤ ᠬᠦᠷᠭᠡᠵᠦ᠂ ᠭᠠᠴᠠᠭᠠᠨ ᠤ ᠨᠠᠮ ᠤᠨ ᠡᠬᠦᠷ ᠠᠷᠠᠳ ᠤᠨ ᠵᠦᠪᠯᠡᠯ ᠠᠴᠠ ᠨᠢᠭᠡᠳᠦᠯᠲᠡᠶ ᠵᠣᠬᠢᠶᠠᠨ ᠪᠠᠶᠢᠭᠤᠯᠵᠤ ᠠᠬᠢᠭᠤᠯᠤᠭᠰᠠᠨ ᠭᠠᠴᠠᠭᠠᠨ ᠳᠤ ᠨᠢᠭᠡᠯᠡ ᠲᠡᠭᠡᠷ᠎ᠡ 5 ᠲᠦᠮᠡᠨ ᠲᠥᠭᠦᠷᠢᠭ ᠤᠨ ᠱᠠᠩᠨᠠᠯ ᠤᠯᠭᠤᠨ᠎ᠠ᠃ ᠬᠤᠰᠢᠭᠤ ᠰᠢᠶᠠᠨ ᠬᠤᠲᠠ ︵ᠤᠷᠤᠨ︶᠎ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶᠎ ᠠᠴᠠ ᠪᠠᠲᠤᠯᠠᠨ ᠲᠠᠨᠢᠯᠴᠠᠭᠤᠯᠵᠤ ᠢᠯᠡ ᠨᠡᠶᠢᠲᠡᠯᠡᠨ᠂ ᠠᠶᠢᠮᠠᠭ ᠤᠨ ᠱᠠᠲᠤᠨ ᠠᠴᠠ ᠬᠢᠨᠠᠨ ᠪᠠᠶᠢᠴᠠᠭᠠᠵᠦ ᠰᠢᠯᠭᠠᠨ ᠠᠪᠴᠦ᠂ ᠱᠠᠭᠠᠷᠳᠠᠯᠭ᠎ᠠ ᠳᠤ ᠨᠡᠶᠢᠴᠡᠭᠰᠡᠨ ᠢ ᠱᠠᠩᠨᠠᠨ ᠬᠥᠬᠢᠭᠦᠯᠦᠨ᠎ᠡ᠃      ︵ᠳᠥᠷᠪᠡ︶  ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠥᠷᠨᠢᠭᠦᠯᠬᠦ ᠶᠢ ᠳᠡᠮᠵᠢᠨ᠎ᠡ᠃  ᠡᠯ᠎ᠡ ᠲᠥᠷᠥᠯ ᠎ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠮᠢᠬᠠᠨ ᠤ ᠦᠬᠡᠷ ᠤᠨ ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠢᠯ ᠳᠤ ᠤᠷᠤᠯᠴᠠᠬᠤ ᠶᠢ ᠵᠤᠷᠢᠭᠵᠢᠭᠤᠯᠵᠤ᠂ ᠮᠠᠯᠵᠢᠬᠤ ᠣᠷᠣᠨ ᠳᠤ ᠭᠠᠴᠠᠭ᠎ᠠ ᠪᠠᠷ ᠨᠢᠭᠡᠴᠢᠯᠡᠵᠦ᠂ ᠢᠴᠡᠭᠡᠯ ᠦᠷ᠎ᠡ ᠶᠢᠨ ᠭᠡᠭᠡᠯᠳᠦᠬᠦᠯᠭᠡ ᠬᠢᠭᠰᠡᠨ ᠡᠬᠡ ᠮᠠᠯ ᠤᠨ ᠲᠤᠭ᠎ᠠ 500᠎ ᠠᠴᠠ ᠳᠡᠭᠡᠭᠰᠢ ᠪᠤᠶᠤ ᠢᠴᠡᠭᠡᠯ ᠦᠷ᠎ᠡ ᠶᠢᠨ ᠭᠡᠭᠡᠯᠳᠦᠬᠦᠯᠭᠡ ᠬᠢᠭᠰᠡᠨ ᠬᠠᠷᠢᠴᠠᠯ ᠲᠦᠯᠯᠡᠬᠦ ᠡᠬᠡ ᠮᠠᠯ ᠤᠨ 30%᠎ ᠠᠴᠠ ᠳᠡᠭᠡᠭᠰᠢ ᠶᠢ ᠡᠵᠡᠯᠡᠭᠰᠡᠨ ᠮᠥᠷᠲᠡᠭᠡᠨ ᠬᠡᠭᠡᠯ ᠲᠤᠭᠳᠠᠭᠰᠠᠨ ᠨᠤᠷᠮ᠎ᠠ ᠨᠢ 85%᠎ ᠠᠴᠠ ᠳᠡᠭᠡᠭᠰᠢ ᠳᠤ ᠬᠦᠷᠦᠭᠰᠡᠨ ᠪᠣᠯ᠂ ︽ᠮᠠᠯᠵᠢᠬᠤ ᠡᠷᠥᠭᠡ ᠳᠤ ᠬᠦᠷᠴᠦ ᠦᠵᠡᠬᠦ᠂ ᠲᠤᠭᠤᠯ ᠢ ᠦᠵᠡᠬᠦ᠂ ᠳᠠᠩᠰᠠ ᠡᠪᠬᠡᠮᠡᠯ ᠢ ᠦᠵᠡᠬᠦ︾ ᠠᠷᠭ᠎ᠠ ᠮᠠᠶᠢᠭ ᠢ ᠠᠪᠴᠤ᠂ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠢᠶᠠᠷ ᠰᠢᠯᠭᠠᠨ ᠠᠪᠣᠭᠰᠠᠨ ᠤ ᠳᠠᠷᠠᠭ᠎ᠠ᠂ ᠨᠥᠬᠦᠴᠡᠯ ᠳᠤ ᠨᠡᠶᠢᠴᠡᠬᠦ ᠨᠡᠶᠢᠭᠡᠮᠴᠢᠯᠡᠭᠰᠡᠨ ᠦᠢᠯᠡᠴᠢᠯᠡᠭᠡᠨ ᠤ ᠭᠤᠣᠯ ᠴᠣᠭᠴᠠ ᠳᠤ ᠲᠤᠭᠤᠯ ᠪᠦᠷᠢ ᠳᠤ 100 ᠲᠥᠭᠦᠷᠢᠭ ᠤᠨ ᠨᠥᠬᠦᠪᠥᠷᠢ ᠣᠯᠭᠤᠨ᠎ᠠ᠃      ︵ᠲᠠᠪᠤ︶ ᠮᠢᠬᠠᠨ ᠤ ᠦᠬᠡᠷ ᠤᠨ ᠬᠦᠪᠦᠷᠡᠯ ᠰᠢᠯᠵᠢᠭᠦᠯᠬᠦ ᠶᠢ ᠳᠡᠮᠵᠢᠨ᠎ᠡ᠃ ᠠᠶᠢᠮᠠᠭ ᠤᠨ ᠳᠣᠲᠣᠷᠠᠬᠢ ᠦᠷ᠎ᠡ ᠎ ᠶᠢᠨ ᠮᠠᠯ ᠤᠨ ᠲᠠᠯᠠᠪᠠᠶ ᠠᠴᠠ ᠮᠢᠬᠠᠨ ᠤ ᠦᠬᠡᠷ ᠲᠡᠵᠢᠭᠡᠨ ᠦᠷᠡᠵᠢᠭᠦᠯᠬᠦ ᠲᠠᠯᠠᠪᠠᠶ ︵ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠡᠷᠦᠬᠡ᠂ ᠬᠤᠷᠰᠢᠶᠠᠵᠢᠯ᠂ ᠠᠵᠤ ᠠᠬᠤᠶᠢᠯᠠᠯ︶᠎ ᠳᠤ ᠬᠦᠪᠦᠷᠡᠯ ᠰᠢᠯᠵᠢᠭᠦᠯᠬᠦ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠤᠨ ᠰᠢᠯᠭᠠᠨ ᠠᠪᠬᠤ ᠶᠢ ᠳᠡᠮᠵᠢᠨ᠂ ᠬᠡᠭᠡᠯ ᠲᠤᠭᠳᠠᠬᠤ ᠨᠣᠷᠮ᠎ᠠ ᠶᠢ 45%᠎ ᠠᠴᠠ ᠳᠡᠭᠡᠭᠰᠢ ᠳᠤ ᠬᠦᠷᠭᠡᠵᠦ᠂ ︽ᠲᠡᠵᠢᠭᠡᠨ ᠦᠷᠡᠵᠢᠭᠦᠯᠬᠦ ᠲᠠᠯᠠᠪᠠᠶ ᠳᠤ ᠬᠦᠷᠴᠦ ᠦᠵᠡᠬᠦ᠂ ᠲᠤᠭᠤᠯ ᠢ ᠦᠵᠡᠬᠦ᠂ ᠲᠠᠩᠰᠠ ᠡᠪᠬᠡᠮᠡᠯ ᠢ ᠦᠵᠡᠬᠦ︾᠎ ᠪᠠᠷ ᠳᠠᠮᠵᠢᠭᠤᠯᠤᠨ᠂ ᠮᠢᠬᠠᠨ ᠤ ᠦᠬᠡᠷ ᠲᠡᠵᠢᠭᠡᠨ ᠦᠷᠡᠵᠢᠭᠦᠯᠬᠦ ᠲᠠᠯᠠᠪᠠᠶ ᠶᠢᠨ ᠬᠦᠪᠦᠷᠡᠯ ᠰᠢᠯᠵᠢᠭᠦᠯᠦᠭᠰᠡᠨ ᠲᠤᠭᠤᠯ ᠪᠦᠷᠢ ᠳᠤ ᠨᠢᠭᠡᠯᠡ ᠲᠡᠭᠡᠷ᠎ᠡ 2000 ᠲᠥᠭᠦᠷᠢᠭ ᠤᠨ ᠨᠥᠬᠦᠪᠥᠷᠢ ᠤᠯᠭᠤᠨ᠎ᠠ᠃ ᠨᠥᠬᠦᠪᠥᠷᠢ ᠲᠠᠢ ᠦᠬᠢᠨ ᠲᠤᠭᠤᠯ ᠢ 4 ᠵᠢᠯ ᠤᠨ ᠳᠣᠲᠣᠷ᠎ᠠ ᠬᠤᠳᠠᠯᠳᠤᠵᠤ ᠪᠣᠯᠬᠤ ᠥᠭᠡᠢ᠂ ᠦᠨᠡᠨᠬᠦ ᠬᠤᠳᠠᠯᠳᠤᠬᠤ ᠴᠢᠬᠤᠯᠠᠳᠠᠢ ᠪᠤᠶᠤ ᠰᠢᠢᠳᠪᠦᠷᠢᠯᠡᠬᠦ ᠴᠢᠬᠤᠯᠠᠲᠠᠶ ᠪᠣᠯ ᠬᠤᠰᠢᠭᠤ ᠰᠢᠶᠠᠨ ᠬᠤᠳᠠ     ︵ᠤᠷᠤᠨ︶᠎ ᠶᠢᠨ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠬᠦ ᠶᠢᠨ ᠬᠠᠮᠲᠤ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠠᠴᠠ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠬᠠᠮᠲᠤᠷᠠᠨ ᠬᠠᠮᠢᠶ᠎ᠠ ᠪᠦᠬᠦᠢ ᠨᠥᠬᠦᠪᠥᠷᠢ ᠮᠥᠩᠭᠦ ᠶᠢ ᠪᠤᠴᠠᠭᠠᠨ ᠠᠪᠤᠨ᠎ᠠ᠃      ᠬᠤᠶᠠᠳᠤᠭᠠᠷ ᠪᠦᠯᠦᠭ   ᠪᠡᠯᠡ ᠮᠦᠩᠭᠦᠨ ᠤ ᠲᠣᠬᠢᠷᠠᠭᠤᠯᠤᠯᠲᠠ      ᠭᠤᠷᠪᠠᠳᠤᠭᠠᠷ ᠵᠦᠢᠯ  ᠪᠡᠯᠡ ᠮᠦᠩᠭᠦᠨ ᠤ ᠠᠷᠭ᠎ᠠ ᠵᠠᠮ᠃ ᠤᠯᠤᠰ᠂ ᠥᠪᠡᠷᠲᠡᠭᠡᠨ ᠵᠠᠰᠠᠬᠤ ᠣᠷᠣᠨ ᠤ ᠲᠤᠰᠬᠠᠶ ᠲᠦᠷᠦᠯ ᠤᠨ ᠳᠡᠳᠬᠦᠨ ᠳᠡᠮᠵᠢᠬᠦ ᠲᠥᠷᠥ ᠶᠢᠨ ᠪᠣᠳᠣᠯᠭ᠎ᠠ ᠵᠢᠴᠢ ᠲᠥᠷᠥᠯ ᠵᠦᠢᠯ ᠤᠨ ᠪᠠᠯᠠ ᠮᠥᠩᠭᠦ ᠠᠴᠠ ᠭᠠᠳᠠᠨ᠎ᠠ᠂ ᠲᠣᠰ ᠠᠷᠭ᠎ᠠ ᠳᠤ ᠬᠤᠯᠪᠣᠭᠳᠠᠬᠤ ᠳᠡᠳᠬᠦᠨ ᠳᠡᠮᠵᠢᠬᠦ ᠪᠠᠯᠠ ᠮᠥᠩᠭᠦ ᠶᠢ ᠠᠶᠢᠮᠠᠭ ᠤᠨ ᠱᠠᠲᠤᠨ ᠠᠴᠠ ᠡᠭᠦᠷᠭᠡᠯᠡᠨ᠎ᠡ᠃ ᠡᠯ᠎ᠡ ᠬᠤᠰᠢᠭᠤ ᠰᠢᠶᠠᠨ ᠬᠤᠲᠠ ︵ᠣᠷᠣᠨ︶᠎ ᠨᠢ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ ᠳᠡᠳᠬᠦᠨ ᠳᠡᠮᠵᠢᠬᠦ ᠲᠥᠷᠥ ᠶᠢᠨ ᠪᠣᠳᠣᠯᠭ᠎ᠠ ᠲᠣᠭᠳᠠᠭᠠᠵᠣ᠂ ᠢᠵᠢ ᠪᠥᠷᠢᠳᠦᠭᠦᠯᠬᠦ ᠪᠠᠯᠠ ᠮᠥᠩᠭᠦ ᠳᠣᠭᠢᠷᠠᠭᠤᠯᠤᠨ᠂ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠬᠥᠭᠵᠢᠯᠲᠡ ᠶᠢ ᠳᠡᠳᠬᠦᠨ ᠳᠡᠮᠵᠢᠬᠦ ᠳᠤ ᠭᠡᠷᠡᠭᠯᠡᠨ᠎ᠡ᠃ ᠲᠣᠰ ᠳᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠤᠯᠤᠰ᠂ ᠥᠪᠡᠷᠲᠡᠭᠡᠨ ᠵᠠᠰᠠᠬᠤ ᠣᠷᠣᠨ ᠤ ᠮᠠᠯᠴᠢᠨ ᠲᠠᠷᠢᠶᠠᠴᠢᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢᠨ ︽ᠬᠠᠮᠤᠭ ᠦᠨᠳᠣᠷ ᠨᠦᠬᠦᠪᠦᠷᠢ ᠶᠢᠨ ᠪᠠᠷᠢᠮᠵᠢᠶ᠎ᠠ ᠶᠢ ᠰᠣᠩᠭᠤᠬᠤ︾ ᠵᠠᠷᠴᠢᠮ ᠢᠶᠠᠷ ᠬᠡᠷᠡᠭᠵᠢᠭᠦᠯᠦᠨ᠎ᠡ᠃      ᠳᠥᠷᠪᠡᠳᠦᠭᠡᠷ ᠵᠦᠢᠯ  ᠪᠡᠯᠡ ᠮᠦᠩᠭᠦᠨ ᠤ ᠬᠠᠮᠢᠶᠠᠷᠤᠯᠲᠠ᠃ ᠬᠤᠰᠢᠭᠤ ᠰᠢᠶᠠᠨ ᠬᠤᠲᠠ ︵ᠣᠷᠣᠨ︶᠎ ᠶᠢᠨ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠲᠡᠳᠬᠦᠨ ᠳᠡᠮᠵᠢᠬᠦ ᠪᠠᠯᠠ ᠮᠦᠩᠭᠦᠨ ᠤ ᠬᠠᠮᠢᠶᠠᠷᠤᠯᠲᠠ ᠪᠠᠨ ᠴᠢᠩᠭᠠᠳᠬᠠᠵᠤ᠂ ︽ᠲᠤᠰᠬᠠᠶ ᠵᠣᠭᠤᠰ ᠢᠶᠠᠷ ᠲᠣᠭᠠᠴᠠᠭ᠎ᠠ ᠬᠢᠬᠦ᠂ ᠲᠤᠰᠬᠠᠶ ᠵᠣᠭᠤᠰ ᠢ ᠲᠤᠰᠬᠠᠶ ᠵᠦᠢᠯ ᠳᠤ ᠬᠡᠷᠡᠭᠯᠡᠬᠦ︾᠎ ᠶᠢ ᠦᠨᠡᠨᠬᠦ ᠪᠠᠳᠣᠯᠠᠨ᠎ᠠ᠃ ᠠᠶᠢᠮᠠᠭ ᠬᠤᠰᠢᠭᠤ ᠬᠤᠶᠠᠷ ᠱᠠᠲᠤᠨ ᠤ ᠡᠳ᠋ ᠤᠨ ᠵᠠᠰᠠᠭ᠂ ᠬᠢᠨᠠᠨ ᠪᠤᠳᠤᠬᠤ ᠵᠡᠷᠭᠡ ᠰᠠᠯᠠᠭ᠎ᠠ ᠮᠥᠴᠢᠷ ᠤᠳ ᠱᠠᠯᠠᠪᠳᠠᠭᠤᠯᠣᠨ ᠪᠠᠶᠢᠴᠠᠭᠠᠵᠤ ᠬᠢᠨᠠᠨ ᠬᠠᠮᠢᠶᠠᠷᠬᠤ ᠪᠠᠨ ᠴᠢᠩᠭᠠᠳᠬᠠᠵᠤ᠂ ᠳᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠪᠦᠲᠦᠮᠵᠢᠲᠡᠶ ᠨᠠᠶᠢᠳᠠᠪᠤᠷᠢᠵᠢᠭᠤᠯᠵᠤ᠂ ᠪᠠᠯᠠ ᠮᠥᠩᠭᠦ ᠶᠢ ᠵᠢᠷᠤᠮᠵᠢᠯ ᠲᠠᠢ ᠬᠡᠷᠡᠭᠯᠡᠬᠦ ᠶᠢ ᠦᠨᠡᠨᠬᠦ ᠪᠠᠲᠤᠯᠠᠵᠤ᠂ ᠲᠥᠷᠥᠯ ᠵᠦᠢᠯ ᠤᠨ ᠪᠠᠯᠠ ᠮᠥᠩᠭᠦ ᠶᠢ ᠮᠡᠬᠡᠯᠡᠨ ᠠᠪᠬᠤ᠂ ᠲᠦᠷᠢᠮᠡᠬᠡᠶᠢᠯᠡᠨ ᠡᠵᠡᠯᠡᠬᠦ᠂  ᠰᠢᠯᠵᠢᠭᠦᠯᠦᠨ ᠬᠡᠷᠡᠭᠯᠡᠬᠦ᠂ ᠰᠠᠭᠤᠳᠬᠠᠵᠣ ᠠᠪᠬᠤ ᠦᠵᠡᠭᠳᠡᠯ ᠭᠠᠷᠬᠤ ᠶᠢ ᠡᠷᠡᠰ ᠬᠤᠷᠢᠬᠯᠠᠨ᠎ᠠ᠃      ᠭᠤᠷᠪᠠᠳᠤᠭᠠᠷ ᠪᠦᠯᠦᠭ   ᠬᠢᠨᠠᠯᠲᠠ ᠬᠠᠮᠢᠶᠠᠷᠤᠯᠲᠠ      ᠲᠠᠪᠤᠳᠤᠭᠠᠷ ᠵᠦᠢᠯ   ᠰᠢᠯᠢᠳᠡᠭ ᠡᠭᠦᠯᠳᠡᠷ ᠤᠨ ᠦᠬᠡᠷ ᠤᠨ ᠬᠠᠮᠢᠶᠠᠷᠤᠯᠲᠠ᠃ ᠠᠶᠢᠮᠠᠭ ᠬᠤᠰᠢᠭᠤ ᠬᠤᠶᠠᠷ ᠱᠠᠲᠤᠨ ᠤ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠨᠢ ᠦᠷ᠎ᠡ ᠶᠢᠨ ᠮᠠᠯ ᠤᠨ ᠲᠠᠯᠠᠪᠠᠶ᠂ ᠬᠡᠪᠴᠢᠶᠡᠵᠢᠭᠦᠯᠦᠭᠰᠡᠨ ᠮᠢᠬᠠᠨ ᠤ ᠦᠬᠡᠷ ᠲᠡᠵᠢᠭᠡᠨ ᠦᠷᠡᠵᠢᠭᠦᠯᠬᠦ ᠲᠠᠯᠠᠪᠠᠶ᠂ ᠮᠢᠬᠠᠨ ᠤ ᠦᠬᠡᠷ ᠤᠨ ᠭᠤᠤᠯᠳᠠᠯᠭᠠᠲᠤ ᠰᠦᠷᠦᠭ ᠢᠶᠠᠷ ᠭᠤᠤᠯ ᠪᠣᠯᠭᠠᠵᠤ᠂ ᠵᠢᠯ ᠪᠦᠷᠢ ᠰᠢᠯᠢᠳᠡᠭ ᠡᠭᠦᠯᠳᠡᠷ ᠤᠨ ᠡᠬᠡ ᠮᠠᠯ ᠳᠤ ᠪᠠᠶᠢᠴᠠᠭᠠᠯᠲᠠ ᠬᠢᠵᠦ᠂ ᠳᠡᠩᠰᠡᠯᠡᠨ ᠺᠠᠷᠲᠯᠠᠵᠤ᠂ ᠲᠣᠭᠠᠴᠢᠯᠠᠭᠰᠠᠨ ᠬᠠᠮᠢᠶᠠᠷᠤᠯᠲᠠ ᠬᠡᠷᠡᠭᠵᠢᠭᠦᠯᠦᠨ᠎ᠡ᠃      ᠵᠢᠷᠭᠤᠳᠤᠭᠠᠷ ᠵᠦᠢᠯ   ᠬᠢᠨᠠᠨ ᠲᠣᠭᠲᠠᠭᠠᠵᠤ ᠰᠢᠯᠭᠠᠨ ᠠᠪᠬᠤ᠃ ᠠᠶᠢᠮᠠᠭ ᠬᠤᠰᠢᠭᠤ ᠬᠤᠶᠠᠷ ᠱᠠᠲᠤᠨ ᠤ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠲᠦᠷᠦᠭᠦᠯᠡᠨ ᠡᠯ᠎ᠡ ᠵᠦᠢᠯ ᠤᠨ ᠬᠢᠨᠠᠨ ᠲᠣᠭᠲᠠᠭᠠᠵᠤ ᠰᠢᠯᠭᠠᠨ ᠠᠪᠬᠤ ᠠᠵᠢᠯ ᠥᠷᠨᠢᠭᠦᠯᠦᠨ᠎ᠡ᠃      ︵ᠨᠢᠭᠡ︶ ᠭᠤᠤᠯᠳᠠᠯᠭᠠᠲᠤ ᠰᠦᠷᠦᠭ ᠢ ᠰᠢᠯᠭᠠᠨ ᠠᠪᠬᠤ᠃  ᠡᠯ᠎ᠡ ᠬᠤᠰᠢᠭᠤ ᠰᠢᠶᠠᠨ ᠬᠤᠲᠠ ︵ᠣᠷᠣᠨ︶᠎ ᠨᠢ ︽ᠰᠢᠯᠢ ᠶᠢᠨ ᠭᠤᠤᠯ ᠠᠶᠢᠮᠠᠭ ᠤᠨ ᠮᠢᠬᠠᠨ ᠤ ᠦᠬᠡᠷ ᠤᠨ ᠭᠤᠤᠯᠳᠠᠯᠭᠠᠲᠤ ᠰᠦᠷᠦᠭ ᠤᠨ ᠪᠠᠶᠢᠭᠤᠯᠤᠯᠲᠠ ᠶᠢᠨ ᠪᠠᠷᠢᠮᠵᠢᠶ᠎ᠠ︾ ᠶᠣᠰᠣᠭᠠᠷ ᠭᠤᠤᠯᠳᠠᠯᠭᠠᠲᠤ ᠰᠦᠷᠦᠭ ᠢᠶᠠᠷ ᠭᠤᠶᠤᠴᠢᠯᠠᠭᠰᠠᠨ ᠲᠡᠵᠢᠭᠡᠨ ᠦᠷᠡᠵᠢᠭᠦᠯᠬᠦ ᠡᠷᠦᠬᠡ ︵ᠲᠠᠯᠠᠪᠠᠶ︶᠎ ᠶᠢ ᠠᠩᠬ᠎ᠠ ᠠᠯᠬᠤᠮ ᠰᠢᠯᠭᠠᠨ ᠪᠠᠶᠢᠴᠠᠭᠠᠬᠤ ᠶᠢᠨ ᠬᠠᠮᠲᠤ᠂ ᠠᠩᠬ᠎ᠠ ᠠᠯᠬᠤᠮ ᠰᠢᠯᠭᠠᠨ ᠪᠠᠶᠢᠴᠠᠭᠠᠭᠰᠠᠨ ᠦᠷ᠎ᠡ ᠳ᠋ᠦᠩ ᠢᠶᠠᠨ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠣᠰᠬᠤᠨ ᠮᠠᠯᠵᠢᠬᠤ ᠣᠷᠣᠨ ᠤ ᠲᠣᠪᠴᠢᠶᠠᠨ ᠳᠤ ᠮᠡᠳᠡᠭᠦᠯᠦᠨ ᠰᠢᠯᠭᠠᠨ ᠠᠪᠤᠭᠤᠯᠬᠤ ᠪᠠᠷ ᠭᠤᠶᠤᠴᠢᠯᠠᠨ᠎ᠠ︔ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠨᠢ ᠲᠤᠰᠬᠠᠶ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠵᠤ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠨ ᠰᠢᠯᠭᠠᠨ ᠠᠪᠴᠤ᠂ ᠰᠢᠯᠭᠠᠨ ᠠᠪᠤᠭᠰᠠᠨ ᠦᠷ᠎ᠡ ᠳ᠋ᠦᠩ ᠎ ᠢᠶᠠᠨ ᠨᠡᠶᠢᠭᠡᠮ ᠨᠡᠶᠢᠲᠡ ᠳᠤ ᠨᠡᠶᠢᠲᠡᠯᠡᠵᠦ᠂ ᠨᠥᠬᠦᠴᠡᠯ ᠳᠤ ᠨᠡᠶᠢᠴᠡᠪᠡᠯ ᠮᠢᠬᠠᠨ ᠤ ᠦᠬᠡᠷ ᠤᠨ ᠭᠤᠤᠯᠳᠠᠯᠭᠠᠲᠤ ᠰᠦᠷᠦᠭ ᠢᠶᠠᠷ ᠲᠣᠭᠲᠠᠭᠠᠭᠰᠠᠨ ᠦᠨᠡᠮᠯᠡᠯ ᠢ ᠨᠢᠭᠡᠳᠦᠯᠲᠡᠶ ᠣᠯᠭᠤᠨ᠎ᠠ᠃      ︵ᠬᠤᠶᠠᠷ︶ ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠭᠤᠣᠯ ᠴᠣᠭᠴᠠ ᠶᠢ ᠰᠢᠯᠭᠠᠨ ᠠᠪᠬᠤ  ᠃ ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠭᠤᠣᠯ ᠴᠣᠭᠴᠠ ᠳᠤ ᠪᠦᠷᠢᠳᠭᠡᠬᠦ ᠪᠠ ᠳᠠᠩᠰᠠᠯᠠᠭᠤᠯᠬᠤ ᠳᠦᠷᠢᠮ ᠢ ᠬᠡᠷᠡᠭᠵᠢᠭᠦᠯᠵᠦ᠂  ᠰᠠᠭᠤᠭ᠎ᠠ ᠬᠤᠰᠢᠭᠤ ᠰᠢᠶᠠᠨ ᠬᠤᠲᠠ ︵ᠣᠷᠣᠨ︶᠎ ᠎ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ  ᠪᠦᠷᠢᠳᠭᠡᠭᠦᠯᠦᠨ ᠳᠡᠮᠳᠡᠭᠯᠡᠵᠣ᠂ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠲᠤ ᠳᠠᠩᠰᠠᠯᠠᠭᠤᠯᠤᠨ᠎ᠠ᠃ ᠱᠠᠩᠨᠠᠬᠤ ᠨᠥᠬᠦᠴᠡᠯ ᠳᠤ ᠨᠡᠶᠢᠴᠡᠬᠦ ᠦᠢᠯᠡᠴᠢᠯᠡᠭᠡᠨ ᠤ ᠭᠤᠣᠯ ᠴᠣᠭᠴᠠ ᠨᠢ ᠰᠠᠶᠢᠨ ᠳᠤᠷ᠎ᠠ ᠠᠴᠠ ᠪᠠᠨ ᠰᠠᠭᠤᠭ᠎ᠠ ᠬᠤᠰᠢᠭᠤ ᠰᠢᠶᠠᠨ ᠬᠤᠲᠠ ︵ᠣᠷᠣᠨ︶᠎ ᠶᠢᠨ ᠢᠶᠠᠨ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠲᠤ ᠭᠤᠶᠤᠴᠢᠯᠠᠯ ᠳᠡᠪᠰᠢᠭᠦᠯᠦᠨ᠎ᠡ᠃ ᠬᠤᠰᠢᠭᠤ ᠰᠢᠶᠠᠨ ᠬᠤᠲᠠ ︵ᠣᠷᠣᠨ︶᠎ ᠎ ᠶᠢᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠨᠢ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠬᠠᠮᠲᠤᠷᠠᠨ ᠬᠢᠨᠠᠨ ᠪᠠᠶᠢᠴᠠᠭᠠᠬᠤ ᠪᠠ ᠲᠤᠬᠠᠢ ᠶᠢᠨ ᠭᠠᠵᠠᠷ ᠲᠤᠨᠢ ᠬᠠᠷᠭᠤᠭᠤᠯᠤᠨ ᠪᠠᠶᠢᠴᠠᠭᠠᠬᠤ ᠠᠵᠢᠯ ᠬᠢᠵᠦ᠂ ᠬᠢᠨᠠᠨ ᠬᠠᠷᠭᠤᠭᠤᠯᠤᠭᠰᠠᠨ ᠰᠠᠨᠠᠯ ᠬᠢᠭᠡᠳ ᠭᠤᠶᠤᠴᠢᠯᠠᠭᠰᠠᠨ ᠮᠠᠲ᠋ᠧᠷᠢᠶᠠᠯ ᠢᠶᠠᠨ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠣᠰᠬᠤᠨ ᠮᠠᠯᠵᠢᠬᠤ ᠣᠷᠣᠨ ᠤ  ᠲᠣᠪᠴᠢᠶᠠᠨ ᠳᠤ  ᠮᠡᠳᠡᠭᠦᠯᠦᠨ ᠰᠢᠯᠭᠠᠨ ᠠᠪᠤᠭᠤᠯᠬᠤ ᠪᠠᠷ ᠭᠤᠶᠤᠴᠢᠯᠠᠨ᠎ᠠ᠃ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠨᠢ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠤᠬᠠᠢ ᠶᠢᠨ ᠭᠠᠵᠠᠷ ᠲᠤᠨᠢ ᠪᠠᠶᠢᠴᠠᠭᠠᠨ ᠰᠢᠯᠭᠠᠬᠤ ᠪᠠ ᠮᠠᠲ᠋ᠧᠷᠢᠶᠠᠯ ᠬᠢᠨᠠᠨ ᠬᠠᠷᠭᠤᠭᠤᠯᠬᠤ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢᠶᠠᠷ ᠦᠢᠯᠡᠴᠢᠯᠡᠭᠡᠨ ᠤ ᠭᠤᠣᠯ ᠴᠣᠭᠴᠠ ᠳᠤ ᠬᠢᠨᠠᠨ ᠲᠣᠭᠲᠠᠭᠠᠯᠲᠠ ᠬᠢᠨ᠎ᠡ᠃ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠨᠢ ︽ᠮᠢᠬᠠᠨ ᠤ ᠦᠬᠡᠷ ᠤᠨ ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠯᠭᠠᠨ ᠦᠨᠡᠯᠡᠬᠦ ᠨᠠᠷᠢᠨ ᠳᠦᠷᠢᠮ︾ ᠲᠣᠭᠲᠠᠭᠠᠨ᠎ᠠ᠃      ᠳᠥᠷᠪᠡᠳᠦᠭᠡᠷ ᠪᠦᠯᠦᠭ   ᠳᠠᠭᠠᠯᠳᠤᠭᠤᠯᠤᠭᠰᠠᠨ ᠳᠦᠷᠢᠮ      ᠳᠣᠯᠣᠳᠤᠭᠠᠷ ᠵᠦᠢᠯ   ᠲᠤᠰ ᠳᠡᠳᠬᠦᠨ ᠳᠡᠮᠵᠢᠬᠦ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠂ ᠲᠤᠷᠰᠢᠨ ᠬᠡᠷᠡᠭᠵᠢᠭᠦᠯᠬᠦ ᠬᠤᠭᠤᠴᠠᠭ᠎ᠠ ᠨᠢ 1 ᠵᠢᠯ᠃ ᠤᠤᠯ ᠤᠨ ︽ᠰᠢᠯᠢ ᠶᠢᠨ ᠭᠤᠣᠯ ᠠᠶᠢᠮᠠᠭ ᠤᠨ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠠᠵᠦ ᠦᠢᠯᠡᠰ ᠤᠨ ᠬᠦᠭᠵᠢᠯᠳᠡ ᠶᠢ ᠳᠡᠳᠬᠦᠨ ᠳᠡᠮᠵᠢᠬᠦ ᠠᠷᠭ᠎ᠠ ︵2022 — 2023 ᠣᠨ︶︾ ︵ᠰᠢᠯᠢ ᠵᠠᠬᠢᠷᠭ᠎ᠠ ᠲᠠᠷᠬᠠᠭᠠᠭᠰᠠᠨ︹ 2022 ︺21  ᠳ᠋ᠣᠭᠡᠷ ᠲᠣᠭᠠᠲᠤ︶᠎ ᠶᠢ ᠵᠡᠷᠭᠡ ᠳᠤᠨᠢ ᠬᠦᠴᠦᠨ ᠥᠬᠡᠶ ᠪᠣᠯᠭᠠᠨ᠎ᠠ︔ ᠲᠣᠰ ᠠᠷᠭ᠎ᠠ ᠶᠢ ᠰᠢᠯᠢ ᠶᠢᠨ ᠭᠤᠤᠯ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠣᠰᠬᠤᠨ ᠮᠠᠯᠵᠢᠬᠤ ᠣᠷᠣᠨ ᠤ  ᠲᠣᠪᠴᠢᠶᠠᠨ ᠠᠴᠠ ᠬᠠᠷᠢᠭᠤᠴᠠᠨ ᠲᠠᠶᠢᠯᠪᠤᠷᠢᠯᠠᠨ᠎ᠠ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号