︽ᠰᠢᠯᠢ ᠶᠢᠨ ᠭᠤᠤᠯ ᠠᠶᠢᠮᠠᠭ ᠤᠨ ᠬᠤᠯᠠᠨ ᠰᠢᠷᠭ᠎ᠠ ᠳᠠᠭ᠎ᠠ ᠶᠢᠨ ᠡᠯᠡᠰᠦᠷᠭᠡᠭ ᠭᠠᠵᠠᠷ ᠵᠢᠴᠢ ᠬᠠᠭᠠᠰ ᠳᠠᠷᠢᠶᠠᠯᠠᠬᠤ ᠬᠠᠭᠠᠰ ᠮᠠᠯᠵᠢᠬᠤ ᠤᠷᠤᠨ ᠳᠤ ᠮᠢᠬᠠᠨ ᠤ ᠦᠬᠡᠷ ᠢ ᠬᠡᠪᠴᠢᠶᠡᠵᠢᠬᠦᠯᠦᠨ ᠬᠠᠰᠢᠶᠠᠯᠠᠨ ᠮᠠᠯᠵᠢᠬᠤ ᠶᠢ ᠠᠬᠢᠭᠤᠯᠬᠤ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠠ ︵ᠲᠦᠷ ᠬᠡᠷᠡᠭᠵᠢᠬᠦᠯᠬᠦ︶︾ ᠶᠢ ᠳᠠᠷᠤᠮᠠᠯᠯᠠᠨ ᠶᠠᠪᠤᠭᠤᠯᠬᠤ ᠲᠤᠬᠠᠶ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2024/7/15
            ᠰᠢᠯᠢ ᠵᠠᠬᠢᠷᠭ᠎ᠠ ᠠᠯᠪᠠᠨ ᠲᠠᠷᠬᠠᠭᠠᠭᠰᠠᠨ ﹇2024﹈ 16  ᠳ᠋ᠤᠭᠠᠷ ᠲᠤᠭᠠᠲᠤ ︽ᠰᠢᠯᠢ ᠶᠢᠨ ᠭᠤᠤᠯ ᠠᠶᠢᠮᠠᠭ ᠤᠨ ᠬᠤᠯᠠᠨ ᠰᠢᠷᠭ᠎ᠠ ᠳᠠᠭ᠎ᠠ ᠶᠢᠨ ᠡᠯᠡᠰᠦᠷᠭᠡᠭ ᠭᠠᠵᠠᠷ ᠵᠢᠴᠢ ᠬᠠᠭᠠᠰ ᠳᠠᠷᠢᠶᠠᠯᠠᠬᠤ ᠬᠠᠭᠠᠰ ᠮᠠᠯᠵᠢᠬᠤ ᠤᠷᠤᠨ ᠳᠤ ᠮᠢᠬᠠᠨ ᠤ ᠦᠬᠡᠷ ᠢ ᠬᠡᠪᠴᠢᠶᠡᠵᠢᠬᠦᠯᠦᠨ ᠬᠠᠰᠢᠶᠠᠯᠠᠨ ᠮᠠᠯᠵᠢᠬᠤ ᠶᠢ ᠠᠬᠢᠭᠤᠯᠬᠤ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠠ ︵ᠲᠦᠷ ᠬᠡᠷᠡᠭᠵᠢᠬᠦᠯᠬᠦ︶︾ ᠶᠢ ᠳᠠᠷᠤᠮᠠᠯᠯᠠᠨ ᠶᠠᠪᠤᠭᠤᠯᠬᠤ ᠲᠤᠬᠠᠶ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ᠮᠡᠳᠡᠭᠳᠡᠯᠡᠯ᠎ᠡ ᠬᠤᠰᠢᠭᠤ ᠰᠢᠶᠠᠨ ᠬᠤᠲᠠ ︵ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶᠂ ᠠᠶᠢᠮᠠᠭ ᠤᠨ ᠬᠤᠯᠪᠣᠭᠳᠠᠯ ᠪᠥᠬᠦᠶ ᠰᠠᠯᠠᠭ᠎ᠠ ᠮᠦᠴᠢᠷ᠂ ᠵᠥᠪᠯᠡᠯ᠂ ᠠᠯᠪᠠᠨ ᠬᠡᠷ᠂ ᠲᠣᠪᠴᠢᠶᠠᠨ ᠳᠤ᠄      ︽ᠰᠢᠯᠢ ᠶᠢᠨ ᠭᠤᠤᠯ ᠠᠶᠢᠮᠠᠭ ᠤᠨ ᠬᠤᠯᠠᠨ ᠰᠢᠷᠭ᠎ᠠ ᠳᠠᠭ᠎ᠠ ᠶᠢᠨ ᠡᠯᠡᠰᠦᠷᠭᠡᠭ ᠭᠠᠵᠠᠷ ᠵᠢᠴᠢ ᠬᠠᠭᠠᠰ ᠳᠠᠷᠢᠶᠠᠯᠠᠬᠤ ᠬᠠᠭᠠᠰ ᠮᠠᠯᠵᠢᠬᠤ ᠤᠷᠤᠨ ᠳᠤ ᠮᠢᠬᠠᠨ ᠤ ᠦᠬᠡᠷ ᠢ ᠬᠡᠪᠴᠢᠶᠡᠵᠢᠬᠦᠯᠦᠨ ᠬᠠᠰᠢᠶᠠᠯᠠᠨ ᠮᠠᠯᠵᠢᠬᠤ ᠶᠢ ᠠᠬᠢᠭᠤᠯᠬᠤ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠠ ︵ᠲᠦᠷ ᠬᠡᠷᠡᠭᠵᠢᠬᠦᠯᠬᠦ︶︾ ᠶᠢ ᠨᠢᠭᠡᠨᠲᠡ ᠵᠠᠬᠢᠷᠭ᠎ᠠ ᠶᠢᠨ 2024 ᠣᠨ ᠤ 5 ᠳ᠋ᠤᠭᠠᠷ ᠣᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃                    ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ                     2024 ᠣᠨ ᠤ 2  ᠳ᠋ᠤᠭᠠᠷ ᠰᠠᠷ᠎ᠠ ᠶᠢᠨ 1 ᠤ ᠡᠳᠦᠷᠰᠢᠯᠢ ᠶᠢᠨ ᠭᠤᠤᠯ ᠠᠶᠢᠮᠠᠭ ᠤᠨ ᠬᠤᠯᠠᠨ ᠰᠢᠷᠭ᠎ᠠ ᠳᠠᠭ᠎ᠠ ᠶᠢᠨ ᠡᠯᠡᠰᠦᠷᠭᠡᠭ ᠭᠠᠵᠠᠷ ᠵᠢᠴᠢ ᠬᠠᠭᠠᠰ ᠳᠠᠷᠢᠶᠠᠯᠠᠬᠤ ᠬᠠᠭᠠᠰ ᠮᠠᠯᠵᠢᠬᠤ ᠤᠷᠤᠨ ᠳᠤ ᠮᠢᠬᠠᠨ ᠤ ᠦᠬᠡᠷ ᠢ ᠬᠡᠪᠴᠢᠶᠡᠵᠢᠬᠦᠯᠦᠨ ᠬᠠᠰᠢᠶᠠᠯᠠᠨ ᠮᠠᠯᠵᠢᠬᠤ ᠶᠢ ᠠᠬᠢᠭᠤᠯᠬᠤ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠠ ︵ᠲᠦᠷ ᠬᠡᠷᠡᠭᠵᠢᠬᠦᠯᠬᠦ︶      ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠶᠢ ᠲᠦᠷᠭᠡᠳᠬᠡᠵᠦ᠂ ᠮᠢᠬᠠᠨ ᠤ ᠦᠬᠡᠷ ᠢ ᠬᠡᠪᠴᠢᠶᠡᠵᠢᠬᠦᠯᠦᠨ ᠬᠠᠰᠢᠶᠠᠯᠠᠨ ᠮᠠᠯᠵᠢᠬᠤ ᠶᠢ ᠠᠬᠢᠭᠤᠯᠤᠨ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠵᠠᠰᠠᠨ ᠰᠡᠷᠭᠦᠭᠡᠬᠦ ᠳᠠᠶᠢᠯᠠᠯᠳᠤᠭᠠᠨ ᠥᠷᠨᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠨᠤᠳᠤᠭ ᠪᠡᠯᠴᠢᠭᠡᠷ ᠤᠨ ᠭᠡᠳᠥ ᠪᠡᠯᠴᠢᠭᠡᠷᠯᠡᠬᠦᠯᠬᠦ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠴᠡᠭ ᠤᠨ ᠠᠵᠢᠯ ᠢᠶᠠᠨ ᠰᠠᠶᠢᠲᠤᠷ ᠠᠳᠬᠤᠬᠤ ᠶᠢᠨ ᠲᠦᠯᠦᠭᠡ᠂ ᠤᠯᠤᠰ ᠪᠠ ᠦᠪᠡᠷᠲᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠦᠨᠳᠦᠰᠦᠯᠡᠨ᠂ ᠰᠢᠯᠢ ᠶᠢᠨ ᠭᠤᠤᠯ ᠠᠶᠢᠮᠠᠭ ᠤᠨ ᠪᠤᠳᠠᠳᠤ ᠪᠠᠶᠢᠳᠠᠯ ᠲᠠᠢ ᠤᠶᠠᠯᠳᠤᠭᠤᠯᠤᠨ᠂ ᠲᠤᠰ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠣᠭᠲᠠᠭᠠᠪᠠ᠃      ᠨᠢᠬᠡ᠂ ᠮᠠᠯ ᠠᠵᠤ ᠠᠬᠤᠢ ᠶᠢᠨ ᠰᠠᠭᠤᠷᠢ ᠲᠦᠬᠦᠭᠡᠷᠤᠮᠵᠢ ᠶᠢᠨ ᠪᠦᠳᠤᠬᠡᠨ ᠪᠠᠶᠢᠭᠤᠯᠤᠯᠳᠠ ᠳᠤ ᠨᠦᠬᠦᠪᠦᠷᠢ ᠤᠯᠭᠤᠨ᠎ᠠ        ᠬᠤᠯᠠᠨ ᠰᠢᠷᠭ᠎ᠠ ᠳᠠᠭ᠎ᠠ ᠶᠢᠨ ᠡᠯᠡᠰᠦᠷᠭᠡᠭ ᠭᠠᠵᠠᠷ ᠤᠨ ᠪᠡᠯᠴᠢᠭᠡᠷᠯᠡᠬᠦᠯᠬᠦ ᠶᠢ ᠵᠣᠭᠰᠣᠭᠠᠬᠤ ᠤᠷᠤᠨ᠂ ᠦᠪᠡᠷᠳᠡᠭᠡᠨ ᠵᠠᠰᠠᠬᠤ ᠤᠷᠤᠨ ᠪᠤᠯᠤᠨ ᠠᠶᠢᠮᠠᠭ ᠤᠨ ᠱᠠᠳᠤᠨ ᠤ ᠨᠤᠳᠤᠭ ᠪᠡᠯᠴᠢᠭᠡᠷ ᠤᠨ ᠭᠡᠳᠥ ᠪᠡᠯᠴᠢᠭᠡᠷᠯᠡᠬᠦᠯᠬᠦ ᠠᠰᠠᠭᠤᠳᠠᠯ ᠢ ᠰᠶᠢᠳᠪᠦᠷᠢᠯᠡᠬᠦ ᠳᠤᠷᠰᠢᠯᠳᠠ ᠶᠢᠨ ᠴᠡᠭ ᠤᠨ ᠭᠠᠵᠠᠷ ᠤᠷᠤᠨ ᠵᠢᠴᠢ ᠬᠠᠭᠠᠰ ᠲᠠᠷᠢᠶᠠᠯᠠᠬᠤ ᠬᠠᠭᠠᠰ ᠮᠠᠯᠵᠢᠬᠤ ᠤᠷᠤᠨ ︵ᠳᠤᠷᠤᠡᠡᠰᠢ ᠭᠤᠤᠯᠳᠠᠯᠭ᠎ᠠ ᠲᠠᠢ ᠭᠠᠵᠠᠷ ᠤᠷᠤᠨ ᠭᠡᠵᠤ ᠳᠦᠬᠦᠮᠴᠢᠯᠡᠨ᠎ᠡ︶ ᠳᠠᠬᠢ ᠮᠢᠬᠠᠨ ᠤ ᠦᠬᠡᠷ ᠢ 50 ᠠᠴᠠ ᠳᠡᠭᠡᠭᠰᠢ ᠬᠡᠪᠴᠢᠶᠡᠵᠢᠬᠦᠯᠤᠨ ᠬᠠᠰᠢᠶᠠᠯᠠᠨ ᠮᠠᠯᠵᠢᠵᠤ ᠪᠠᠶᠢᠭ᠎ᠠ ᠮᠠᠯᠵᠢᠯ ᠤᠨ ᠡᠷᠤᠬᠡ ︵ᠳᠠᠯᠠᠪᠠᠢ᠂ ᠬᠤᠷᠰᠢᠶᠠᠵᠢᠯ︶᠂ ᠬᠦᠮᠦᠨ ᠮᠠᠯ ᠤᠨ ᠤᠷᠤᠨ ᠳᠤᠭᠤᠷᠢᠭ ᠢ ᠰᠠᠯᠭᠠᠵᠤ ᠪᠠᠶᠢᠭᠤᠯᠤᠡᠡᠰᠡᠨ ᠳᠡᠵᠢᠬᠡᠨ ᠦᠷᠡᠵᠢᠬᠦᠯᠬᠦ ᠳᠤᠭᠤᠷᠢᠭ ᠢ ᠳᠡᠮᠵᠢᠵᠤ᠂ ᠰᠠᠭᠤᠷᠢ ᠲᠦᠬᠦᠭᠡᠷᠤᠮᠵᠢ ᠶᠢᠨ ᠪᠦᠳᠤᠭᠡᠨ ᠪᠠᠶᠢᠭᠤᠯᠤᠯᠳᠠ ᠶᠢ ᠳᠡᠬᠦᠯᠳᠡᠷᠵᠢᠬᠦᠯᠤᠨ᠂ ᠪᠦᠬᠦ ᠠᠶᠢᠮᠠᠭ ᠤᠨ ᠳᠤᠬᠢᠷᠠᠭᠤᠯᠤᠬᠰᠠᠨ ᠤᠨ ᠤ ᠳᠡᠳᠬᠦᠨ ᠳᠡᠮᠵᠢᠬᠦ ᠪᠡᠯᠡ ᠮᠦᠡᠭᠭᠦ ᠶᠢᠨ ᠬᠡᠮᠵᠢᠶᠠᠨ ᠳᠤᠳᠤᠷ᠎ᠠ᠂ ︽ᠤᠷᠢᠳᠡᠪᠡᠷ ᠪᠠᠶᠢᠭᠤᠯᠵᠤ ᠳᠠᠷᠠᠭ᠎ᠠ ᠨᠢ ᠨᠦᠬᠦᠪᠦᠷᠢ ᠣᠯᠭᠤᠬᠤ᠂ ᠤᠷᠢᠳᠡᠪᠡᠷ ᠪᠠᠶᠢᠭᠤᠯᠤᠬᠰᠠᠨ ᠳᠤᠨᠢ ᠤᠷᠢᠳᠡᠪᠡᠷ ᠨᠦᠬᠦᠪᠦᠷᠢ ᠤᠯᠭᠤᠬᠤ︾ ᠠᠷᠭ᠎ᠠ ᠮᠠᠶ᠋ᠢᠭ ᠢᠶᠠᠷ᠂ 300 ᠬᠠᠪᠳᠠᠭᠠᠢ ᠲᠦᠷᠪᠡᠯᠵᠢᠨ ᠮᠧᠲᠷ ᠠᠴᠠ ᠳᠡᠭᠡᠭᠰᠢᠬᠢ ᠮᠠᠯ ᠤᠨ ᠫᠸᠡᠭ ᠬᠤᠷᠤᠭ᠎ᠠ ᠶᠢ ᠰᠢᠨ᠎ᠠ ᠪᠠᠷ ᠪᠠᠶᠢᠭᠤᠯᠪᠠᠯ ᠬᠠᠪᠳᠠᠭᠠᠢ ᠲᠦᠷᠪᠡᠯᠵᠢᠨ ᠮᠧᠲᠷ ᠪᠦᠷᠢ ᠳᠤ 300 ᠲᠦᠭᠦᠷᠢᠭ ᠤᠨ ᠪᠠᠷᠢᠮᠵᠢᠶ᠎ᠠ ᠪᠠᠷ ᠨᠦᠬᠦᠪᠦᠷᠢ ᠤᠯᠭᠤᠨ᠎ᠠ᠃ ᠰᠢᠨ᠎ᠠ ᠪᠠᠷ ᠪᠠᠶᠢᠭᠤᠯᠤᠡᠡᠰᠡᠨ ᠮᠠᠯ ᠤᠨ ᠫᠸᠡᠭ ᠬᠤᠷᠤᠭ᠎ᠠ ᠶᠢ ᠮᠠᠯᠵᠢᠬᠤ ᠳᠠᠷᠢᠶᠠᠯᠠᠬᠤ ᠡᠷᠤᠬᠡ ᠶᠢᠨ ᠠᠮᠢᠳᠤᠷᠠᠯ ᠤᠨ ᠳᠤᠭᠤᠷᠢᠬ ᠠᠴᠠ ᠰᠠᠯᠭᠠᠵᠤ ᠪᠠᠶᠢᠭᠤᠯᠬᠤ ᠬᠡᠷᠡᠭᠳᠡᠢ᠃ ᠬᠦᠳᠡᠭᠡ ᠳᠤᠰᠬᠤᠨ ᠢ ᠬᠦᠭᠵᠢᠬᠦᠯᠤᠨ ᠮᠠᠨᠳᠤᠭᠤᠯᠬᠤ ᠶᠢ ᠵᠤᠯᠭᠠᠭᠤᠯᠬᠤ ᠪᠡᠯᠡ ᠮᠦᠡᠭᠭᠦ ᠵᠢᠴᠢ ᠤᠯᠤᠰ᠂ ᠦᠪᠡᠷᠳᠡᠭᠡᠨ ᠵᠠᠰᠠᠬᠤ ᠤᠷᠤᠨ ᠤ ᠪᠤᠰᠤᠳ ᠲᠦᠷᠦᠯ ᠵᠦᠢᠯ ᠤᠨ ᠪᠡᠯᠡ ᠮᠦᠡᠭᠭᠦ ᠶᠢ ᠬᠦᠷᠳᠡᠵᠤ ᠦᠡᠭᠭᠡᠷᠡᠭᠰᠡᠳ ᠳᠤᠰ ᠲᠦᠷᠦ ᠶᠢᠨ ᠪᠤᠳᠤᠯᠭ᠎ᠠ ᠶᠢᠨ ᠨᠦᠬᠦᠪᠦᠷᠢ ᠶᠢ ᠳᠠᠪᠬᠤᠷ ᠬᠦᠷᠳᠡᠭᠡᠵᠤ ᠪᠤᠯᠬᠤ ᠦᠬᠡᠢ᠃  ︵ᠬᠠᠷᠢᠭᠤᠴᠠᠯᠭᠠᠲᠤ  ᠨᠢᠭᠡᠴᠡ᠄ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ︵ᠣᠷᠣᠨ︶ ᠶᠢᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶᠂ ᠳᠣᠤᠷᠠᠬᠢ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠬᠠᠷᠢᠭᠤᠴᠠᠯᠭᠠᠲᠤ ᠨᠢᠭᠡᠴᠡ ᠳᠤ ᠴᠥᠮ ᠡᠯ᠎ᠡ ᠬᠤᠰᠢᠭᠤ ᠰᠢᠶᠠᠨ ᠬᠤᠲᠠ ︵ ᠣᠷᠣᠨ︶ ᠶᠢᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠢ ᠪᠠᠭᠲᠠᠭᠠᠵᠤ᠂ ᠳᠠᠭᠢᠵᠤ ᠲᠤᠰᠠᠭᠠᠷ ᠵᠢᠭᠰᠠᠭᠠᠬᠤ ᠥᠬᠡᠶ︶       ᠬᠤᠶᠠᠷ᠂ ᠬᠡᠪᠴᠢᠶᠡᠵᠢᠭᠰᠡᠨ ᠳᠡᠵᠢᠬᠡᠯ ᠡᠪᠡᠰᠥ ᠪᠤᠷᠳᠤᠭ᠎ᠠ ᠲᠠᠷᠢᠬᠤ ᠭᠤᠤᠯ ᠴᠤᠬᠴᠠ ᠳᠤ ᠨᠦᠬᠦᠪᠦᠷᠢ ᠣᠯᠭᠤᠨ᠎ᠠ      ᠲᠥᠪ᠂ ᠦᠪᠡᠷᠳᠡᠭᠡᠨ ᠵᠠᠰᠠᠬᠤ ᠤᠷᠤᠨ ᠪᠤᠯᠤᠨ ᠠᠶᠢᠮᠠᠭ ᠤᠨ ᠱᠠᠳᠤᠨ ᠤ ᠨᠦᠬᠦᠪᠤᠷᠢ ᠮᠦᠩᠬᠦ ᠶᠢ ᠨᠢᠭᠡᠳᠤᠯᠳᠠᠢ ᠳᠦᠯᠤᠪᠵᠢᠬᠦᠯᠤᠨ ᠨᠢᠭᠡᠳᠬᠡᠵᠦ᠂ ᠨᠦᠬᠦᠪᠤᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠥᠨ᠂ ᠭᠤᠤᠯᠳᠠᠯᠭ᠎ᠠ ᠲᠠᠢ ᠭᠠᠵᠠᠷ ᠤᠷᠤᠨ ᠳᠠᠬᠢ 200 ᠮᠦ ᠠᠴᠠ ᠳᠡᠭᠡᠭᠰᠢ ᠳᠦᠪᠯᠡᠷᠡᠬᠦᠯᠤᠨ ᠬᠡᠪᠴᠢᠶᠡᠵᠢᠬᠦᠯᠦᠨ ᠲᠠᠷᠢᠵᠤ ᠪᠠᠶᠢᠬᠤ᠂ ᠭᠤᠤᠯᠳᠠᠯᠭ᠎ᠠ ᠲᠠᠢ ᠭᠠᠵᠠᠷ ᠤᠷᠤᠨ ᠤ ᠳᠡᠵᠢᠬᠡᠨ ᠦᠷᠡᠵᠢᠬᠦᠯᠬᠦ ᠭᠤᠤᠯ ᠴᠤᠬᠴᠠ ᠲᠠᠢ ᠬᠤᠳᠠᠯᠳᠤᠨ ᠠᠪᠬᠤ ᠪᠠ ᠪᠤᠷᠤᠯᠠᠭᠤᠯᠬᠤ ᠬᠡᠷ᠎ᠠ ᠳᠤᠬᠳᠠᠬᠰᠠᠨ ᠪᠦᠬᠡᠳ ᠪᠤᠷᠤᠯᠠᠭᠤᠯᠭ᠎ᠠ ᠬᠢᠭᠰᠡᠨ ᠳᠡᠵᠢᠬᠡᠯ ᠡᠪᠡᠰᠤᠨ ᠤ ᠠᠵᠤ ᠠᠬᠤᠶᠢᠯᠠᠯ᠂ ᠳᠠᠷᠢᠮᠠᠯ ᠤᠨ ᠡᠷᠤᠬᠡ ᠳᠤ ᠨᠦᠬᠦᠪᠦᠷᠢ ᠤᠯᠭᠤᠨ᠎ᠠ᠃ ᠡᠬᠦᠨ ᠳᠤ᠂ ᠨᠤᠭᠤᠭᠠᠨ ᠢᠶᠠᠷ ᠳᠠᠷᠤᠰᠢᠭᠤᠯᠤᠡᠡᠰᠡᠨ ᠡᠷᠳᠡᠨᠢ ᠰᠢᠰᠢ ᠳᠤ ᠮᠦ ᠪᠦᠷᠢ ᠳᠤ 50 ᠲᠦᠭᠦᠷᠢᠭ ᠤᠨ ᠪᠠᠷᠢᠮᠵᠢᠶ᠎ᠠ ᠪᠠᠷ ᠨᠦᠬᠦᠪᠦᠷᠢ ᠣᠯᠭᠤᠨ᠎ᠠ᠃ ᠳᠡᠵᠢᠬᠡᠯ ᠳᠤ ᠬᠡᠷᠡᠭᠯᠡᠬᠦ ᠨᠤᠬᠠᠢ ᠶᠢᠨ ᠬᠤᠰᠢᠭᠤ᠂ ᠬᠥᠭᠡ ᠶᠤᠤᠮᠠᠢ᠂ ᠬᠦᠭᠡ ᠨᠠᠷᠢᠮᠦ ᠵᠡᠷᠭᠡ ᠳᠤ ᠮᠦ ᠪᠦᠷᠢ ᠳᠤ 100 ᠲᠦᠭᠦᠷᠢᠭ ᠤᠨ ᠪᠠᠷᠢᠮᠵᠢᠶ᠎ᠠ ᠪᠠᠷ ᠨᠦᠬᠦᠪᠦᠷᠢ ᠣᠯᠭᠤᠨ᠎ᠠ᠃ ︽ᠦᠪᠡᠷ ᠢᠶᠠᠨ ᠳᠠᠷᠢᠵᠤ ᠦᠪᠡᠷ ᠢᠶᠠᠨ ᠬᠡᠷᠡᠭᠯᠡᠵᠤ ᠪᠠᠶᠢᠬᠤ︾ ᠳᠤ ᠨᠦᠬᠦᠪᠦᠷᠢ ᠣᠯᠭᠤᠬᠤ ᠦᠬᠡᠢ᠃       ᠭᠤᠷᠪᠠ᠂ ᠳᠡᠵᠢᠬᠡᠯ ᠡᠪᠡᠰᠤ ᠪᠤᠷᠳᠤᠭ᠎ᠠ ᠶᠢ ᠡᠳ᠋ᠰᠢᠬᠦᠯᠬᠦ ᠪᠠ ᠨᠡᠬᠡᠬᠡᠨ ᠬᠦᠭᠵᠢᠬᠦᠯᠬᠦ ᠳᠤ ᠬᠦᠤ ᠮᠦᠡᠭᠭᠦ ᠶᠢᠨ ᠨᠦᠬᠦᠪᠦᠷᠢ ᠤᠯᠭᠤᠨ᠎ᠠ      ᠠᠶᠢᠮᠠᠭ ᠤᠨ ᠳᠤᠳᠤᠷᠠᠬᠢ ᠳᠡᠵᠢᠬᠡᠯ ᠡᠪᠡᠰᠤ ᠪᠤᠷᠳᠤᠭᠠᠨ ᠤ ᠠᠵᠤ ᠠᠬᠤᠶᠢᠯᠠᠯ ᠤᠨ ᠡᠳ᠋ᠰᠢᠬᠦᠯᠬᠦ᠂ ᠬᠤᠷᠢᠶᠠᠨ ᠨᠦᠭᠡᠴᠡᠯᠡᠬᠦ᠂ ᠳᠤᠬᠢᠷᠠᠭᠤᠯᠤᠨ ᠬᠦᠷᠬᠡᠬᠦ ᠪᠠ ᠠᠷᠠᠯᠵᠢᠶᠠᠯᠠᠬᠤ ᠶᠢ ᠨᠢᠭᠡ ᠴᠤᠬᠴᠠᠵᠢᠭᠤᠯᠤᠨ ᠡᠵᠡᠩᠨᠡᠬᠦ ᠶᠢ ᠳᠡᠮᠵᠢᠵᠤ᠂ ᠳᠡᠵᠢᠬᠡᠯ ᠡᠪᠡᠰᠤ ᠪᠤᠷᠳᠤᠭᠠᠨ ᠤ ᠠᠵᠤ ᠠᠬᠤᠶᠢᠯᠠᠯ ᠤᠨ ᠬᠤᠯᠢᠮᠠᠭ ᠳᠡᠵᠢᠬᠡᠯ ᠡᠪᠡᠰᠤ ᠪᠤᠷᠳᠤᠭ᠎ᠠ ᠶᠢ ᠰᠤᠳᠤᠯᠤᠨ ᠦᠢᠯᠡᠳᠪᠦᠷᠢᠯᠡᠬᠦ ᠶᠢ ᠬᠦᠳᠦᠯᠤᠨ ᠵᠢᠯᠦᠭᠤᠳᠴᠤ᠂ ᠤᠷᠤᠨ ᠪᠦᠰᠡ ᠶᠢᠨ ᠴᠢᠨᠠᠷᠳᠡᠢ ᠳᠡᠵᠢᠬᠡᠯ ᠡᠪᠡᠰᠤ ᠪᠤᠷᠳᠤᠭᠠᠨ ᠤ ᠬᠠᠨᠭ᠍ᠭᠠᠯᠭ᠎ᠠ ᠦᠢᠯᠡᠳᠪᠤᠷᠢᠯᠡᠯ ᠤᠨ ᠴᠢᠳᠠᠪᠦᠷᠢ ᠶᠢ ᠳᠡᠭᠡᠭᠰᠢᠯᠡᠬᠦᠯᠦᠨ᠎ᠠ᠃ ᠵᠢᠯ ᠳᠤ 1 ᠲᠦᠮᠡᠨ ᠳᠤᠨ ᠠᠴᠠ ᠳᠡᠭᠡᠭᠰᠢ ᠦᠢᠯᠡᠳᠪᠦᠷᠢᠯᠡᠵᠤ ᠪᠤᠷᠤᠯᠠᠭᠤᠯᠬᠤ ᠶᠢᠨ ᠬᠠᠮᠳᠤ ᠵᠠᠬ᠎ᠠ ᠳᠡᠯᠬᠡᠬᠦᠷ ᠤᠨ ᠦᠨ᠎ᠡ ᠠᠴᠠ ᠳᠤᠤᠷ᠎ᠠ ᠦᠨ᠎ᠠ ᠪᠠᠷ ᠪᠦᠬᠦᠨ ᠢ ᠠᠶᠢᠮᠠᠭ ᠤᠨ ᠳᠤᠳᠤᠷᠠᠬᠢ ᠳᠡᠵᠢᠬᠡᠨ ᠦᠷᠡᠵᠢᠬᠦᠯᠬᠦ ᠡᠷᠤᠬᠡ ᠳᠤ ᠪᠤᠷᠤᠯᠠᠭᠤᠯᠵᠤ ᠥᠭᠬᠦᠭᠰᠡᠨ ᠳᠡᠵᠢᠬᠡᠯ ᠡᠪᠡᠰᠤ ᠪᠤᠷᠳᠤᠭᠠᠨ ᠤ ᠠᠵᠤ ᠠᠬᠤᠶᠢᠯᠠᠯ ᠤᠨ ᠬᠡᠷᠡᠭᠰᠡᠬᠦ ᠡᠷᠬᠢᠯᠳᠡ ᠶᠢᠨ ᠪᠡᠯᠡ ᠮᠦᠡᠭᠭᠦ ᠶᠢᠨ ᠲᠠᠯ᠎ᠠ ᠪᠠᠷ ᠢᠳᠡᠭᠡᠮᠵᠢ ᠶᠢᠨ ᠵᠢᠬᠡᠯᠡᠯᠬᠡ ᠶᠢᠨ ᠳᠡᠮᠵᠢᠯᠬᠡ ᠦᠵᠡᠬᠦᠯᠵᠤ᠂ ᠠᠷᠠᠳ ᠤᠨ ᠪᠠᠩᠭᠢ ᠶᠢᠨ ᠨᠡᠶᠢᠳᠡᠯᠡᠭᠰᠡᠨ ᠳᠤᠬᠠᠢ ᠶᠢᠨ ᠬᠤᠭᠤᠴᠠᠭᠠᠨ ᠤ LPR  ︵ᠵᠢᠬᠡᠯᠡᠯᠬᠡ ᠶᠢᠨ ᠵᠠᠬ᠎ᠠ ᠳᠡᠯᠬᠡᠬᠦᠷ ᠤᠨ ᠮᠡᠳᠡᠬᠦᠯᠦᠭᠰᠡᠨ ᠬᠦᠤ ᠨᠤᠷᠮ᠎ᠠ︶ ᠠᠴᠠ ᠬᠡᠳᠤᠷᠡᠬᠦᠯᠬᠦ ᠦᠬᠡᠢ ᠪᠠᠷ 50% ᠶᠢᠨ ᠬᠦᠤ ᠮᠦᠩᠭᠦᠨ ᠤ ᠳᠡᠮᠵᠢᠯᠬᠡ ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ  ︶      ᠲᠦᠷᠪᠡ᠂ ᠳᠡᠵᠢᠬᠡᠯ ᠡᠪᠡᠰᠤᠨ ᠤ ᠨᠦᠬᠡᠴᠡᠯᠡᠯᠳᠡ ᠳᠤ ᠨᠦᠬᠦᠪᠦᠷᠢ ᠤᠯᠭᠤᠨ᠎ᠠ      ᠭᠤᠤᠯᠳᠠᠯᠭ᠎ᠠ ᠲᠠᠢ ᠭᠠᠵᠠᠷ ᠤᠷᠤᠨ ᠤ ᠮᠢᠬᠠᠨ ᠤ ᠦᠬᠡᠷ ᠢ 50 ᠠᠴᠠ ᠲᠡᠭᠡᠭᠰᠢ ᠬᠡᠪᠴᠢᠶᠡᠵᠢᠭᠦᠯᠦᠨ ᠬᠠᠰᠢᠶᠠᠯᠠᠨ ᠮᠠᠯᠵᠢᠵᠤ ᠪᠠᠶᠢᠭ᠎ᠠ ᠡᠷᠤᠬᠡ ︵ᠳᠠᠯᠠᠪᠠᠢ᠂ ᠬᠤᠷᠰᠢᠶᠠᠵᠢᠯ︶᠂ ᠳᠡᠵᠢᠬᠡᠨ ᠦᠷᠡᠵᠢᠬᠦᠯᠬᠦ ᠳᠤᠭᠤᠷᠢᠭ ᠵᠢᠴᠢ ᠠᠶᠢᠮᠠᠭ ᠤᠨ ᠳᠤᠲᠤᠭᠠᠳᠤ ᠳᠤ ᠳᠡᠵᠢᠭᠡᠯ ᠪᠤᠷᠳᠤᠭ᠎ᠠ ᠪᠤᠷᠤᠯᠠᠭᠤᠯᠳᠠᠭ ᠳᠤᠰᠬᠠᠶᠢᠵᠢᠬᠰᠠᠨ ᠡᠪᠡᠰᠤ ᠪᠤᠷᠳᠤᠭ᠎ᠠ ᠬᠤᠷᠢᠶᠠᠨ ᠨᠦᠭᠡᠴᠡᠯᠡᠬᠦ ᠦᠢᠯᠡᠴᠢᠯᠡᠬᠡᠨ ᠤ ᠵᠤᠬᠢᠶᠠᠨ ᠪᠠᠶᠢᠭᠤᠯᠤᠯᠳᠠ ᠵᠡᠷᠭᠡ ᠭᠤᠤᠯ ᠴᠤᠬᠴᠠ ᠶᠢ ᠳᠡᠮᠵᠢᠵᠤ᠂ ᠠᠶᠢᠮᠠᠭ ᠤᠨ ᠳᠤᠳᠤᠭᠠᠳᠤ ᠳᠠᠬᠢ ᠨᠤᠭᠤᠭᠠᠨ ᠢᠶᠠᠷ ᠳᠠᠷᠤᠰᠢᠭᠤᠯᠤᠡᠡᠰᠡᠨ ᠡᠷᠳᠡᠨᠢ ᠰᠢᠰᠢ᠂ ᠴᠠᠷᠭᠠᠰᠤ᠂ ᠳᠡᠵᠢᠬᠡᠯ ᠳᠤ ᠬᠡᠷᠡᠭᠯᠡᠬᠦ ᠨᠤᠬᠠᠢ ᠶᠢᠨ ᠬᠤᠰᠢᠭᠤ ᠵᠡᠷᠭᠡ ᠴᠢᠨᠠᠷ ᠰᠠᠶᠢᠳᠡᠢ ᠡᠪᠡᠰᠤ ᠪᠤᠷᠳᠤᠭ᠎ᠠ ᠵᠢᠴᠢ ᠮᠢᠬᠠᠨ ᠤ ᠦᠬᠡᠷ ᠳᠡᠵᠢᠬᠡᠨ ᠦᠷᠡᠵᠢᠬᠦᠯᠬᠦ ᠳᠠᠯᠠᠪᠠᠢ ︵ᠡᠷᠤᠬᠡ︶ ᠶᠢᠨ ᠦᠷᠬᠦᠯᠵᠢ ᠬᠡᠷᠡᠭᠯᠡᠳᠡᠭ ᠤᠨᠴᠠᠯᠢᠬᠳᠤ ᠡᠪᠡᠰᠤ ᠪᠤᠷᠳᠤᠭ᠎ᠠ ᠶᠢ ᠬᠤᠷᠢᠶᠠᠨ ᠨᠦᠭᠡᠴᠡᠯᠡᠵᠤ ᠠᠰᠢᠡᠡᠯᠠᠪᠠᠯ ᠨᠦᠬᠦᠪᠦᠷᠢ ᠤᠯᠭᠤᠨ᠎ᠠ᠃ ᠲᠥᠪ᠂ ᠦᠪᠡᠷᠳᠡᠭᠡᠨ ᠵᠠᠰᠠᠬᠤ ᠤᠷᠤᠨ ᠪᠤᠯᠤᠨ ᠠᠶᠢᠮᠠᠭ ᠤᠨ ᠱᠠᠳᠤᠨ ᠤ ᠨᠦᠬᠦᠪᠤᠷᠢ ᠮᠦᠩᠬᠦ ᠶᠢ ᠨᠢᠭᠡᠳᠤᠯᠳᠠᠢ ᠳᠦᠯᠤᠪᠵᠢᠬᠦᠯᠤᠨ ᠨᠢᠭᠡᠳᠬᠡᠵᠦ᠂ ᠨᠦᠬᠦᠪᠤᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠥᠨ᠂ ᠨᠦᠭᠡᠴᠡᠯᠡᠭᠰᠡᠨ ᠳᠡᠵᠢᠬᠡᠯ ᠡᠪᠡᠰᠤ ᠪᠤᠷᠳᠤᠭᠠᠨ ᠳᠤ ᠳᠤᠨ ᠪᠦᠷᠢ ᠳᠤ 100 ᠲᠦᠭᠦᠷᠢᠭ ᠤᠨ ᠪᠠᠷᠢᠮᠵᠢᠶ᠎ᠠ ᠪᠠᠷ ᠨᠦᠬᠦᠪᠦᠷᠢ ᠤᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ  ︶       ᠲᠠᠪᠤ᠂ ᠬᠢᠨᠠᠯᠲᠠ ᠬᠠᠮᠢᠶᠠᠷᠤᠯᠲᠠ  ᠪᠠᠨ ᠴᠢᠩᠭᠠᠳᠬᠠᠨ᠎ᠠ      ᠲᠠᠷᠢᠶᠠᠯᠠᠩ ᠤᠨ ᠪᠤᠰᠤ ᠣᠷᠣᠨ ᠳᠤ ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠶ ᠂ ᠲᠡᠵᠢᠭᠡᠨ ᠦᠷᠡᠵᠢᠭᠦᠯᠬᠦ ᠲᠣᠭᠤᠷᠢᠭ ᠰᠢᠨ᠎ᠡ ᠪᠠᠷ ᠪᠠᠶᠢᠭᠤᠯᠬᠤ ᠪᠠᠷ ᠭᠠᠵᠠᠷ ᠰᠣᠩᠭᠤᠬᠤ ᠳᠤ ᠪᠠᠨ ᠪᠡᠯᠴᠢᠭᠡᠷ ᠠᠴᠠ ᠠᠯᠢ ᠴᠢᠳᠠᠬᠤ ᠪᠠᠷ ᠵᠠᠶᠢᠯᠠᠰᠬᠢᠵᠤ᠂ ᠬᠤᠯᠠᠭᠠᠶᠢᠯᠠᠨ ᠮᠠᠯᠵᠢᠬᠤ ᠠᠵᠢᠯᠯᠠᠭ᠎ᠠ ᠶᠢ ᠰᠡᠷᠭᠡᠶᠢᠯᠡᠨ ᠵᠠᠰᠠᠨ᠎ᠠ᠃ ᠲᠠᠷᠢᠶᠠᠯᠠᠩ ᠤᠨ ᠪᠤᠰᠤ ᠣᠷᠣᠨ ᠤ ᠬᠠᠰᠢᠶᠠᠯᠠᠨ ᠮᠠᠯᠵᠢᠬᠤ ᠲᠠᠯᠠᠪᠠᠶ᠂ ᠲᠣᠭᠤᠷᠢᠭ ᠲᠤ ᠲᠣᠭᠠᠴᠢᠯᠠᠭᠰᠠᠨ ᠬᠢᠨᠠᠨ ᠡᠵᠡᠮᠳᠡᠬᠦᠷ ᠤᠨ ᠰᠢᠰᠲ᠋ᠧᠮ ᠤᠡᠡᠰᠠᠷᠠᠵᠤ᠂ ᠲᠤᠬᠠᠢ ᠶᠢᠨ ᠭᠠᠵᠠᠷ ᠤᠨ ᠬᠢᠨᠠᠨ ᠬᠠᠮᠢᠶᠠᠷᠬᠤ ᠰᠠᠯᠠᠭ᠎ᠠ ᠮᠦᠴᠢᠷ ᠲᠤ ᠬᠢᠨᠠᠨ ᠬᠠᠮᠢᠶᠠᠷᠬᠤ ᠳᠠᠪᠴᠡᠩ ᠭᠠᠷᠭᠠᠵᠤ᠂ ᠬᠢᠨᠠᠨ ᠬᠠᠮᠢᠶᠠᠷᠤᠨ᠎ᠠ︔ ᠲᠠᠷᠢᠶᠠᠯᠠᠩ ᠤᠨ ᠪᠤᠰᠤ ᠣᠷᠣᠨ ᠤ ᠬᠠᠰᠢᠶᠠᠯᠠᠨ ᠮᠠᠯᠵᠢᠬᠤ ᠲᠠᠯᠠᠪᠠᠢ᠂ ᠲᠣᠭᠤᠷᠢᠭ ᠲᠤ ᠪᠡᠯᠴᠢᠭᠡᠷᠯᠡᠭᠦᠯᠬᠦ ᠶᠢ ᠴᠢᠩᠭ᠎ᠠ ᠬᠤᠷᠢᠭᠯᠠᠵᠣ᠂ ᠳᠤᠷ᠎ᠠ ᠪᠠᠷ ᠢᠶᠠᠨ ᠮᠠᠯ ᠬᠠᠷᠢᠭᠤᠯᠤᠭᠰᠠᠨ᠂ ᠬᠤᠯᠠᠭᠠᠶᠢᠯᠠᠨ ᠮᠠᠯᠵᠢᠡᠡᠰᠡᠨ ᠦᠢᠯᠡ ᠠᠵᠢᠯᠯᠠᠭ᠎ᠠ ᠶᠢ ᠬᠤᠯᠪᠣᠭᠳᠠᠯ ᠪᠦᠬᠦᠢ ᠬᠠᠤᠯᠢ ᠲᠣᠭᠲᠠᠭᠠᠯ ᠢ ᠦᠨᠳᠦᠰᠦᠯᠡᠨ ᠰᠢᠢᠳᠬᠡᠨ ᠲᠣᠷᠭᠠᠬᠤ ᠶᠢᠨ ᠬᠠᠮᠲᠤ  ᠬᠤᠯᠪᠣᠭᠳᠠᠯ  ᠪᠦᠬᠦᠢ  ᠨᠥᠬᠦᠪᠦᠷᠢ  ᠪᠡᠯᠡ  ᠮᠥᠩᠭᠦ ᠶᠢ ᠨᠡᠬᠡᠮᠵᠢᠯᠡᠨ ᠲᠤᠰᠢᠶᠠᠯᠭᠠᠨ᠎ᠠ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ  ᠂ ᠡᠳ᠋ ᠤᠨ ᠵᠠᠰᠠᠭ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ︶      ᠳᠡᠭᠡᠷ᠎ᠡ ᠳᠤᠷᠠᠳᠤᠭᠰᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠢ ᠮᠢᠬᠠᠨ ᠤ ᠦᠬᠡᠷ ᠬᠠᠰᠢᠶᠠᠯᠠᠨ ᠮᠠᠯᠵᠢᠬᠤ ᠶᠢ ᠳᠡᠮᠵᠢᠵᠦ᠂ ᠪᠡᠯᠴᠢᠭᠡᠷᠯᠡᠭᠦᠯᠦᠨ ᠮᠠᠯᠵᠢᠬᠤ ᠶᠢ ᠳᠡᠮᠵᠢᠬᠦ ᠥᠬᠡᠶ᠃ ᠳᠡᠭᠡᠷᠡᠬᠢ ᠳᠦᠷᠤ ᠶᠢᠨ ᠪᠣᠳᠤᠯᠭ᠎ᠠ ᠠᠷᠭ᠎ᠠ ᠬᠡᠮᠵᠢᠶ᠎ᠡ ᠶᠢ 2024 —2025 ᠣᠨ ᠬᠦᠷᠳᠡᠯ᠎ᠡ ᠬᠡᠷᠡᠭᠵᠢᠬᠦᠯᠤᠨ᠎ᠡ᠂ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ ᠲᠦᠷᠦᠭᠦᠯᠡᠨ᠂ ᠪᠣᠳᠠᠲᠠᠶ ᠬᠡᠷᠡᠭᠵᠢᠭᠦᠯᠬᠦ ᠨᠠᠷᠢᠨ ᠲᠦᠷᠢᠮ ᠲᠣᠭᠲᠠᠭᠠᠵᠤ ᠨᠡᠶᠢᠲᠡᠯᠡᠨ᠎ᠡ᠃ ᠭᠤᠣᠯᠳᠠᠯᠭ᠎ᠠ ᠲᠠᠢ ᠭᠠᠵᠠᠷ ᠣᠷᠣᠨ ᠭᠡᠳᠡᠭ ᠨᠢ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠪᠡᠯᠴᠢᠭᠡᠷᠯᠡᠭᠦᠯᠬᠦ ᠶᠢ ᠵᠣᠭᠰᠣᠭᠠᠬᠤ ᠣᠷᠣᠨ ︵11 ᠬᠤᠰᠢᠭᠤ ᠰᠢᠶᠠᠨ ᠬᠤᠳᠠ ᠶᠢᠨ ᠭᠠᠴᠠᠭ᠎ᠠ ᠲᠣᠰᠬᠤᠨ ᠠᠴᠠ ᠳᠡᠭᠡᠭᠰᠢ ᠨᠢᠭᠡᠴᠢ ᠪᠣᠯᠭᠠᠨ ᠵᠠᠭᠠᠭᠯᠠᠨ ᠲᠣᠭᠲᠠᠭᠠᠭᠰᠠᠨ ᠪᠡᠯᠴᠢᠭᠡᠷᠯᠡᠭᠦᠯᠬᠦ ᠶᠢ ᠵᠣᠭᠰᠣᠭᠠᠬᠤ ᠣᠷᠣᠨ᠂ ᠡᠭᠦᠨ ᠳᠤ ᠤᠯᠠᠭᠠᠢ ᠬᠠᠮᠢᠶᠠᠷᠤᠯᠲᠠ ᠶᠢᠨ ᠣᠷᠣᠨ ᠪᠣᠯᠣᠨ ᠲᠠᠶᠢᠹᠤᠰᠧ ᠬᠤᠰᠢᠭᠤ ᠪᠠᠭᠲᠠᠬᠤ ᠦᠭᠡᠢ︶᠂ ᠥᠪᠡᠷᠲᠡᠭᠡᠨ ᠵᠠᠰᠠᠬᠤ ᠣᠷᠣᠨ ᠪᠣᠯᠣᠨ ᠠᠶᠢᠮᠠᠭ ᠤᠨ ᠱᠠᠲᠤᠨ ᠤ ᠨᠤᠳᠤᠭ ᠪᠡᠯᠴᠢᠭᠡᠷ ᠤᠨ ᠭᠡᠳᠥ ᠪᠡᠯᠴᠢᠭᠡᠷᠯᠡᠬᠦᠯᠬᠦ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠭᠠᠵᠠᠷ ᠣᠷᠣᠨ ︵ᠪᠠᠷᠠᠭᠤᠨ ᠦᠵᠦᠮᠦᠴᠢᠨ ᠬᠤᠰᠢᠭᠤ᠂ ᠲᠤᠯᠤᠨ ᠨᠤᠤᠷ ᠰᠢᠶᠠᠨ᠂ ᠰᠥᠨᠢᠳ ᠵᠡᠭᠦᠨ ᠬᠤᠰᠢᠭᠤ᠂ ᠰᠢᠯᠤᠭᠤᠨ ᠬᠥᠪᠡᠭᠡᠲᠦ ᠴᠠᠭᠠᠨ ᠬᠤᠰᠢᠭᠤ︶ ᠵᠢᠴᠢ ᠬᠠᠭᠠᠰ ᠲᠠᠷᠢᠶᠠᠯᠠᠬᠤ ᠬᠠᠭᠠᠰ ᠮᠠᠯᠵᠢᠬᠤ ᠣᠷᠣᠨ ︵ᠳᠣᠯᠣᠨ ᠨᠤᠤᠷ ᠰᠢᠶᠠᠨ ᠤ ᠪᠥᠬᠦ ᠬᠡᠪᠴᠢᠶ᠎ᠡ᠂  ᠲᠠᠶᠢᠹᠤᠰᠧ ᠬᠤᠰᠢᠭᠤᠨ ᠤ ᠲᠠᠷᠢᠶᠠᠯᠠᠬᠤ ᠣᠷᠣᠨ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠰᠢᠩ ᠶᠣᠣ ᠪᠠᠯᠭᠠᠰᠤ᠂ ᠰᠢᠯᠤᠭᠤᠨ ᠬᠥᠬᠡ ᠬᠤᠰᠢᠭᠤᠨ ᠤ ᠬᠠᠪᠢᠷᠭ᠎ᠠ ᠪᠠᠯᠭᠠᠰᠤ ᠪᠤᠯᠤᠨ ᠰᠠᠩ ᠤᠨ ᠲᠠᠯᠠᠢ ᠪᠠᠯᠭᠠᠰᠤ︶᠃ ᠤᠤᠯ ᠤᠨ ︽ᠰᠢᠯᠢ ᠶᠢᠨ ᠭᠤᠤᠯ ᠠᠶᠢᠮᠠᠭ ᠤᠨ ᠬᠠᠭᠠᠰ ᠲᠠᠷᠢᠶᠠᠯᠠᠬᠤ ᠬᠠᠭᠠᠰ ᠮᠠᠯᠵᠢᠬᠤ ᠣᠷᠣᠨ ᠤ ᠮᠢᠬᠠᠨ ᠤ ᠦᠬᠡᠷ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠬᠡᠷᠡᠭᠵᠢᠭᠦᠯᠬᠦ ᠲᠥᠰᠦᠯ ︵2023 — 2025 ᠣᠨ︶︾ ︵ᠰᠢᠯᠢ  ᠨᠠᠮ  ᠠᠯᠪᠠᠨ ᠲᠠᠷᠬᠠᠭᠠᠭᠰᠠᠨ  ﹇2023﹈ 10 ᠳ᠋ᠤᠭᠠᠷ ᠲᠣᠭᠠᠲᠤ︶ ᠵᠢᠴᠢ  ᠢᠵᠢ ᠪᠦᠷᠢᠳᠦᠭᠦᠯᠦᠭᠰᠡᠨ ︽ᠬᠠᠭᠠᠰ ᠲᠠᠷᠢᠶᠠᠯᠠᠬᠤ ᠬᠠᠭᠠᠰ ᠮᠠᠯᠵᠢᠬᠤ ᠣᠷᠣᠨ ᠤ ᠮᠢᠬᠠᠨ ᠤ ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠶ ᠬᠦᠭᠵᠢᠯᠳᠡ ᠶᠢ ᠠᠬᠢᠭᠤᠯᠬᠤ ᠲᠤᠬᠠᠶ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ︾ ᠢ ᠵᠡᠷᠭᠡ ᠳᠤᠨᠢ ᠬᠦᠴᠦᠨ ᠥᠬᠡᠶ ᠪᠣᠯᠭᠠᠨ᠎ᠠ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号