ᠰᠢᠯᠢ ᠵᠠᠬᠢᠷᠭ᠎ᠠ ᠠᠯᠪᠠᠨ ᠲᠠᠷᠬᠠᠭᠠᠭᠰᠠᠨ ﹇2024﹈ 13 ᠳ᠋ᠤᠭᠠᠷ ᠲᠤᠭᠠᠲᠤ | | ︽ᠰᠢᠯᠢ ᠶᠢᠨ ᠭᠤᠤᠯ ᠠᠶᠢᠮᠠᠭ ᠤᠨ ᠮᠢᠬᠠᠨ ᠤ ᠦᠬᠡᠷ ᠢ ᠨᠠᠷᠢᠯᠢᠭ ᠡᠳ᠋ᠰᠢᠭᠦᠯᠬᠦ ᠠᠵᠤ ᠦᠢᠯᠡᠰ ᠤᠨ ᠬᠡᠯᠬᠢᠶ᠎ᠡ ᠶᠢᠨ | ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ ︵ᠲᠦᠷ ᠬᠡᠷᠡᠭᠵᠢᠭᠦᠯᠬᠦ︶︾ ᠢ | ᠳᠠᠷᠤᠮᠠᠯᠯᠠᠨ ᠶᠠᠪᠤᠭᠤᠯᠬᠤ ᠲᠤᠬᠠᠶ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ᠮᠡᠳᠡᠭᠳᠡᠯ | | | ᠡᠯ᠎ᠡ ᠬᠤᠰᠢᠭᠤ ᠰᠢᠶᠠᠨ ᠬᠤᠲᠠ ︵ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ | ᠵᠥᠪᠯᠡᠯ︶᠂ ᠠᠶᠢᠮᠠᠭ ᠤᠨ ᠬᠤᠯᠪᠣᠭᠳᠠᠯ ᠪᠥᠬᠦᠶ ᠵᠥᠪᠯᠡᠯ᠂ ᠠᠯᠪᠠᠨ ᠬᠡᠷ᠂ ᠲᠣᠪᠴᠢᠶᠠᠨ ᠳᠤ᠄ | ︽ᠰᠢᠯᠢ ᠶᠢᠨ ᠭᠤᠤᠯ ᠠᠶᠢᠮᠠᠭ ᠤᠨ ᠮᠢᠬᠠᠨ ᠤ ᠦᠬᠡᠷ ᠢ ᠨᠠᠷᠢᠯᠢᠭ ᠡᠳ᠋ᠰᠢᠭᠦᠯᠬᠦ ᠠᠵᠤ ᠦᠢᠯᠡᠰ ᠤᠨ | ᠬᠡᠯᠬᠢᠶ᠎ᠡ ᠶᠢᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ ︵ᠲᠦᠷ | ᠬᠡᠷᠡᠭᠵᠢᠭᠦᠯᠬᠦ︶︾ ᠢ ᠨᠢᠭᠡᠨᠲᠡ ᠵᠠᠬᠢᠷᠭ᠎ᠠ ᠶᠢᠨ 2024 ᠣᠨ ᠤ 5 ᠳ᠋ᠤᠭᠠᠷ ᠣᠳᠠᠭᠠᠨ ᠤ ᠪᠠᠶᠢᠩᠭᠤ ᠶᠢᠨ | ᠬᠤᠷᠠᠯ ᠢᠶᠠᠷ ᠰᠤᠳᠤᠯᠤᠨ ᠵᠦᠪᠰᠢᠶᠡᠷᠡᠭᠦᠯᠦᠭᠡᠳ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ | ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃ | | | | | | | ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ | 2024 ᠣᠨ ᠤ 2 ᠳ᠋ᠤᠭᠠᠷ ᠰᠠᠷ᠎ᠠ ᠶᠢᠨ 1 ᠤ ᠡᠳᠦᠷ | | | | ᠰᠢᠯᠢ ᠶᠢᠨ ᠭᠤᠤᠯ ᠠᠶᠢᠮᠠᠭ ᠤᠨ ᠮᠢᠬᠠᠨ ᠤ ᠦᠬᠡᠷ ᠢ ᠨᠠᠷᠢᠯᠢᠭ ᠡᠳ᠋ᠰᠢᠭᠦᠯᠬᠦ ᠠᠵᠤ ᠦᠢᠯᠡᠰ ᠤᠨ ᠬᠡᠯᠬᠢᠶ᠎ᠡ ᠶᠢᠨ | ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ ︵ᠲᠦᠷ ᠬᠡᠷᠡᠭᠵᠢᠭᠦᠯᠬᠦ︶ | | | ᠮᠢᠬᠠᠨ ᠤ ᠦᠬᠡᠷ ᠢ ᠨᠠᠷᠢᠯᠢᠭ ᠡᠳ᠋ᠰᠢᠭᠦᠯᠬᠦ᠂ ᠪᠣᠷᠣᠯᠠᠭᠤᠯᠬᠤ ᠪᠠ ᠨᠠᠷᠠᠲᠤ ᠲᠥᠷᠥᠯ ᠲᠡᠮᠳᠡᠭᠲᠦ ᠶᠢᠨ ᠪᠥᠲᠥᠭᠡᠨ | ᠪᠠᠶᠢᠭᠤᠯᠤᠯᠲᠠ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠮᠢᠬᠠᠨ ᠤ ᠦᠬᠡᠷ ᠤᠨ ᠠᠵᠤ ᠦᠢᠯᠡᠰ ᠤᠨ | ᠬᠥᠭᠵᠢᠯᠲᠡ ᠶᠢᠨ ᠳᠤᠲᠠᠭᠤᠳᠠᠯ ᠢ ᠨᠥᠬᠦᠪᠥᠷᠢᠯᠡᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠶᠢᠨ ᠲᠤᠰᠠᠳᠠ | ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢ ᠦᠨᠳᠦᠰᠦᠯᠡᠨ᠂ | ᠮᠠᠨ ᠤ ᠠᠶᠢᠮᠠᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠳᠣᠤᠷᠠᠬᠢ ᠮᠡᠲᠦ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠲᠣᠭᠲᠠᠭᠠᠪᠠ᠃ | ᠨᠢᠭᠡ᠂ ᠠᠶᠢᠮᠠᠭ ᠤᠨ ᠲᠤᠳᠤᠭᠠᠳᠤ ᠳᠤ ᠮᠢᠬᠠᠨ ᠤ ᠦᠬᠡᠷ ᠢ ︽ᠡᠷᠦᠬᠡ ᠳᠤ ᠲᠡᠵᠢᠬᠡᠨ ᠦᠷᠡᠵᠢᠬᠦᠯᠵᠦ ᠠᠵᠦ | ᠠᠬᠤᠶᠢᠯᠠᠯ ᠳᠤ ᠪᠣᠷᠳᠤᠨ ᠲᠠᠷᠭᠤᠯᠠᠭᠤᠯᠬᠤ︾ ᠶᠢ ᠳᠡᠮᠵᠢᠨ᠎ᠡ | ︽ᠡᠷᠦᠬᠡ ᠳᠤ ᠲᠡᠵᠢᠬᠡᠨ ᠦᠷᠡᠵᠢᠭᠦᠯᠵᠦ ᠠᠵᠤ ᠠᠬᠤᠶᠢᠯᠠᠯ ᠳᠤ ᠪᠤᠷᠳᠤᠨ ᠲᠠᠷᠭᠤᠯᠠᠭᠤᠯᠬᠤ︾ | ᠬᠠᠮᠲᠤᠷᠠᠯᠴᠠᠭᠠᠨ ᠤ ᠵᠠᠭᠪᠤᠷ ᠢ ᠵᠣᠷᠢᠭᠵᠢᠭᠤᠯᠵᠤ᠂ ᠲᠡᠵᠢᠭᠡᠨ ᠦᠷᠡᠵᠢᠭᠦᠯᠬᠦ ᠡᠷᠦᠬᠡ ᠶᠢ ᠬᠦᠳᠦᠯᠦᠨ ᠵᠢᠯᠤᠭᠤᠳᠴᠦ | ᠪᠠᠶᠢᠭᠠᠳ ᠢᠳᠡᠪᠬᠢᠲᠡᠶ ᠪᠠᠷ ᠲᠤᠭᠤᠯ ᠢ ᠪᠤᠶᠢᠵᠢᠭᠤᠯᠬᠤ ᠶᠢᠨ ᠬᠠᠮᠲᠤ ᠠᠶᠢᠮᠠᠭ ᠤᠨ ᠳᠣᠲᠣᠷᠠᠬᠢ ᠪᠣᠷᠳᠣᠨ | ᠲᠠᠷᠭᠤᠯᠠᠭᠤᠯᠬᠤ ᠲᠠᠯᠠᠪᠠᠶ ᠳᠤ ᠬᠤᠳᠠᠯᠳᠤᠭᠤᠯᠵᠦ᠂ ᠪᠣᠷᠳᠣᠨ ᠲᠠᠷᠭᠤᠯᠠᠭᠤᠯᠬᠤ ᠲᠠᠯᠠᠪᠠᠶ ᠠᠴᠠ ᠲᠤᠭᠤᠯ ᠢ | ᠬᠤᠳᠠᠯᠳᠤᠨ ᠠᠪᠴᠦ ᠪᠣᠷᠳᠣᠨ ᠲᠠᠷᠭᠤᠯᠠᠭᠤᠯᠤᠨ᠎ᠠ᠃ ᠲᠡᠵᠢᠭᠡᠨ ᠦᠷᠡᠵᠢᠭᠦᠯᠬᠦ ᠡᠷᠦᠬᠡ ᠨᠢ ᠪᠣᠷᠳᠣᠨ | ᠲᠠᠷᠭᠤᠯᠠᠭᠤᠯᠬᠤ ᠲᠠᠯᠠᠪᠠᠶ ︵ᠪᠣᠷᠳᠣᠨ ᠲᠠᠷᠭᠤᠯᠠᠭᠤᠯᠬᠤ ᠬᠡᠪᠴᠢᠶ᠎ᠡ ᠨᠢ 100 ᠲᠣᠯᠣᠭᠠᠢ ᠠᠴᠠ ᠳᠡᠭᠡᠭᠰᠢ︶ ᠳᠤ | ᠪᠠᠷᠢᠮᠵᠢᠶᠠᠨ ᠳᠤ ᠬᠦᠷᠦᠭᠰᠡᠨ ᠲᠤᠭᠤᠯ ᠢᠶᠠᠨ ᠬᠤᠳᠠᠯᠳᠤᠪᠠᠯ᠂ ᠲᠣᠯᠣᠭᠠᠶ ᠪᠦᠷᠢ ᠶᠢ 500 ᠲᠥᠭᠦᠷᠢᠭ ᠢᠶᠠᠷ | ᠱᠠᠩᠨᠠᠨ᠎ᠠ᠃[ ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠣᠰᠬᠤᠨ | ᠮᠠᠯᠵᠢᠬᠤ ᠣᠷᠣᠨ ᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ︵ᠣᠷᠣᠨ︶ | ᠶᠢᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶᠂ ᠳᠣᠤᠷᠠᠬᠢ ᠡᠯ᠎ᠡ ᠵᠦᠢᠯ ᠤᠨ ᠲᠥᠷᠥ ᠶᠢᠨ | ᠪᠣᠳᠣᠯᠭ᠎ᠠ ᠠᠷᠭ᠎ᠠ ᠬᠡᠮᠵᠢᠶ᠎ᠡ ᠶᠢᠨ ᠬᠠᠷᠢᠭᠤᠴᠠᠯᠭᠠᠲᠤ ᠨᠢᠭᠡᠴᠡ ᠳᠤ ᠴᠥᠮ ᠡᠯ᠎ᠡ ᠬᠤᠰᠢᠭᠤ ᠰᠢᠶᠠᠨ ᠬᠤᠲᠠ ︵ | ᠣᠷᠣᠨ︶ ᠶᠢᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠢ ᠪᠠᠭᠲᠠᠭᠠᠵᠤ᠂ ᠳᠠᠭᠢᠵᠤ ᠲᠤᠰᠠᠭᠠᠷ | ᠵᠢᠭᠰᠠᠭᠠᠬᠤ ᠥᠬᠡᠶ ]᠃ | ᠬᠤᠶᠠᠷ᠂ ᠠᠶᠢᠮᠠᠭ ᠤᠨ ᠲᠤᠳᠤᠭᠠᠳᠤ ᠳᠤ ᠮᠢᠬᠠᠨ ᠤ ᠦᠬᠡᠷ ᠪᠣᠷᠳᠣᠨ ᠲᠠᠷᠭᠤᠯᠠᠭᠤᠯᠬᠤ ᠶᠢ ᠳᠡᠮᠵᠢᠨ᠎ᠡ | ᠵᠣᠬᠢᠬᠤ ᠬᠡᠪᠴᠢᠶ᠎ᠡ ᠲᠠᠢ ᠪᠠᠷ ᠮᠢᠬᠠᠨ ᠤ ᠦᠬᠡᠷ ᠪᠣᠷᠳᠣᠨ ᠲᠠᠷᠭᠤᠯᠠᠭᠤᠯᠬᠤ ᠶᠢ ᠲᠡᠮᠵᠢᠵᠦ᠂ ᠠᠶᠢᠮᠠᠭ ᠤᠨ | ᠳᠣᠲᠣᠭᠠᠳᠤ ᠶᠢᠨ ᠪᠣᠷᠳᠣᠨ ᠲᠠᠷᠭᠤᠯᠠᠭᠤᠯᠬᠤ ᠠᠵᠤ ᠠᠬᠤᠶᠢᠯᠠᠯ ᠤᠨ ᠲᠠᠩᠰᠠ ᠡᠪᠬᠡᠮᠡᠯ ᠪᠠ ᠤᠷᠮᠠᠰᠢᠭᠤᠯᠬᠤ | ᠲᠣᠭᠲᠠᠴᠠ ᠪᠠᠶᠢᠭᠤᠯᠬᠤ ᠶᠢ ᠵᠤᠷᠢᠭᠵᠢᠭᠤᠯᠤᠨ᠎ᠠ᠃ ᠠᠶᠢᠮᠠᠭ ᠤᠨ ᠳᠣᠲᠣᠭᠠᠳᠤ ᠶᠢᠨ ᠮᠢᠬᠠᠨ ᠤ ᠦᠬᠡᠷ ᠢ ᠪᠣᠷᠳᠣᠨ | ᠲᠠᠷᠭᠤᠯᠠᠭᠤᠯᠬᠤ ᠲᠠᠯᠠᠪᠠᠶ ᠨᠢ ᠪᠣᠷᠳᠣᠨ ᠲᠠᠷᠭᠤᠯᠠᠭᠤᠯᠤᠭᠰᠠᠨ ᠦᠬᠡᠷ ᠢᠶᠠᠨ ᠠᠶᠢᠮᠠᠭ ᠤᠨ ᠳᠣᠲᠣᠭᠠᠳᠤ ᠶᠢᠨ | ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠳᠤ ᠬᠤᠳᠠᠯᠳᠤᠪᠠᠯ ᠨᠥᠬᠦᠪᠥᠷᠢ ᠣᠯᠭᠤᠨ᠎ᠠ᠃ ᠠᠶᠢᠮᠠᠭ ᠤᠨ | ᠳᠣᠳᠤᠭᠠᠳᠤ ᠶᠢᠨ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠳᠤ ᠬᠤᠳᠠᠯᠳᠤᠵᠦ ᠨᠢᠳᠤᠯᠵᠦ ᠡᠳ᠋ᠰᠢᠬᠦᠯᠪᠡᠯ | 100 — 199 ᠦᠭᠡᠷ ᠲᠤ ᠨᠢᠬᠡᠯᠡ ᠤᠳᠠᠬ᠋᠎ᠠ ᠶᠢᠨ ᠴᠢᠨᠠᠷᠳᠠᠢ ᠪᠠᠷ ᠦᠭᠡᠷ ᠪᠦᠷᠢ ᠳᠤ 1000 ᠲᠥᠭᠦᠷᠢᠭ ᠤᠨ | ᠱᠠᠩᠨᠠᠯ ᠲᠠᠢ᠂ 200 — 399 ᠪᠤᠯ ᠦᠭᠡᠷ ᠪᠦᠷᠢ ᠳᠤ 1100 ᠲᠥᠭᠦᠷᠢᠭ ᠤᠨ ᠱᠠᠩᠨᠠᠯ ᠲᠠᠢ᠂ 400 — | 599 ᠪᠤᠯ ᠦᠭᠡᠷ ᠪᠦᠷᠢ ᠳᠤ 1200 ᠲᠥᠭᠦᠷᠢᠭ ᠤᠨ ᠱᠠᠩᠨᠠᠯ ᠲᠠᠢ᠂ 600 — 799 ᠪᠤᠯ ᠦᠭᠡᠷ | ᠪᠦᠷᠢ ᠳᠤ 1300 ᠲᠥᠭᠦᠷᠢᠭ ᠤᠨ ᠱᠠᠩᠨᠠᠯ ᠲᠠᠢ᠂ 800 — 999 ᠪᠤᠯ ᠦᠭᠡᠷ ᠪᠦᠷᠢ ᠳᠤ 1400 | ᠲᠥᠭᠦᠷᠢᠭ ᠤᠨ ᠱᠠᠩᠨᠠᠯ ᠲᠠᠢ᠂ 1000 ᠠᠴᠠ ᠳᠡᠭᠡᠭᠰᠢ ᠪᠤᠯ ᠦᠭᠡᠷ ᠪᠦᠷᠢ ᠳᠤ 1500 ᠲᠥᠭᠦᠷᠢᠭ ᠤᠨ | ᠱᠠᠩᠨᠠᠯ ᠲᠠᠢ᠂ ᠱᠠᠩᠨᠠᠬᠤ ᠵᠤᠭᠤᠰᠤᠨ ᠤ ᠲᠤᠭ᠎ᠠ ᠶᠢ ᠬᠠᠮᠤᠭ ᠤᠨ ᠥᠨᠳᠥᠷ ᠲᠤ ᠪᠠᠨ 500 ᠲᠦᠮᠡᠨ | ᠲᠥᠭᠦᠷᠢᠭ ᠠᠴᠠ ᠬᠡᠳᠤᠷᠠᠬᠦᠯᠬᠦ ᠥᠬᠡᠶ᠃ ᠬᠡᠪᠴᠢᠶᠡᠵᠢᠭᠰᠡᠨ ᠪᠣᠷᠳᠣᠨ ᠲᠠᠷᠭᠤᠯᠠᠭᠤᠯᠬᠤ ᠲᠠᠯᠠᠪᠠᠢ ᠶᠢᠨ ᠪᠠᠶᠢᠬ᠋᠎ᠠ | ᠭᠠᠵᠠᠷ ᠤᠷᠦᠨ ᠳᠤ ᠲᠠᠷᠢᠶᠠᠯᠠᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ ᠭᠠᠵᠠᠷ᠂ ᠬᠤᠵᠢᠷᠯᠢᠬ ᠭᠠᠵᠠᠷ᠂ | ᠡᠯᠡᠰᠦᠨ ᠲᠠᠩ ᠭᠠᠵᠠᠷ ᠵᠡᠷᠭᠡ ᠡᠯ᠎ᠡ ᠲᠥᠷᠥᠯ ᠤᠨ ᠭᠠᠵᠠᠷ ᠰᠢᠷᠣᠶ ᠶᠢᠨ ᠡᠬᠢ ᠪᠠᠶᠠᠯᠢᠭ ᠢ ᠤᠷᠢᠳᠠᠪᠠᠷ ᠳᠣᠭᠢᠷᠠᠭᠤᠯᠵᠤ | ᠨᠣᠭᠤᠭᠠᠨ ᠳᠠᠷᠤᠰᠢ᠂ ᠴᠠᠷᠭᠠᠰᠤ᠂ ᠨᠣᠬᠠᠶ ᠶᠢᠨ ᠬᠤᠰᠢᠭᠤ ᠵᠡᠷᠬᠡ ᠴᠢᠨᠠᠷ ᠰᠠᠶᠢᠳᠠᠢ ᠲᠡᠵᠢᠭᠡᠯ ᠡᠪᠡᠰᠦ ᠪᠤᠷᠳᠤᠬ᠋ᠠ | ᠲᠠᠷᠢᠬᠤ ᠶᠢ ᠲᠡᠮᠵᠢᠵᠦ᠂ ᠪᠤᠷᠳᠤᠨ ᠲᠠᠷᠭᠤᠯᠠᠭᠤᠯᠬᠤ ᠦᠪᠡᠷ ᠤᠨ ᠦᠷᠳᠡᠭ ᠢ ᠪᠠᠭᠤᠷᠠᠭᠤᠯᠣᠨ᠎ᠠ᠃ ︵ | ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠣᠰᠬᠤᠨ ᠮᠠᠯᠵᠢᠬᠤ | ᠣᠷᠣᠨ ᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ︶ | ᠭᠤᠷᠪᠠ᠂ ᠠᠶᠢᠮᠠᠭ ᠤᠨ ᠳᠣᠲᠣᠭᠠᠳᠤ ᠶᠢᠨ ᠨᠢᠲᠤᠯᠵᠦ ᠡᠳ᠋ᠰᠢᠬᠦᠯᠬᠦ ᠠᠵᠤ ᠠᠬᠤᠶᠢᠯᠠᠯ ᠤᠨ ᠨᠠᠷᠢᠯᠢᠭ | ᠡᠳ᠋ᠰᠢᠬᠦᠯᠬᠦ ᠶᠢ ᠳᠡᠮᠵᠢᠨ᠎ᠡ | ᠠᠶᠢᠮᠠᠭ ᠤᠨ ᠳᠣᠲᠣᠭᠠᠳᠤ ᠳᠤ ᠪᠣᠷᠳᠣᠨ ᠲᠠᠷᠭᠤᠯᠠᠭᠤᠯᠤᠭᠰᠠᠨ ᠦᠬᠡᠷ ᠢ ᠵᠢᠯ ᠳᠤ 2000 ᠠᠴᠠ ᠳᠡᠭᠡᠭᠰᠢ | ᠨᠢᠲᠤᠯᠵᠤ ᠡᠳ᠋ᠰᠢᠭᠦᠯᠦᠭᠰᠡᠨ ᠠᠵᠤ ᠠᠬᠤᠶᠢᠯᠠᠯ ᠢ ᠨᠢᠭᠡᠯᠡ ᠤᠳᠠᠭ᠎ᠠ ᠶᠢᠨ ᠴᠢᠨᠠᠷᠲᠠᠶ 100 ᠲᠦᠮᠡᠨ ᠲᠥᠭᠦᠷᠢᠭ ᠢᠶᠠᠷ | ᠱᠠᠩᠨᠠᠵᠤ᠂ 100 ᠦᠭᠡᠷ ᠨᠡᠮᠡᠭᠳᠡᠬᠦᠯᠬᠦ ᠪᠤᠯᠭᠠᠨ ᠳᠤ ᠢᠯᠡᠭᠦᠤ 5 ᠲᠦᠮᠡᠨ ᠲᠥᠭᠦᠷᠢᠭ ᠱᠠᠩᠨᠠᠵᠤ᠂ ᠱᠠᠩᠨᠠᠬᠤ | ᠵᠤᠭᠤᠰᠤᠨ ᠤ ᠲᠤᠭ᠎ᠠ ᠶᠢ ᠬᠠᠮᠤᠭ ᠥᠨᠳᠥᠷ ᠲᠤ ᠪᠠᠨ 500 ᠲᠦᠮᠡᠨ ᠲᠥᠭᠦᠷᠢᠭ ᠠᠴᠠ ᠬᠡᠳᠤᠷᠠᠬᠦᠯᠬᠦ ᠥᠬᠡᠶ᠃ ︵ | ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠣᠰᠬᠤᠨ ᠮᠠᠯᠵᠢᠬᠤ | ᠣᠷᠣᠨ ᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ︶ | ᠳᠥᠷᠪᠡ᠂ ᠮᠢᠬᠠᠨ ᠤ ᠦᠬᠡᠷ ᠤᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠰᠢᠰᠲ᠋ᠧᠮ ᠤᠨ | ᠪᠠᠶᠢᠭᠤᠯᠤᠯᠲᠠ ᠶᠢ ᠳᠡᠮᠵᠢᠨ᠎ᠡ | ᠠᠶᠢᠮᠠᠭ ᠤᠨ ᠳᠣᠲᠣᠷᠠᠬᠢ ᠪᠣᠷᠳᠣᠨ ᠲᠠᠷᠭᠤᠯᠠᠭᠤᠯᠤᠭᠰᠠᠨ ᠦᠬᠡᠷ ᠢ ᠨᠢᠲᠤᠯᠵᠤ ᠡᠳ᠋ᠰᠢᠭᠦᠯᠦᠭᠰᠡᠨ ᠮᠥᠷᠲᠡᠭᠡᠨ | C ᠳᠡᠰ ᠤᠨ ᠪᠣᠷᠣᠯᠠᠭᠤᠯᠤᠨ ᠬᠤᠳᠠᠯᠳᠤᠬᠤ ᠶᠢ ᠪᠡᠶᠡᠯᠡᠭᠦᠯᠦᠭᠰᠡᠨ ᠠᠵᠤ ᠠᠬᠤᠶᠢᠯᠠᠯ ᠳᠤ ᠰᠢᠯᠢ ᠶᠢᠨ ᠭᠤᠤᠯ | ᠬᠤᠨᠢᠨ ᠤ ᠡᠷᠬᠡ ᠶᠢ ᠣᠯᠭᠤᠭᠰᠠᠨ ᠠᠵᠤ ᠠᠬᠤᠶᠢᠯᠠᠯ ᠯᠤᠭ᠎ᠠ ᠠᠳᠠᠯᠢ ᠨᠥᠬᠦᠴᠡᠯ ᠢᠶᠠᠷ ᠤᠷᠢᠳᠠᠪᠠᠷ ᠬᠦᠢᠳᠡᠨ | ᠬᠡᠯᠬᠢᠶᠡᠳᠦ ᠲᠡᠭᠡᠭᠡᠪᠦᠷᠢ ᠪᠤᠯᠤᠨ ᠤᠷᠢᠳᠠᠴᠢ ᠬᠥᠮᠥᠷᠭᠡ ᠶᠢ ᠬᠡᠷᠡᠭᠯᠡᠭᠦᠯᠦᠨ᠎ᠡ᠃ ᠠᠵᠤ ᠠᠬᠤᠶᠢᠯᠠᠯ ᠤᠨ ᠲᠣᠮᠣ | ᠬᠡᠯᠪᠡᠷᠢ ᠶᠢᠨ ᠮᠢᠬᠠᠨ ᠤ ᠦᠬᠡᠷ ᠤᠨ ᠠᠵᠤ ᠦᠢᠯᠡᠰ ᠤᠨ ᠬᠥᠯᠳᠡᠭᠡᠵᠦ ᠬᠠᠳᠠᠭᠠᠯᠠᠬᠤ ᠰᠢᠨ᠎ᠡ ᠰᠣᠷᠭᠤᠭ ᠢᠶᠠᠷ | ᠬᠠᠳᠠᠭᠠᠯᠠᠬᠤ ᠲᠦᠬᠦᠬᠡᠷᠦᠮᠵᠢ ᠪᠠᠶᠢᠭᠤᠯᠬᠤ ᠶᠢ ᠵᠣᠷᠢᠭᠵᠢᠭᠤᠯᠵᠤ᠂ ᠤᠯᠤᠰ ᠤᠨ ᠬᠤᠲᠠ ᠬᠥᠳᠡᠭᠡ ᠶᠢᠨ ᠬᠦᠢᠳᠡᠨ | ᠬᠡᠯᠬᠢᠶᠡᠳᠦ ᠪᠠᠷᠠᠭᠠᠨ ᠤ ᠭᠦᠢᠯᠭᠡᠭᠡᠨ ᠤ ᠲᠦᠬᠦᠬᠡᠷᠦᠮᠵᠢ ᠶᠢᠨ ᠲᠥᠷᠥᠯ ᠵᠦᠢᠯ ᠤᠨ ᠳᠡᠮᠵᠢᠯᠭᠡ ᠦᠵᠡᠭᠦᠯᠦᠨ᠎ᠡ᠃ ︵ | ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠲᠥᠷᠥᠯ ᠳᠡᠮᠳᠡᠭ ᠤᠨ | ᠪᠠᠶᠢᠭᠤᠯᠣᠯᠳᠠ ᠶᠢ ᠠᠬᠢᠭᠤᠯᠬᠤ ᠲᠥᠪ᠂ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠣᠰᠬᠤᠨ | ᠮᠠᠯᠵᠢᠬᠤ ᠣᠷᠣᠨ ᠤ ᠲᠣᠪᠴᠢᠶ᠎ᠠ︶ | ᠲᠠᠪᠤ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠴᠢᠩᠭᠠᠷᠠᠭᠤᠯᠤᠨ᠎ᠠ | ᠮᠥᠩᠭᠦᠨ ᠭᠦᠢᠯᠭᠡᠭᠡ᠂ ᠢᠲᠡᠭᠡᠮᠵᠢᠳᠤ ᠳᠠᠭᠠᠭᠠᠨ ᠪᠠᠳᠤᠯᠠᠬᠤ ᠪᠠᠶᠢᠭᠤᠯᠤᠮᠵᠢ ᠶᠢᠨ ᠮᠢᠬᠠᠨ ᠤ ᠦᠬᠡᠷ ᠤᠨ ᠪᠥᠬᠦ | ᠠᠵᠤ ᠦᠢᠯᠡᠰ ᠤᠨ ᠬᠡᠯᠬᠢᠶᠡᠨ ᠤ ᠮᠥᠩᠭᠦᠨ ᠭᠦᠢᠯᠭᠡᠭᠡᠨ ᠤ ᠦᠢᠯᠡᠳᠬᠦᠨ ᠤ ᠰᠢᠨ᠎ᠡ ᠶᠢ ᠡᠭᠦᠳᠴᠦ᠂ ᠪᠡᠯᠡ | ᠤᠷᠤᠭᠤᠯᠬᠤ ᠦᠪᠡᠷ ᠤᠨ ᠦᠷᠳᠡᠭ ᠢ ᠪᠠᠭᠤᠷᠠᠭᠤᠯᠬᠤ ᠶᠢ ᠵᠤᠷᠢᠭᠵᠢᠭᠤᠯᠤᠨ᠎ᠠ᠃ ᠪᠠᠯᠠ ᠤᠷᠤᠭᠤᠯᠬᠤ ᠨᠥᠬᠦᠴᠡᠯ ᠳᠤ | ᠨᠡᠶᠢᠴᠡᠬᠦ ᠬᠡᠪᠴᠢᠶᠡᠵᠢᠭᠰᠡᠨ ᠮᠢᠬᠠᠨ ᠤ ᠦᠬᠡᠷ ᠲᠡᠵᠢᠭᠡᠨ ᠦᠷᠡᠵᠢᠭᠦᠯᠬᠦ ︵ᠪᠣᠷᠳᠣᠨ ᠲᠠᠷᠭᠤᠯᠠᠭᠤᠯᠬᠤ︶ ᠠᠵᠤ | ᠠᠬᠤᠶᠢᠯᠠᠯ ᠪᠣᠯᠤᠨ ᠨᠢᠲᠤᠯᠵᠤ ᠡᠳ᠋ᠰᠢᠭᠦᠯᠬᠦ ᠠᠵᠤ ᠠᠬᠤᠶᠢᠯᠠᠯ ᠵᠢᠭᠡᠯᠡᠯᠭᠡ ᠭᠤᠶᠤᠴᠢᠯᠠᠬᠤ ᠳᠤ ᠰᠢᠯᠢ ᠶᠢᠨ ᠭᠤᠤᠯ | ᠬᠤᠨᠢᠨ ᠤ ᠡᠷᠬᠡ ᠶᠢ ᠣᠯᠭᠤᠭᠰᠠᠨ ᠠᠵᠤ ᠠᠬᠤᠶᠢᠯᠠᠯ ᠯᠤᠭ᠎ᠠ ᠠᠳᠠᠯᠢ ᠨᠥᠬᠦᠴᠡᠯ ᠢᠶᠠᠷ ᠤᠷᠢᠳᠠᠪᠠᠷ ᠳᠡᠮᠵᠢᠨ᠎ᠡ᠃ | ᠵᠢᠭᠡᠯᠡᠯᠭᠡ ᠶᠢᠨ ᠵᠤᠭᠤᠰᠤᠨ ᠤ ᠲᠤᠭ᠎ᠠ ᠶᠢ ᠪᠣᠷᠳᠣᠵᠤ ᠲᠠᠷᠭᠤᠯᠠᠭᠤᠯᠬᠤ ᠪᠠ ᠨᠢᠲᠤᠯᠵᠤ ᠡᠳ᠋ᠰᠢᠭᠦᠯᠬᠦ ᠪᠣᠳᠠᠲᠠᠶ ᠲᠤᠭ᠎ᠠ | ᠬᠡᠮᠵᠢᠶ᠎ᠡ ᠯᠦᠭᠡ ᠬᠤᠯᠪᠣᠭᠳᠠᠭᠤᠯᠵᠤ᠂ ᠲᠤᠭ᠎ᠠ ᠬᠡᠮᠵᠢᠶ᠎ᠡ ᠶᠢ 3000 ᠲᠦᠮᠡᠨ ᠲᠥᠭᠦᠷᠢᠭ ᠠᠴᠠ ᠬᠡᠳᠦᠷᠡᠬᠦᠯᠬᠦ | ᠥᠬᠡᠶ᠃ ᠠᠷᠠᠳ ᠤᠨ ᠪᠠᠩᠬᠢ ᠶᠢᠨ ᠨᠡᠶᠢᠲᠡᠯᠡᠭᠰᠡᠨ ᠲᠤᠬᠠᠶ ᠶᠢᠨ ᠬᠤᠭᠤᠴᠠᠭᠠᠨ ᠤ LPR ︵ᠵᠢᠭᠡᠯᠡᠯᠭᠡ ᠶᠢᠨ ᠵᠠᠬ᠎ᠠ | ᠳᠡᠯᠭᠡᠭᠦᠷ ᠤᠨ ᠮᠡᠳᠡᠭᠦᠯᠦᠭᠰᠡᠨ ᠦᠨ᠎ᠡ ᠶᠢᠨ ᠬᠦᠦ ᠨᠣᠷᠮ᠎ᠠ︶ ᠠᠴᠠ ᠭᠡᠳᠦᠷᠡᠬᠦᠯᠬᠦ ᠦᠭᠡᠢ ᠪᠠᠷ 50% ᠶᠢᠨ ᠬᠦᠦ | ᠮᠦᠡᠭᠬᠦ ᠶᠢ ᠤᠷᠤᠯᠠᠨ ᠦᠭᠭᠦᠨ᠎ᠡ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠲᠠᠷᠢᠶᠠᠯᠠᠩ ᠮᠠᠯ ᠠᠵᠤ | ᠠᠬᠤᠶ ᠪᠠ ᠬᠦᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ︶ | ᠵᠢᠷᠭᠤᠭ᠎ᠠ᠂ ᠠᠷᠠᠯᠵᠢᠶᠠᠴᠢᠨ ᠤᠷᠢᠵᠤ ᠪᠠᠯᠠ ᠲᠠᠳᠠᠬᠤ ᠶᠢ ᠳᠡᠮᠵᠢᠨ᠎ᠡ | ᠮᠢᠬᠠᠨ ᠤ ᠦᠬᠡᠷ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠴᠢᠨᠠᠷ ᠰᠠᠶᠢᠲᠠᠶ ᠬᠥᠭᠵᠢᠯᠲᠡ ᠶᠢᠨ | ᠲᠣᠭᠤᠷᠢᠨ ᠳᠤ᠂ ᠰᠢᠯᠢ ᠶᠢᠨ ᠭᠤᠤᠯ ᠠᠶᠢᠮᠠᠭ ᠤᠨ ᠠᠩᠬᠢᠰ ᠦᠬᠡᠷ ᠵᠢᠴᠢ ᠸᠠᠬᠢᠶ᠋ᠢᠤ᠋ ᠦᠬᠡᠷ ᠤᠨ ᠡᠬᠢ ᠪᠠᠶᠠᠯᠢᠭ ᠤᠨ | ᠳᠠᠪᠠᠭᠤᠯᠢᠭ ᠢ ᠠᠰᠢᠭᠯᠠᠨ᠂ 1 — 2 ᠲᠡᠬᠡᠳᠦ ᠲᠠᠰ ᠤᠨ ᠮᠢᠬᠠᠨ ᠤ ᠦᠬᠡᠷ ᠢ ᠨᠢᠭᠡ ᠴᠤᠭᠴᠠᠵᠢᠭᠤᠯᠤᠭᠰᠠᠨ | ᠠᠵᠤ ᠠᠬᠤᠶᠢᠯᠠᠯ ᠢ ᠭᠤᠤᠯᠳᠠᠯᠭ᠎ᠠ ᠲᠠᠢ ᠲᠠᠲᠠᠨ ᠤᠷᠤᠭᠤᠯᠵᠦ᠂ ᠠᠶᠢᠮᠠᠭ ᠤᠨ ᠳᠣᠲᠣᠭᠠᠳᠤ ᠳᠤ ᠪᠠᠨ ᠪᠤᠷᠳᠤᠨ | ᠲᠠᠷᠭᠤᠯᠠᠭᠤᠯᠵᠦ ᠨᠠᠷᠢᠯᠢᠭ ᠡᠳ᠋ᠰᠢᠬᠦᠯᠦᠭᠰᠡᠨ ᠥᠨᠳᠥᠷ ᠲᠠᠰ ᠤᠨ ᠦᠬᠡᠷ ᠤᠨ ᠮᠢᠬ᠎ᠠ ᠶᠢ ᠪᠣᠷᠣᠯᠠᠭᠤᠯᠤᠨ᠂ ᠲᠡᠵᠢᠭᠡᠨ | ᠦᠷᠡᠵᠢᠭᠦᠯᠬᠦ ᠦᠷ᠎ᠡ ᠠᠰᠢᠭ ᠪᠠ ᠠᠵᠤ ᠠᠬᠤᠶ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠰᠢᠯᠢ ᠶᠢᠨ ᠭᠤᠤᠯ | ᠠᠶᠢᠮᠠᠭ ᠤᠨ ᠳᠡᠭᠡᠳᠦ ᠲᠠᠰ ᠤᠨ ᠮᠢᠬᠠᠨ ᠤ ᠦᠬᠡᠷ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠠᠶᠢᠭᠤᠯᠬᠤ ᠳᠤ | ᠰᠠᠶᠢᠨ ᠰᠠᠭᠤᠷᠢ ᠲᠠᠯᠪᠢᠨ᠎ᠠ᠃ ᠠᠷᠠᠯᠵᠢᠶᠠᠴᠢᠨ ᠤᠷᠢᠵᠤ ᠪᠠᠯᠠ ᠲᠠᠳᠠᠬᠤ ᠲᠥᠷᠥᠯ ᠵᠦᠢᠯ ᠳᠤ ︽ᠲᠤᠰᠬᠠᠢ ᠶᠠᠪᠤᠳᠠᠯ ᠢ | ᠲᠤᠰᠬᠠᠢ ᠵᠥᠪᠯᠡᠬᠦ︾ ᠠᠷᠭ᠎ᠠ ᠮᠠᠶ᠋ᠢᠭ ᠢ ᠠᠪᠴᠤ᠂ ᠲᠤᠰᠠᠭᠠᠷ ᠲᠥᠷᠥ ᠶᠢᠨ ᠪᠣᠳᠣᠯᠭ᠎ᠠ ᠶᠢᠨ ᠳᠡᠮᠵᠢᠯᠭᠡ | ᠦᠵᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ | ᠲᠣᠰᠬᠤᠨ ᠮᠠᠯᠵᠢᠬᠤ ᠣᠷᠣᠨ ᠤ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠡ ᠶᠢᠨ ᠲᠣᠪᠴᠢᠶ᠎ᠠ︶ | ᠳᠡᠭᠡᠷ᠎ᠡ ᠳᠤᠷᠠᠳᠤᠭᠰᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠴᠠᠭ ᠬᠤᠭᠤᠴᠠᠭ᠎ᠠ ᠨᠢ | 2024 — 2025 ᠣᠨ ᠪᠣᠯᠤᠨ᠎ᠠ᠂ ᠬᠠᠮᠢᠶ᠎ᠠ ᠪᠦᠬᠦᠢ ᠰᠠᠯᠠᠭ᠎ᠠ ᠮᠥᠴᠢᠷ ᠲᠦᠷᠦᠭᠦᠯᠡᠨ᠂ ᠪᠣᠳᠠᠲᠠᠢ | ᠬᠡᠷᠡᠭᠵᠢᠭᠦᠯᠬᠦ ᠨᠠᠷᠢᠨ ᠳᠦᠷᠢᠮ ᠢ ᠲᠣᠭᠲᠠᠭᠠᠵᠤ ᠨᠡᠶᠢᠲᠡᠯᠡᠨ᠎ᠡ᠃ | | |