| ᠰᠢᠯᠢ ᠵᠠᠬᠢᠷᠭ᠎ᠠ ᠠᠯᠪᠠᠨ ᠲᠠᠷᠬᠠᠭᠠᠭᠰᠠᠨ ﹇2024﹈15 ᠳ᠋ᠤᠭᠠᠷ ᠲᠤᠭᠠᠲᠤ | | ︽2024 ᠣᠨ ᠤ ᠰᠢᠯᠢ ᠶᠢᠨ ᠭᠤᠤᠯ ᠠᠶᠢᠮᠠᠭ ᠤᠨ ᠮᠢᠬᠠᠨ ᠤ ᠦᠬᠡᠷ ᠤᠨ ᠰᠢᠯᠢᠳᠡᠭ ᠡᠭᠦᠯᠳᠡᠷ ᠢ ᠦᠷᠡᠵᠢᠭᠦᠯᠦᠨ | ᠪᠤᠶᠢᠵᠢᠭᠤᠯᠬᠤ ᠶᠢ ᠲᠤᠰᠬᠠᠶ ᠲᠦᠷᠦᠯ ᠢᠶᠠᠷ ᠠᠬᠢᠭᠤᠯᠬᠤ ᠠᠵᠢᠯ ᠤᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ | ᠶᠠᠪᠤᠭᠤᠯᠬᠤ ᠲᠤᠬᠠᠶ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ᠮᠡᠳᠡᠭᠳᠡᠯ | | | ᠡᠯ᠎ᠡ ᠬᠤᠰᠢᠭᠤ ᠰᠢᠶᠠᠨ ᠬᠤᠲᠠ ︵ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ | ᠵᠥᠪᠯᠡᠯ︶᠂ ᠠᠶᠢᠮᠠᠭ ᠤᠨ ᠬᠤᠯᠪᠣᠭᠳᠠᠯ ᠪᠥᠬᠦᠶ ᠰᠠᠯᠠᠭ᠎ᠠ ᠮᠦᠴᠢᠷ᠂ ᠵᠥᠪᠯᠡᠯ᠂ ᠠᠯᠪᠠᠨ ᠬᠡᠷ᠂ ᠲᠣᠪᠴᠢᠶᠠᠨ ᠳᠤ᠄ | ︽2024 ᠣᠨ ᠤ ᠰᠢᠯᠢ ᠶᠢᠨ ᠭᠤᠤᠯ ᠠᠶᠢᠮᠠᠭ ᠤᠨ ᠮᠢᠬᠠᠨ ᠤ ᠦᠬᠡᠷ ᠤᠨ ᠰᠢᠯᠢᠳᠡᠭ ᠡᠭᠦᠯᠳᠡᠷ ᠢ | ᠦᠷᠡᠵᠢᠭᠦᠯᠦᠨ ᠪᠤᠶᠢᠵᠢᠭᠤᠯᠬᠤ ᠶᠢ ᠲᠤᠰᠬᠠᠶ ᠲᠦᠷᠦᠯ ᠢᠶᠠᠷ ᠠᠬᠢᠭᠤᠯᠬᠤ ᠠᠵᠢᠯ ᠤᠨ ᠬᠡᠷᠡᠭᠵᠢᠭᠦᠯᠬᠦ ᠲᠥᠰᠦᠯ︾ ᠢ | ᠨᠢᠭᠡᠨᠲᠡ ᠵᠠᠬᠢᠷᠭ᠎ᠠ ᠶᠢᠨ 2024 ᠣᠨ ᠤ 5 ᠳ᠋ᠤᠭᠠᠷ ᠣᠳᠠᠭᠠᠨ ᠤ ᠪᠠᠶᠢᠩᠭᠤ ᠶᠢᠨ ᠬᠤᠷᠠᠯ ᠢᠶᠠᠷ ᠰᠤᠳᠤᠯᠤᠨ | ᠵᠦᠪᠰᠢᠶᠡᠷᠡᠭᠦᠯᠦᠭᠡᠳ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ | ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃ | | | | | | ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ | 2024 ᠣᠨ ᠤ 2 ᠳ᠋ᠤᠭᠠᠷ ᠰᠠᠷ᠎ᠠ ᠶᠢᠨ 1 ᠤ ᠡᠳᠦᠷ | | | | 2024 ᠣᠨ ᠤ ᠰᠢᠯᠢ ᠶᠢᠨ ᠭᠤᠤᠯ ᠠᠶᠢᠮᠠᠭ ᠤᠨ ᠮᠢᠬᠠᠨ ᠤ ᠦᠬᠡᠷ ᠤᠨ ᠰᠢᠯᠢᠳᠡᠭ ᠡᠭᠦᠯᠳᠡᠷ ᠢ | ᠦᠷᠡᠵᠢᠭᠦᠯᠦᠨ ᠪᠤᠶᠢᠵᠢᠭᠤᠯᠬᠤ ᠶᠢ ᠲᠤᠰᠬᠠᠶ ᠲᠦᠷᠦᠯ ᠢᠶᠠᠷ ᠠᠬᠢᠭᠤᠯᠬᠤ ᠠᠵᠢᠯ ᠤᠨ ᠬᠡᠷᠡᠭᠵᠢᠭᠦᠯᠬᠦ ᠲᠥᠰᠦᠯ | | | ᠮᠠᠨ ᠤ ᠠᠶᠢᠮᠠᠭ ᠤᠨ ᠮᠢᠬᠠᠨ ᠤ ᠦᠬᠡᠷ ᠤᠨ ᠰᠢᠯᠢᠳᠡᠭ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ | ᠰᠢᠰᠲ᠋ᠧᠮᠵᠢ ᠶᠢᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ | ᠡᠭᠦᠯᠳᠡᠷ ᠬᠠᠩᠭᠠᠬᠤ ᠴᠢᠳᠠᠪᠤᠷᠢ ᠶᠢ ᠴᠢᠩᠭᠠᠷᠠᠭᠤᠯᠤᠨ᠂ ᠮᠢᠬᠠᠨ ᠤ ᠦᠬᠡᠷ ᠤᠨ ᠠᠵᠤ ᠦᠢᠯᠡᠰ ᠤᠨ ᠦᠷ᠎ᠡ ᠠᠰᠢᠭ | ᠪᠠ ᠠᠵᠤ ᠦᠢᠯᠡᠰ ᠤᠨ ᠥᠷᠢᠰᠦᠯᠳᠦᠬᠦ ᠬᠦᠴᠦᠨ ᠢ ᠦᠨᠡᠨᠬᠦ ᠴᠢᠩᠭᠠᠳᠬᠠᠬᠤ ᠶᠢᠨ ᠲᠤᠰᠠᠳᠠ᠂ ᠮᠠᠨ ᠤ ᠠᠶᠢᠮᠠᠭ | ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ | ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠮᠢᠬᠠᠨ ᠤ ᠦᠬᠡᠷ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠤᠯ ᠰᠡᠳᠦᠪ | ᠪᠣᠯᠭᠠᠨ᠂ ᠮᠠᠯ ᠠᠵᠤ ᠠᠬᠤᠶ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ | ᠥᠭᠡᠷᠡᠴᠢᠯᠡᠯᠲᠡ ᠶᠢ ᠠᠬᠢᠭᠤᠯᠬᠤ ᠪᠠᠷ ᠭᠤᠤᠯ ᠰᠢᠵᠢᠮ ᠪᠣᠯᠭᠠᠵᠤ᠂ ᠮᠢᠬᠠᠨ ᠤ ᠦᠬᠡᠷ ᠤᠨ ᠠᠵᠤ ᠦᠢᠯᠡᠰ ᠤᠨ | ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ᠂ ᠬᠠᠩᠭᠠᠯᠭ᠎ᠠ ᠶᠢᠨ ᠪᠠᠲᠤᠯᠠᠭ᠎ᠠ ᠶᠢᠨ ᠴᠢᠳᠠᠪᠤᠷᠢ ᠪᠠ ᠵᠠᠬ᠎ᠠ | ᠳᠡᠯᠭᠡᠭᠦᠷ ᠤᠨ ᠥᠷᠢᠰᠦᠯᠳᠦᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠮᠠᠨ ᠤ ᠠᠶᠢᠮᠠᠭ ᠤᠨ ᠮᠢᠬᠠᠨ ᠤ | ᠦᠬᠡᠷ ᠤᠨ ᠠᠵᠤ ᠦᠢᠯᠡᠰ ᠤᠨ ᠬᠥᠭᠵᠢᠯᠲᠡ ᠳᠤ ᠪᠠᠲᠤ ᠪᠠᠬᠢ ᠰᠠᠭᠤᠷᠢ ᠬᠠᠩᠭᠠᠨ᠎ᠠ᠃ | ᠬᠤᠶᠠᠷ᠂ ᠬᠠᠷᠠᠯᠲᠠ ᠡᠭᠦᠷᠭᠡ | ᠮᠢᠬᠠᠨ ᠤ ᠦᠬᠡᠷ ᠤᠨ ᠢᠴᠡᠭᠡᠯ ᠦᠷ᠎ᠡ ᠶᠢᠨ ᠬᠡᠭᠡᠯᠲᠦᠭᠦᠯᠭᠡ᠂ ᠪᠠᠶᠢᠭᠠᠯᠢᠯᠢᠭ ᠬᠡᠭᠡᠯᠲᠦᠭᠦᠯᠭᠡ ᠶᠢᠨ ᠠᠵᠢᠯ ᠳᠤ | ᠠᠩᠬᠠᠷᠤᠯ ᠢᠶᠠᠨ ᠲᠥᠪᠯᠡᠷᠡᠭᠦᠯᠵᠦ᠂ ᠢᠴᠡᠭᠡᠯ ᠦᠷ᠎ᠡ ᠶᠢᠨ ᠬᠡᠭᠡᠯᠲᠦᠭᠦᠯᠭᠡ᠂ ᠰᠢᠯᠢᠳᠡᠭ ᠡᠭᠦᠯᠳᠡᠷ ᠤᠨ ᠦᠬᠡᠷ ᠢ | ᠨᠡᠶᠢᠳᠡᠮ ᠪᠠᠶᠢᠴᠠᠭᠠᠵᠤ ᠬᠢᠨᠠᠨ ᠲᠣᠭᠲᠠᠭᠠᠬᠤ᠂ ᠡᠭᠦᠯᠳᠡᠷ ᠤᠨ ᠢᠷᠡᠯᠲᠡ ᠶᠢᠨ ᠰᠠᠭᠤᠷᠢᠨ ᠭᠠᠵᠠᠷ ᠤᠨ ᠪᠥᠲᠥᠭᠡᠨ | ᠪᠠᠶᠢᠭᠤᠯᠤᠯᠲᠠ᠂ ᠬᠤᠸᠠᠰᠢ ᠦᠬᠡᠷ ᠤᠨ ᠰᠦᠷᠦᠭ ᠢ ᠥᠷᠭᠡᠳᠬᠡᠨ ᠦᠷᠡᠵᠢᠭᠦᠯᠬᠦ᠂ ᠦᠷ᠎ᠡ ᠡᠭᠦᠯᠳᠡᠷ ᠤᠨ ᠡᠬᠢ | ᠪᠠᠶᠠᠯᠢᠭ ᠢ ᠬᠠᠮᠠᠭᠠᠯᠠᠬᠤ ᠪᠠ ᠬᠡᠷᠡᠭᠯᠡᠭᠡᠨ ᠤ ᠮᠡᠷᠭᠡᠵᠢᠯ ᠤᠨ ᠪᠣᠯᠪᠠᠰᠤᠷᠠᠭᠤᠯᠤᠯ ᠤᠨ ᠡᠯ᠎ᠡ ᠭᠤᠭᠴᠤᠭ᠎ᠠ ᠪᠠᠨ ᠤᠯᠠᠮ | ᠴᠢᠩᠭᠠᠳᠬᠠᠵᠤ᠂ ᠰᠢᠯᠢᠳᠡᠭ ᠡᠭᠦᠯᠳᠡᠷ ᠤᠨ ᠮᠢᠬᠠᠨ ᠤ ᠦᠭᠡᠷ ᠲᠡᠵᠢᠭᠡᠨ ᠦᠷᠡᠵᠢᠭᠦᠯᠬᠦ ᠬᠤᠪᠢ ᠶᠢᠨ ᠵᠢᠩ ᠢ | ᠬᠦᠴᠦᠯᠡᠨ ᠳᠡᠭᠡᠭᠰᠢᠯᠡᠭᠦᠯᠵᠦ᠂ ᠮᠢᠬᠠᠨ ᠤ ᠦᠭᠡᠷ ᠤᠨ ᠠᠵᠤ ᠦᠢᠯᠡᠰ ᠤᠨ ᠶᠡᠷᠦᠩᠬᠡᠶᠢᠯᠡᠭᠰᠡᠨ ᠥᠷᠢᠰᠥᠯᠳᠦᠬᠦ | ᠬᠦᠴᠦᠨ ᠢᠶᠠᠨ ᠳᠡᠭᠡᠭᠰᠢᠯᠡᠭᠦᠯᠦᠨ᠎ᠡ᠃ ᠵᠢᠯ ᠤᠨ ᠳᠣᠲᠣᠷ᠎ᠠ᠂ ᠢᠴᠡᠭᠡᠯ ᠦᠷ᠎ᠡ ᠶᠢᠨ ᠰᠢᠩᠭᠡᠨ ᠢ 46 ᠲᠦᠮᠡᠨ | ᠲᠣᠯᠣᠭᠠᠢ ᠬᠡᠭᠡᠯᠲᠦᠭᠦᠯᠦᠨ᠎ᠡ︔ 60 ᠲᠦᠮᠡᠨ ᠢᠴᠡᠭᠡᠯ ᠦᠷ᠎ᠡ ᠶᠢ ᠬᠤᠳᠠᠯᠳᠤᠨ ᠠᠪᠤᠨ᠎ᠠ ︵ᠤᠯᠤᠰ ᠲᠠᠭᠠᠨ | ᠦᠢᠯᠡᠳᠪᠦᠷᠢᠯᠡᠭᠰᠡᠨ 30 ᠲᠦᠮᠡᠨ ᠰᠢᠷᠬᠡᠭ᠂ ᠭᠠᠳᠠᠭᠠᠳᠤ ᠠᠴᠠ ᠣᠷᠣᠭᠤᠯᠤᠭᠰᠠᠨ 30 ᠲᠦᠮᠡᠨ ᠰᠢᠷᠬᠡᠭ︶︔ | ᠦᠷ᠎ᠡ ᠶᠢᠨ ᠮᠠᠯ ᠤᠨ ᠲᠠᠯᠠᠪᠠᠢ 3᠂ ᠮᠢᠬᠠᠨ ᠤ ᠦᠬᠡᠷ ᠤᠨ ᠭᠤᠣᠯᠳᠠᠯᠭᠠᠲᠤ ᠰᠦᠷᠦᠭ 30 ᠶᠢ ᠰᠢᠨ᠎ᠡ ᠪᠠᠷ | ᠪᠠᠶᠢᠭᠤᠯᠣᠨ᠎ᠠ︔ ᠬᠤᠸᠠᠰᠢ ᠦᠬᠡᠷ ᠤᠨ ᠡᠭᠦᠯᠳᠡᠷ ᠪᠤᠶᠢᠵᠢᠭᠤᠯᠤᠯᠲᠠ ᠶᠢᠨ ᠰᠦᠷᠦᠭ ᠲᠤ 0.3 ᠲᠦᠮᠡᠨ | ᠲᠣᠯᠣᠭᠠᠶ ᠶᠢᠨ ᠬᠢᠨᠠᠨ ᠲᠣᠭᠲᠠᠭᠠᠯᠲᠠ ᠬᠢᠨ᠎ᠡ︔ ᠮᠢᠬᠠᠨ ᠤ ᠦᠬᠡᠷ ᠤᠨ ᠴᠢᠨᠠᠷ ᠢ 0.8 ᠲᠦᠮᠡᠨ ᠲᠣᠯᠣᠭᠠᠶ ᠳᠤ | ᠬᠡᠮᠵᠢᠨ ᠲᠣᠭᠲᠠᠭᠠᠬᠤ ᠶᠢ ᠥᠷᠨᠢᠭᠦᠯᠦᠨ᠎ᠡ᠃ | ᠭᠤᠷᠪᠠ᠂ ᠬᠥᠭᠵᠢᠯᠲᠡ ᠶᠢᠨ ᠪᠠᠶᠢᠷᠢᠯᠠᠭᠤᠯᠤᠯᠲᠠ | ᠮᠠᠨ ᠤ ᠠᠶᠢᠮᠠᠭ ᠤᠨ ᠮᠢᠬᠠᠨ ᠤ ᠦᠬᠡᠷ ᠲᠡᠵᠢᠭᠡᠨ ᠦᠷᠡᠵᠢᠭᠦᠯᠬᠦ ᠲᠠᠷᠬᠠᠯᠲᠠ ᠶᠢᠨ ᠪᠣᠳᠠᠲᠠᠶ ᠪᠠᠶᠢᠳᠠᠯ ᠢ | ᠦᠨᠳᠦᠰᠦᠯᠡᠨ᠂ ᠲᠠᠷᠢᠶᠠᠯᠠᠬᠤ ᠣᠷᠣᠨ ᠢ ᠪᠥᠬᠦ ᠬᠡᠪᠴᠢᠶ᠎ᠡ ᠪᠠᠷ ᠨᠢ ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ | ᠣᠷᠣᠨ ᠢᠶᠠᠷ ᠲᠣᠭᠲᠠᠭᠠᠪᠠ︔ ᠮᠠᠯᠵᠢᠬᠤ ᠣᠷᠣᠨ ᠳᠤ ᠬᠡᠷ ᠪᠦᠯᠢ ᠶᠢᠨ ᠮᠠᠯᠵᠢᠯ ᠤᠨ ᠲᠠᠯᠠᠪᠠᠶ ︵ᠮᠢᠬᠠᠨ ᠤ ᠦᠬᠡᠷ ᠤᠨ | ᠭᠤᠣᠯᠳᠠᠯᠭᠠᠲᠤ ᠰᠦᠷᠦᠭ︶᠂ ᠬᠤᠷᠰᠢᠶᠠᠵᠢᠯ ᠢᠶᠠᠷ ᠨᠢᠭᠡᠴᠢ ᠪᠣᠯᠭᠠᠨ᠂ ᠣᠶᠢᠷ᠎ᠠ ᠬᠠᠪᠢ ᠶᠢᠨ ᠮᠠᠯᠵᠢᠬᠤ ᠡᠷᠦᠬᠡ ᠶᠢ | ᠳᠠᠶᠢᠴᠢᠯᠠᠵᠤ ᠢᠴᠡᠭᠡᠯ ᠦᠷ᠎ᠡ ᠶᠢᠨ ᠬᠡᠭᠡᠯᠲᠦᠭᠦᠯᠭᠡ ᠬᠢᠵᠦ᠂ ᠮᠢᠬᠠᠨ ᠤ ᠦᠬᠡᠷ ᠤᠨ ᠡᠭᠦᠯᠳᠡᠷ ᠰᠠᠶᠢᠵᠢᠷᠠᠭᠤᠯᠬᠤ | ᠬᠡᠮᠵᠢᠶ᠎ᠡ ᠶᠢ ᠦᠨᠡᠨᠬᠦ ᠳᠡᠭᠡᠭᠰᠢᠯᠡᠭᠦᠯᠦᠨ᠎ᠡ︔ ᠨᠥᠬᠦᠴᠡᠯ ᠲᠠᠢ ᠮᠢᠬᠠᠨ ᠤ ᠦᠬᠡᠷ ᠤᠨ ᠭᠡᠷ ᠪᠦᠯᠢ ᠶᠢᠨ ᠮᠠᠯᠵᠢᠯ ᠤᠨ | ᠲᠠᠯᠠᠪᠠᠢ ︵ᠭᠤᠣᠯᠳᠠᠯᠭᠠᠲᠤ ᠰᠦᠷᠦᠭ︶ ᠂ ᠬᠤᠷᠰᠢᠶᠠᠵᠢᠯ ᠪᠠ ᠡᠭᠦᠯᠳᠡᠷ ᠪᠤᠶᠢᠵᠢᠭᠤᠯᠬᠤ ᠠᠵᠤ ᠠᠬᠤᠶᠢᠯᠠᠯ ᠤᠨ | ᠲᠤᠷᠰᠢᠯᠲᠠ ᠶᠢᠨ ᠴᠢᠭ ᠲᠤ ᠬᠥᠪᠦᠷᠡᠯ ᠰᠢᠯᠵᠢᠭᠦᠯᠬᠦ ᠠᠵᠢᠯ ᠥᠷᠨᠢᠭᠦᠯᠵᠦ᠂ ᠰᠢᠯᠢᠳᠡᠭ ᠡᠭᠦᠯᠳᠡᠷ ᠤᠨ ᠮᠢᠬᠠᠨ ᠤ | ᠦᠬᠡᠷ ᠢ ᠥᠷᠭᠡᠳᠬᠡᠨ ᠦᠷᠡᠵᠢᠭᠦᠯᠬᠦ ᠬᠤᠷᠳᠤᠴᠠ ᠪᠠᠨ ᠲᠦᠷᠭᠡᠳᠬᠡᠨ᠂ ᠤᠳᠤᠮᠯᠠᠯ ᠤᠨ ᠠᠬᠢᠴᠠ ᠶᠢ | ᠳᠡᠭᠡᠭᠰᠢᠯᠡᠭᠦᠯᠦᠨ᠎ᠡ︔ ᠠᠪᠠᠭ᠎ᠠ ᠬᠤᠰᠢᠭᠤ᠂ ᠪᠠᠷᠠᠭᠤᠨ ᠦᠵᠦᠮᠦᠴᠢᠨ ᠬᠤᠰᠢᠭᠤ ᠵᠡᠷᠭᠡ ᠭᠠᠵᠠᠷ ᠢᠶᠠᠷ | ᠲᠤᠷᠰᠢᠯᠲᠠ ᠶᠢᠨ ᠴᠢᠭ ᠪᠣᠯᠭᠠᠵᠤ᠂ ᠮᠢᠬᠠᠨ ᠤ ᠦᠬᠡᠷ ᠤᠨ ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ | ᠨᠡᠶᠢᠭᠡᠮᠴᠢᠯᠡᠭᠰᠡᠨ ᠦᠢᠯᠡᠴᠢᠯᠡᠭᠡ ᠥᠷᠨᠢᠭᠦᠯᠦᠨ᠂ ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ ᠪᠦᠷᠬᠦᠴᠡ ᠪᠠᠨ | ᠦᠷᠭᠡᠳᠬᠡᠨ᠎ᠡ᠃ | ᠲᠦᠷᠪᠡ᠂ ᠮᠡᠷᠭᠡᠵᠢᠯ ᠤᠨ ᠱᠤᠭᠤᠮ | ᠭᠠᠷ ᠬᠡᠭᠡᠯᠲᠦᠭᠦᠯᠭᠡ᠂ ᠬᠦᠪᠦᠷᠡᠯ ᠰᠢᠯᠵᠢᠬᠦᠯᠬᠦ ᠮᠡᠷᠭᠡᠵᠢᠯ ᠬᠢᠭᠡᠳ ᠶᠠᠰᠤ ᠴᠢᠨᠠᠷ ᠢ ᠰᠣᠩᠭᠤᠨ | ᠬᠡᠬᠡᠯᠳᠣᠭᠦᠯᠬᠦ ᠶᠢ ᠤᠶᠠᠯᠳᠤᠭᠤᠯᠬᠤ ᠠᠷᠭ᠎ᠠ ᠠᠪᠴᠠᠯ ᠠᠪᠴᠤ᠂ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ | ᠡᠭᠦᠯᠳᠡᠷ ᠢ ᠳᠡᠯᠭᠡᠷᠡᠭᠦᠯᠬᠦ ᠪᠠᠷ ᠭᠤᠤᠯ ᠪᠣᠯᠭᠠᠵᠤ᠂ ᠣᠷᠣᠨ ᠨᠤᠲᠤᠭ ᠤᠨ ᠡᠭᠦᠯᠳᠡᠷ ᠢ ᠬᠠᠮᠠᠭᠠᠯᠠᠬᠤ ᠪᠠᠷ | ᠬᠠᠪᠰᠤᠷᠤᠮᠵᠢ ᠪᠣᠯᠭᠠᠵᠤ᠂ ᠮᠢᠬᠠᠨ ᠤ ᠦᠬᠡᠷ ᠤᠨ ᠰᠢᠯᠢᠳᠡᠭ ᠡᠭᠦᠯᠳᠡᠷ ᠢ ᠦᠷᠡᠵᠢᠭᠦᠯᠦᠨ ᠦᠰᠭᠡᠬᠦ ᠠᠵᠢᠯ ᠢᠶᠠᠨ | ᠦᠷᠭᠦᠯᠵᠢᠯᠡᠨ ᠠᠬᠢᠭᠤᠯᠤᠨ᠎ᠠ᠃ ᠢᠴᠡᠭᠡᠯ ᠦᠷ᠎ᠡ ᠶᠢᠨ ᠬᠡᠭᠡᠯᠲᠦᠭᠦᠯᠭᠡ ᠳᠤ ᠰᠢᠯᠢ ᠶᠢᠨ ᠭᠤᠤᠯ ᠠᠶᠢᠮᠠᠭ ᠤᠨ ᠮᠠᠯ | ᠠᠵᠤ ᠠᠬᠤᠶ ᠶᠢᠨ ᠠᠵᠢᠯᠯᠠᠬᠤ ᠦᠷᠳᠡᠭᠡᠨ ᠠᠴᠠ ᠨᠢᠭᠡᠳᠦᠯᠲᠡᠶ ᠲᠠᠷᠬᠠᠭᠠᠭᠰᠠᠨ ᠭᠠᠳᠠᠭᠠᠳᠤ ᠠᠴᠠ ᠣᠷᠣᠭᠤᠯᠤᠭᠰᠠᠨ | ᠪᠤᠶᠤ ᠤᠯᠤᠰ ᠲᠠᠭᠠᠨ ᠦᠢᠯᠡᠳᠪᠦᠷᠢᠯᠡᠭᠰᠡᠨ ᠢᠴᠡᠭᠡᠯ ᠦᠷ᠎ᠡ ᠶᠢ ᠰᠣᠩᠭᠤᠨ ᠬᠡᠭᠡᠯᠲᠦᠭᠦᠯᠵᠦ᠂ ᠪᠠᠶᠢᠭᠠᠯᠢᠯᠢᠭ | ᠬᠡᠭᠡᠯᠲᠦᠭᠦᠯᠭᠡ ᠳᠤ ᠭᠤᠷᠪᠠᠳᠣᠭᠠᠷ ᠦᠶ᠎ᠡ ᠠᠴᠠ ᠳᠡᠭᠡᠭᠰᠢᠬᠢ ᠬᠢᠷᠢ ᠲᠡᠩᠴᠡᠭᠰᠡᠨ ᠦᠷ᠎ᠡ ᠶᠢᠨ ᠮᠠᠯ ᠢ ᠰᠣᠩᠭᠤᠨ | ᠬᠡᠭᠡᠯᠲᠦᠭᠦᠯᠦᠨ᠎ᠡ᠃ | ᠲᠠᠪᠤ᠂ ᠭᠤᠣᠯᠳᠠᠯᠭ᠎ᠠ ᠲᠠᠢ ᠠᠵᠢᠯ | ︵ᠨᠢᠭᠡ︶ ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠤᠨ᠎ᠠ᠃ | ᠨᠢᠭᠡ ᠳᠤ ᠥᠪᠡᠷᠲᠡᠭᠡᠨ ᠵᠠᠰᠠᠬᠤ ᠣᠷᠣᠨ ᠤ ᠰᠢᠯᠢᠳᠡᠭ ᠡᠭᠦᠯᠳᠡᠷ ᠤᠨ ᠨᠥᠬᠦᠪᠥᠷᠢ ᠶᠢᠨ ᠪᠡᠯᠡ ᠮᠥᠩᠭᠦ ᠵᠢᠴᠢ | ᠠᠶᠢᠮᠠᠭ ᠤᠨ ᠳᠡᠰ ᠤᠨ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠲᠤᠰᠬᠠᠢ ᠲᠥᠷᠥᠯ ᠤᠨ ᠪᠡᠯᠡ ᠮᠥᠩᠭᠦ ᠶᠢ | ᠪᠦᠲᠦᠮᠵᠢᠲᠡᠢ ᠪᠠᠳᠠᠷᠠᠭᠤᠯᠵᠤ᠂ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠢᠴᠡᠭᠡᠯ ᠦᠷ᠎ᠡ ᠶᠢ ᠬᠤᠳᠠᠯᠳᠤᠨ | ᠠᠪᠬᠤ ᠪᠠ ᠰᠢᠯᠢᠨ ᠰᠣᠩᠭᠤᠬᠤ ᠡᠷᠴᠢᠮ ᠢᠶᠠᠨ ᠴᠢᠩᠭᠠᠷᠠᠭᠤᠯᠤᠨ᠂ ᠢᠴᠡᠭᠡᠯ ᠦᠷ᠎ᠡ ᠶᠢᠨ ᠬᠡᠭᠡᠯᠲᠦᠭᠦᠯᠭᠡ ᠬᠢᠬᠦ | ᠡᠷᠦᠬᠡ ᠶᠢᠨ ᠬᠡᠷᠡᠭᠴᠡᠭᠡ ᠱᠠᠭᠠᠷᠳᠠᠯᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠩᠭᠠᠵᠤ᠂ ᠢᠴᠡᠭᠡᠯ ᠦᠷ᠎ᠡ | ᠬᠤᠳᠠᠯᠳᠤᠨ ᠠᠪᠬᠤ᠂ ᠰᠢᠩᠭᠡᠨ ᠠᠽᠣᠲ ᠲᠡᠭᠡᠭᠡᠪᠦᠷᠢᠯᠡᠬᠦ᠂ ᠢᠴᠡᠭᠡᠯ ᠦᠷ᠎ᠡ ᠬᠠᠳᠠᠭᠠᠯᠠᠬᠤ ᠠᠵᠢᠯ ᠢᠶᠠᠨ ᠰᠠᠶᠢᠲᠤᠷ | ᠬᠢᠨ᠎ᠠ᠃ ᠵᠢᠯ ᠤᠨ ᠳᠣᠲᠣᠷ᠎ᠠ᠂ 60 ᠲᠦᠮᠡᠨ ᠰᠢᠷᠬᠡᠭ ᠢᠴᠡᠭᠡᠯ ᠦᠷ᠎ᠡ ᠬᠤᠳᠠᠯᠳᠤᠨ ᠠᠪᠬᠤ ᠪᠠᠷ ᠲᠥᠯᠥᠪᠯᠡᠵᠦ᠂ | ᠡᠭᠦᠨ ᠳᠤ ᠭᠠᠳᠠᠭᠠᠳᠤ ᠠᠴᠠ 30 ᠲᠦᠮᠡᠨ ᠰᠢᠷᠬᠡᠭ ᠢᠴᠡᠭᠡᠯ ᠦᠷ᠎ᠡ ᠣᠷᠣᠭᠤᠯᠵᠤ᠂ ᠤᠯᠤᠰ ᠲᠠᠭᠠᠨ 30 ᠲᠦᠮᠡ | ᠰᠢᠷᠬᠡᠭ ᠢᠴᠡᠭᠡᠯ ᠦᠷ᠎ᠡ ᠦᠢᠯᠡᠳᠪᠦᠷᠢᠯᠡᠵᠣ᠂ 50 ᠲᠦᠮᠡᠨ ᠯᠢᠲᠷ ᠰᠢᠩᠭᠡᠨ ᠠᠽᠣᠲ ᠬᠤᠳᠠᠯᠳᠤᠨ ᠠᠪᠬᠤ ᠪᠠᠷ | ᠲᠥᠯᠥᠪᠯᠡᠵᠦ ᠪᠠᠶᠢᠨ᠎ᠠ᠃ ᠬᠤᠶᠠᠷ ᠲᠤ ᠢᠴᠡᠭᠡᠯ ᠦᠷ᠎ᠡ ᠪᠠᠷ ᠬᠡᠭᠡᠯᠲᠦᠭᠦᠯᠬᠦ ᠥᠷᠲᠡᠭᠡ ᠴᠡᠭ ᠤᠨ | ᠪᠠᠶᠢᠷᠢᠯᠠᠭᠤᠯᠤᠯᠲᠠ ᠪᠠᠨ ᠰᠠᠶᠢᠲᠤᠷ ᠬᠢᠵᠦ᠂ ᠬᠠᠮᠣᠷᠬᠤ ᠬᠡᠪᠴᠢᠶ᠎ᠡ ᠪᠠᠨ ᠦᠷᠭᠡᠳᠬᠡᠨ᠂ ᠲᠣᠨᠤᠭ ᠲᠥᠬᠦᠭᠡᠷᠦᠮᠵᠢ ᠪᠠᠨ | ᠲᠡᠭᠦᠯᠳᠡᠷᠵᠢᠭᠦᠯᠵᠦ᠂ ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ ᠪᠦᠷᠬᠦᠴᠡ ᠶᠢ ᠠᠯᠬᠤᠮ ᠠᠯᠬᠤᠮ ᠢᠶᠠᠷ | ᠥᠷᠭᠡᠳᠬᠡᠨ᠎ᠡ᠃ ᠮᠡᠷᠭᠡᠵᠢᠯᠲᠡᠨ ᠤ ᠬᠠᠮᠢᠶᠠᠷᠤᠯᠲᠠ ᠶᠢᠨ ᠳᠦᠷᠢᠮ ᠪᠠ ᠬᠡᠭᠡᠯᠲᠦᠭᠦᠯᠭᠡ ᠶᠢᠨ ᠲᠡᠮᠳᠡᠭᠯᠡᠯ ᠤᠨ ᠳᠠᠩᠰᠠ | ᠡᠪᠬᠡᠮᠡᠯ ᠢᠶᠠᠨ ᠵᠢᠷᠤᠮᠵᠢᠭᠤᠯᠤᠨ ᠪᠦᠷᠢᠨᠰᠢᠭᠦᠯᠵᠦ᠂ ᠪᠣᠳᠠᠲᠠᠶ ᠠᠵᠢᠯᠯᠠᠭᠠᠨ ᠤ ᠬᠢᠨᠠᠨ ᠰᠢᠯᠭᠠᠯᠲᠠ ᠪᠠᠷ ᠳᠡᠮᠵᠢᠨ ︽ | ᠮᠢᠬᠠᠨ ᠤ ᠦᠬᠡᠷ ᠲᠤ ᠢᠴᠡᠭᠡᠯ ᠦᠷ᠎ᠡ ᠶᠢᠨ ᠬᠡᠭᠡᠯᠲᠦᠭᠦᠯᠭᠡ ᠬᠢᠬᠦ ᠠᠵᠢᠯ ᠲᠥᠷᠥᠯ ᠤᠨ ᠵᠥᠪᠰᠢᠶᠡᠷᠡᠯ ᠤᠨ ᠦᠨᠡᠮᠯᠡᠯ︾ | ᠤᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠮᠡᠷᠭᠡᠵᠢᠯ ᠤᠨ ᠦᠢᠯᠡᠴᠢᠯᠡᠭᠡᠨ ᠤ ᠬᠢᠷᠢ ᠲᠦᠪᠰᠢᠨ ᠪᠠ | ᠴᠢᠳᠠᠪᠤᠷᠢ ᠶᠢ ᠨᠢ ᠦᠨᠡᠨᠬᠦ ᠳᠡᠭᠡᠭᠰᠢᠯᠡᠭᠦᠯᠦᠨ᠂ ᠬᠡᠭᠡᠯᠲᠦᠭᠦᠯᠭᠡ ᠬᠢᠯᠭᠡᠬᠦ ᠨᠣᠷᠮ᠎ᠠ ᠶᠢ ᠪᠠᠲᠤᠯᠠᠨ᠎ᠠ᠃ ᠵᠢᠯ ᠤᠨ | ᠳᠣᠲᠣᠷ᠎ᠠ᠂ ᠢᠴᠡᠭᠡᠯ ᠦᠷ᠎ᠡ ᠪᠠᠷ ᠬᠡᠭᠡᠯᠲᠦᠭᠦᠯᠭᠡ ᠬᠢᠬᠦ 1300 ᠥᠷᠲᠡᠭᠡ ᠴᠡᠭ ᠪᠠᠶᠢᠷᠢᠯᠠᠭᠤᠯᠵᠤ᠂ ᠢᠴᠡᠭᠡᠯ ᠦᠷ᠎ᠡ | ᠪᠠᠷ ᠬᠡᠭᠡᠯᠲᠦᠭᠦᠯᠭᠡ ᠬᠢᠬᠦ 1400 ᠮᠡᠷᠭᠡᠵᠢᠯᠲᠡᠨ ᠲᠣᠬᠢᠷᠠᠭᠤᠯᠤᠨ᠎ᠠ᠃ ᠭᠤᠷᠪᠠ ᠳᠤ ᠨᠡᠶᠢᠭᠡᠮᠴᠢᠯᠡᠭᠰᠡᠨ ᠦᠢᠯᠡᠴᠢᠯᠡᠭᠡ | ᠪᠠᠨ ᠴᠢᠩᠭᠠᠳᠬᠠᠨ᠎ᠠ᠃ ᠠᠪᠠᠭ᠎ᠠ ᠬᠤᠰᠢᠭᠤ᠂ ᠪᠠᠷᠠᠭᠤᠨ ᠦᠵᠦᠮᠦᠴᠢᠨ ᠬᠤᠰᠢᠭᠤ ᠪᠠᠷ ᠲᠤᠷᠰᠢᠯᠲᠠ ᠶᠢᠨ ᠴᠡᠭ | ᠪᠣᠯᠭᠠᠵᠤ᠂ ᠮᠢᠬᠠᠨ ᠤ ᠦᠬᠡᠷ ᠤᠨ ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ | ᠵᠣᠷᠢᠭᠵᠢᠭᠤᠯᠤᠨ ᠳᠡᠮᠵᠢᠨ᠎ᠡ᠃ ᠬᠤᠰᠢᠭᠤ ᠰᠢᠶᠠᠨ ᠨᠢ ᠢᠴᠡᠭᠡᠯ ᠦᠷ᠎ᠡ ᠶᠢᠨ ᠬᠡᠷᠡᠭᠯᠡᠯᠲᠡ ᠶᠢ ᠨᠢᠭᠡᠳᠦᠯᠲᠡᠶ | ᠲᠦᠯᠦᠪᠵᠢᠭᠦᠯᠦᠨ ᠲᠣᠬᠢᠷᠠᠭᠤᠯᠵᠤ᠂ ᠰᠤᠮᠤ ᠭᠠᠴᠠᠭ᠎ᠠ ᠨᠢ ᠵᠣᠬᠢᠶᠠᠨ ᠪᠠᠶᠢᠭᠤᠯᠤᠨ ᠪᠦᠬᠦᠯᠢ ᠴᠣᠭᠴᠠ ᠪᠠᠷ ᠨᠢ | ᠲᠦᠯᠬᠢᠨ ᠠᠬᠢᠭᠤᠯᠤᠨ᠎ᠠ᠃ | ︵ᠬᠤᠶᠠᠷ︶ ᠬᠦᠪᠦᠷᠡᠯ ᠰᠢᠯᠵᠢᠭᠦᠯᠬᠦ ᠠᠵᠢᠯ ᠢ ᠵᠣᠬᠢᠬᠤ ᠬᠡᠮᠵᠢᠶ᠎ᠡ ᠪᠠᠷ ᠥᠷᠨᠢᠭᠦᠯᠦᠨ᠎ᠡ᠃ ᠮᠢᠬᠠᠨ ᠤ | ᠦᠬᠡᠷ ᠤᠨ ᠬᠥᠪᠦᠷᠡᠯ ᠰᠢᠯᠵᠢᠭᠦᠯᠬᠦ ᠮᠡᠷᠭᠡᠵᠢᠯ ᠪᠣᠯ ᠰᠢᠯᠢᠳᠡᠭ ᠡᠭᠦᠯᠳᠡᠷ ᠤᠨ ᠡᠬᠡ ᠮᠠᠯ ᠤᠨ ᠦᠷᠡᠵᠢᠯ ᠤᠨ ᠳᠠᠯᠳᠠ | ᠬᠦᠴᠦᠨ ᠢ ᠪᠠᠳᠠᠷᠠᠭᠤᠯᠬᠤ ᠪᠠᠷ ᠳᠠᠮᠵᠢᠨ᠂ ᠰᠢᠯᠢᠳᠡᠭ ᠡᠭᠦᠯᠳᠡᠷ ᠤᠨ ᠮᠠᠯ ᠰᠦᠷᠦᠭ ᠢ ᠥᠷᠭᠡᠳᠬᠡᠵᠦ᠂ ᠡᠭᠦᠯᠳᠡᠷ | ᠰᠠᠶᠢᠵᠢᠷᠠᠭᠤᠯᠬᠤ ᠶᠢ ᠲᠦᠷᠭᠡᠳᠬᠡᠬᠦ ᠪᠦᠲᠦᠮᠵᠢᠲᠡᠶ ᠠᠷᠭ᠎ᠠ ᠬᠡᠮᠵᠢᠶ᠎ᠡ ᠪᠣᠯᠤᠨ᠎ᠠ᠃ ᠨᠦᠬᠦᠴᠡᠯ ᠪᠦᠷᠢᠯᠳᠦᠬᠦᠯᠦᠭᠰᠡᠨ | ᠭᠤᠤᠯ ᠴᠤᠭᠴᠠ ︵ᠠᠵᠤ ᠠᠬᠤᠶᠢᠯᠠᠯ ᠪᠤᠶᠤ ᠬᠤᠷᠰᠢᠶᠠᠵᠢᠯ︶ ᠨᠢ ᠬᠥᠪᠦᠷᠡᠯ ᠰᠢᠯᠵᠢᠭᠦᠯᠬᠦ ᠠᠵᠢᠯ ᠢ ᠵᠣᠬᠢᠬᠤ | ᠬᠡᠮᠵᠢᠶ᠎ᠡ ᠪᠠᠷ ᠥᠷᠨᠢᠭᠦᠯᠬᠦ ᠶᠢ ᠵᠣᠷᠢᠭᠵᠢᠭᠤᠯᠤᠨ᠎ᠠ᠃ ᠵᠢᠯ ᠤᠨ ᠳᠣᠲᠣᠷ᠎ᠠ᠂ ᠤᠯᠠᠭᠠᠶ ᠬᠠᠮᠢᠶᠠᠷᠤᠯᠲᠠ ᠶᠢᠨ ᠣᠷᠣᠨ᠂ | ᠰᠢᠯᠤᠭᠤᠨ ᠬᠥᠪᠡᠭᠡᠲᠦ ᠴᠠᠭᠠᠨ ᠬᠤᠰᠢᠭᠤ᠂ ᠪᠠᠷᠠᠭᠤᠨ ᠦᠵᠦᠮᠦᠴᠢᠨ ᠬᠤᠰᠢᠭᠤ᠂ ᠰᠥᠨᠢᠳ ᠪᠠᠷᠠᠭᠤᠨ ᠬᠤᠰᠢᠭᠤ | ᠵᠡᠷᠭᠡ ᠭᠠᠵᠠᠷ ᠣᠷᠣᠨ ᠤ 1000 ᠮᠢᠬᠠᠨ ᠤ ᠦᠬᠡᠷ ᠲᠤ ᠬᠦᠪᠦᠷᠡᠯ ᠰᠢᠯᠵᠢᠭᠦᠯᠬᠦ ᠲᠤᠷᠰᠢᠯᠲᠠ ᠬᠢᠨ᠎ᠡ᠃ | ︵ᠭᠤᠷᠪᠠ︶ ᠪᠠᠶᠢᠭᠠᠯᠢᠯᠢᠭ ᠬᠡᠭᠡᠯᠲᠦᠭᠦᠯᠭᠡ ᠶᠢᠨ ᠠᠵᠢᠯ ᠢ ᠰᠠᠶᠢᠲᠤᠷ ᠠᠳᠬᠤᠨ᠎ᠠ᠃ ᠨᠢᠭᠡ ᠳᠤ ᠪᠠᠶᠢᠭᠠᠯᠢᠯᠢᠭ | ᠬᠡᠭᠡᠯᠲᠦᠭᠦᠯᠭᠡ ᠶᠢᠨ ᠰᠦᠷᠦᠭ ᠤᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠪᠠᠶᠢᠭᠠᠯᠢᠯᠢᠭ ᠬᠡᠭᠡᠯᠲᠦᠭᠦᠯᠭᠡ ᠶᠢᠨ | ᠰᠦᠷᠦᠭ ᠲᠠᠬᠢ ᠡᠬᠡ ᠮᠠᠯ ᠪᠠ ᠦᠷ᠎ᠡ ᠶᠢᠨ ᠮᠠᠯ ᠢ ᠨᠡᠶᠢᠳᠡᠮ ᠪᠠᠶᠢᠴᠠᠭᠠᠵᠤ ᠬᠢᠨᠠᠨ ᠲᠣᠭᠲᠠᠭᠠᠬᠤ ᠠᠵᠢᠯ ᠢᠶᠠᠨ | ᠰᠠᠶᠢᠲᠤᠷ ᠠᠳᠬᠤᠵᠤ᠂ ᠡᠭᠦᠯᠳᠡᠷ ᠤᠨ ᠴᠢᠨᠠᠷ ᠤᠨ ᠪᠠᠷᠢᠮᠵᠢᠶᠠᠨ ᠳᠤ ᠬᠦᠷᠬᠦ ᠦᠭᠡᠢ ᠦᠬᠡᠷ ᠢ ᠰᠢᠭᠰᠢᠭᠳᠡᠭᠦᠯᠦᠨ | ᠰᠢᠨᠡᠳᠬᠡᠬᠦ ᠡᠷᠴᠢᠮ ᠢᠶᠠᠨ ᠴᠢᠩᠭᠠᠷᠠᠭᠤᠯᠤᠨ᠂ ᠦᠷ᠎ᠡ ᠶᠢᠨ ᠮᠠᠯ ᠣᠷᠣᠭᠤᠯᠤᠨ ᠠᠪᠴᠢᠷᠠᠵᠤ ᠳᠣᠭᠢᠷᠠᠭᠤᠯᠬᠤ ᠠᠵᠢᠯ ᠢ | ᠰᠠᠶᠢᠲᠤᠷ ᠬᠢᠵᠦ᠂ ᠪᠠᠶᠢᠭᠠᠯᠢᠯᠢᠭ ᠬᠡᠭᠡᠯᠲᠦᠭᠦᠯᠭᠡ ᠶᠢᠨ ᠰᠦᠷᠦᠭ ᠤᠨ ᠡᠷ᠎ᠡ ᠡᠮ᠎ᠡ ᠶᠢᠨ ᠬᠠᠷᠢᠴᠠᠯ ᠢ 1᠄ 20 ᠶᠢᠨ | ᠳᠣᠲᠣᠷ᠎ᠠ ᠬᠢᠵᠠᠭᠠᠷᠯᠠᠵᠤ᠂ ᠪᠠᠶᠢᠭᠠᠯᠢᠯᠢᠭ ᠬᠡᠭᠡᠯᠲᠦᠭᠦᠯᠭᠡ ᠶᠢᠨ ᠰᠦᠷᠦᠭ ᠤᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ | ᠵᠢᠯ ᠤᠨ ᠳᠣᠲᠣᠷ᠎ᠠ᠂ 0.44 ᠲᠦᠮᠡᠨ ᠦᠷ᠎ᠡ ᠶᠢᠨ ᠮᠠᠯ ᠢ ᠰᠢᠨ᠎ᠡ ᠪᠠᠷ ᠳᠣᠭᠢᠷᠠᠭᠤᠯᠤᠨ᠎ᠠ᠃ ᠬᠤᠶᠠᠷ ᠲᠤ ᠦᠷ᠎ᠡ | ᠶᠢᠨ ᠮᠠᠯ ᠪᠤᠶᠢᠵᠢᠭᠤᠯᠬᠤ ᠡᠷᠴᠢᠮ ᠢᠶᠠᠨ ᠰᠠᠶᠢᠲᠤᠷ ᠠᠳᠬᠤᠨ᠎ᠠ᠃ ᠦᠷ᠎ᠡ ᠶᠢᠨ ᠮᠠᠯ ᠤᠨ ᠲᠠᠯᠠᠪᠠᠶ᠂ ᠭᠤᠣᠯᠳᠠᠯᠭᠠᠲᠤ | ᠰᠦᠷᠦᠭ ᠤᠨ ᠪᠥᠲᠥᠭᠡᠨ ᠪᠠᠶᠢᠭᠤᠯᠤᠯᠲᠠ ᠶᠢᠨ ᠡᠷᠴᠢᠮ ᠢᠶᠠᠨ ᠴᠢᠩᠭᠠᠳᠬᠠᠵᠤ᠂ ᠡᠭᠦᠯᠳᠡᠷ ᠪᠤᠶᠢᠵᠢᠭᠤᠯᠬᠤ | ᠲᠡᠷᠢᠭᠦᠨ ᠤ ᠮᠡᠷᠭᠡᠵᠢᠯ ᠤᠨ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ ᠴᠢᠳᠠᠮᠵᠢ ᠶᠢ ᠰᠢᠯᠭᠠᠨ ᠲᠣᠭᠲᠠᠭᠠᠬᠤ᠂ | ᠣᠳᠣᠮᠯᠠᠯ ᠢ ᠦᠨᠡᠯᠡᠨ ᠵᠢᠱᠢᠬᠦ᠂ ᠵᠣᠬᠢᠬᠤ ᠬᠡᠮᠵᠢᠶ᠎ᠡ ᠪᠠᠷ ᠰᠢᠨᠡᠳᠬᠡᠬᠦ᠂ ᠰᠣᠩᠭᠤᠨ ᠦᠯᠡᠳᠡᠭᠡᠵᠣ ᠰᠢᠭᠰᠢᠭᠳᠡᠬᠦᠯᠬᠦ | ᠵᠡᠷᠭᠡ ᠭᠤᠭᠴᠣᠭᠠᠨ ᠤ ᠠᠵᠢᠯ ᠢ ᠴᠢᠩᠭ᠎ᠠ ᠬᠢᠨᠠᠮᠠᠭᠠᠢ ᠬᠢᠵᠦ᠂ ᠰᠢᠯᠢᠳᠡᠭ ᠡᠭᠦᠯᠳᠡᠷ ᠤᠨ ᠦᠷ᠎ᠡ ᠶᠢᠨ ᠮᠠᠯ | ᠪᠤᠶᠢᠵᠢᠭᠤᠯᠬᠤ ᠴᠢᠳᠠᠪᠤᠷᠢ ᠪᠠᠨ ᠴᠢᠩᠭᠠᠷᠠᠭᠤᠯᠤᠨ᠂ ᠪᠠᠶᠢᠭᠠᠯᠢᠯᠢᠭ ᠬᠡᠭᠡᠯᠲᠦᠭᠦᠯᠭᠡ ᠶᠢᠨ ᠣᠷᠣᠨ ᠳᠤ ᠴᠢᠨᠠᠷ ᠰᠠᠶᠢᠲᠠᠶ | ᠡᠭᠦᠯᠳᠡᠷ ᠤᠨ ᠢᠷᠡᠯᠲᠡ ᠬᠠᠩᠭᠠᠨ᠎ᠠ᠃ ᠵᠢᠯ ᠤᠨ ᠳᠣᠲᠣᠷ᠎ᠠ᠂ ᠰᠢᠯᠢᠳᠡᠭ ᠡᠭᠦᠯᠳᠡᠷ ᠤᠨ ᠦᠷ᠎ᠡ ᠶᠢᠨ ᠮᠠᠯ ᠢ 0.6 | ᠲᠦᠮᠡ ᠠᠴᠠ ᠳᠡᠭᠡᠭᠰᠢ ᠪᠤᠶᠢᠵᠢᠭᠤᠯᠤᠨ᠎ᠠ᠃ ᠭᠤᠷᠪᠠ ᠳᠤ ᠢᠴᠡᠭᠡᠯ ᠦᠷ᠎ᠡ ᠶᠢᠨ ᠬᠡᠬᠡᠯᠳᠦᠭᠦᠯᠭᠡ ᠶᠢᠨ ᠡᠭᠦᠯᠳᠡᠷ | ᠰᠠᠶᠢᠵᠢᠷᠠᠭᠤᠯᠬᠤ ᠵᠢᠱᠢᠶ᠎ᠡ ᠦᠵᠡᠭᠦᠯᠵᠦ ᠬᠥᠲᠥᠯᠥᠨ ᠵᠢᠯᠣᠭᠤᠳᠬᠤ ᠪᠠᠷ ᠳᠠᠮᠵᠢᠭᠤᠯᠤᠨ᠂ ᠨᠡᠶᠢᠲᠡᠯᠢᠭ ᠵᠢᠱᠢᠶ᠎ᠡ ᠪᠠᠷ | ᠲᠣᠭᠤᠷᠢᠨ ᠦᠵᠡᠬᠦ᠂ ᠮᠡᠷᠭᠡᠵᠢᠯ ᠤᠨ ᠪᠣᠯᠪᠠᠰᠤᠷᠠᠭᠤᠯᠤᠯ ᠬᠢᠬᠦ ᠵᠡᠷᠭᠡ ᠠᠷᠭ᠎ᠠ ᠠᠪᠴᠠᠯ ᠠᠪᠴᠤ᠂ ᠢᠴᠡᠭᠡᠯ | ᠦᠷ᠎ᠡ ᠶᠢᠨ ᠬᠡᠭᠡᠯᠲᠦᠭᠦᠯᠭᠡ ᠶᠢᠨ ᠡᠭᠦᠯᠳᠡᠷ ᠰᠠᠶᠢᠵᠢᠷᠠᠭᠤᠯᠬᠤ ᠠᠵᠢᠯ ᠤᠨ ᠴᠢᠬᠤᠯᠠ ᠴᠢᠨᠠᠷ ᠢ ᠢᠳᠡᠪᠬᠢᠲᠡᠶ ᠪᠠᠷ | ᠤᠬᠠᠭᠤᠯᠤᠨ᠂ ᠪᠠᠶᠢᠭᠠᠯᠢᠯᠢᠭ ᠬᠡᠭᠡᠯᠲᠦᠭᠦᠯᠭᠡ ᠶᠢᠨ ᠣᠷᠣᠨ ᠤ ᠲᠡᠵᠢᠭᠡᠨ ᠦᠷᠡᠵᠢᠭᠦᠯᠬᠦ ᠡᠷᠦᠬᠡ ᠶᠢᠨ ᠦᠵᠡᠯ ᠰᠠᠨᠠᠭ᠎ᠠ | ᠣᠶᠢᠯᠠᠭᠠᠭᠳᠠᠬᠤᠨ᠂ ᠲᠡᠵᠢᠭᠡᠨ ᠦᠷᠡᠵᠢᠭᠦᠯᠬᠦ ᠵᠠᠭᠪᠤᠷ ᠪᠠ ᠦᠢᠯᠡᠳᠪᠦᠷᠢᠯᠡᠯ ᠡᠵᠡᠩᠨᠡᠯᠲᠡ ᠶᠢᠨ ᠠᠷᠭ᠎ᠠ ᠮᠠᠶ᠋ᠢᠭ ᠢ | ᠠᠯᠬᠤᠮ ᠠᠯᠬᠤᠮ ᠢᠶᠠᠷ ᠬᠤᠪᠢᠷᠠᠭᠤᠯᠤᠨ᠎ᠠ᠃ ᠵᠢᠯ ᠤᠨ ᠳᠣᠲᠣᠷ᠎ᠠ᠂ ᠲᠧᠯᠸᠢᠰ ᠬᠤᠷᠢᠶ᠎ᠠ᠂ ᠰᠣᠨᠢᠨ ᠤ ᠬᠤᠷᠢᠶ᠎ᠠ ᠵᠡᠷᠭᠡ | ᠰᠣᠨᠢᠨ ᠮᠡᠳᠡᠭᠡᠨ ᠤ ᠵᠠᠭᠤᠴᠢᠯᠠᠭᠤᠷ ᠲᠠᠢ ᠬᠠᠮᠲᠤᠷᠠᠯᠴᠠᠵᠤ᠂ ᠮᠠᠯ ᠰᠦᠷᠦᠭ ᠢ ᠲᠡᠵᠢᠭᠡᠨ ᠦᠷᠡᠵᠢᠭᠦᠯᠬᠦ᠂ ᠮᠠᠯ ᠠᠵᠤ | ᠠᠬᠤᠢ ᠶᠢᠨ ᠮᠡᠷᠭᠡᠵᠢᠯ ᠤᠨ ᠤᠬᠠᠭᠤᠯᠭ᠎ᠠ ᠶᠢᠨ ᠫᠷᠤᠭ᠍ᠷᠠᠮ ᠢ 45 ᠬᠤᠭᠤᠴᠠᠭ᠎ᠠ ᠦᠷᠨᠢᠭᠦᠯᠦᠨ᠎ᠡ᠃ | ︵ᠳᠥᠷᠪᠡ︶ ᠮᠢᠬᠠᠨ ᠤ ᠦᠭᠡᠷ ᠤᠨ ᠡᠭᠦᠯᠳᠡᠷ ᠤᠨ ᠢᠷᠡᠯᠲᠡ ᠶᠢᠨ ᠰᠠᠭᠤᠷᠢᠨ ᠭᠠᠵᠠᠷ ᠤᠨ ᠪᠥᠲᠥᠭᠡᠨ | ᠪᠠᠶᠢᠭᠤᠯᠤᠯᠲᠠ ᠶᠢ ᠴᠢᠩᠭᠠᠷᠠᠭᠤᠯᠤᠨ᠎ᠠ᠃ ᠨᠢᠭᠡ ᠳᠤ ᠦᠷ᠎ᠡ ᠶᠢᠨ ᠮᠠᠯ ᠤᠨ ᠦᠷᠳᠡᠭᠡᠨ ᠤ ᠪᠦᠳᠦᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠤᠯᠠᠭᠠᠶ ᠶᠢᠨ ᠬᠤᠸᠠᠰᠢ ᠦᠬᠡᠷ ᠤᠨ ᠦᠷ᠎ᠡ ᠶᠢᠨ ᠮᠠᠯ ᠤᠨ | ᠥᠷᠲᠡᠭᠡ ᠪᠣᠯᠤᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ | ᠡᠭᠦᠯᠳᠡᠷ ᠪᠤᠶᠢᠵᠢᠭᠤᠯᠬᠤ ᠭᠤᠤᠯ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠬᠤᠸᠠᠰᠢ | ᠦᠬᠡᠷ᠂ ᠰᠢᠮᠧᠨ᠋ᠲ᠋ᠠᠷ ᠦᠬᠡᠷ ᠤᠨ ᠰᠢᠯᠢᠳᠡᠭ ᠡᠭᠦᠯᠳᠡᠷ ᠤᠨ ᠦᠷ᠎ᠡ ᠶᠢᠨ ᠮᠠᠯ ᠢ ᠪᠤᠶᠢᠵᠢᠭᠤᠯᠵᠤ᠂ ᠰᠢᠯᠢᠳᠡᠭ | ᠡᠭᠦᠯᠳᠡᠷ ᠤᠨ ᠢᠴᠡᠭᠡᠯ ᠦᠷ᠎ᠡ ᠶᠢ ᠦᠢᠯᠡᠳᠪᠦᠷᠢᠯᠡᠨ ᠳᠡᠯᠭᠡᠷᠡᠭᠦᠯᠵᠦ᠂ ᠰᠢᠯᠢᠳᠡᠭ ᠡᠭᠦᠯᠳᠡᠷ ᠤᠨ ᠭᠧᠨ ᠤ | ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠦᠨ᠂ ᠲᠦᠭᠡᠮᠡᠯᠵᠢᠭᠦᠯᠬᠦ ᠬᠡᠪᠴᠢᠶ᠎ᠡ ᠶᠢ ᠥᠷᠭᠡᠳᠬᠡᠨ᠎ᠡ᠃ ᠬᠤᠶᠠᠷ ᠲᠤ | ᠣᠲᠣ ᠶᠢᠨ ᠪᠠᠶᠢᠭ᠎ᠠ ᠭᠤᠤᠯᠳᠠᠯᠭᠠᠲᠤ ᠰᠦᠷᠦᠭ ᠢ ᠪᠠᠲᠤᠳᠬᠠᠭᠰᠠᠨ ᠰᠠᠭᠤᠷᠢᠨ ᠳᠡᠭᠡᠷ᠎ᠡ᠂ ᠨᠥᠬᠦᠴᠡᠯ ᠳᠤ ᠨᠡᠶᠢᠴᠡᠬᠦ | ᠲᠡᠵᠢᠭᠡᠨ ᠦᠷᠡᠵᠢᠭᠦᠯᠬᠦ ᠡᠷᠦᠬᠡ ᠶᠢᠨ ᠭᠤᠶᠤᠴᠢᠯᠠᠨ ᠮᠡᠳᠡᠭᠦᠯᠬᠦ ᠶᠢ ᠵᠣᠷᠢᠭᠵᠢᠭᠤᠯᠤᠨ᠎ᠠ᠃ ᠭᠤᠣᠯᠳᠠᠯᠭᠠᠲᠤ ᠰᠦᠷᠦᠭ | ᠲᠤ ᠡᠭᠦᠯᠳᠡᠷ ᠪᠣᠶᠢᠵᠢᠭᠤᠯᠵᠣ ᠦᠷᠡᠵᠢᠭᠦᠯᠦᠨ ᠦᠰᠭᠡᠬᠦ ᠮᠡᠷᠭᠡᠵᠢᠯ ᠤᠨ ᠵᠢᠯᠣᠭᠤᠳᠣᠯᠭ᠎ᠠ ᠶᠢ ᠰᠠᠶᠢᠲᠤᠷ ᠬᠢᠵᠦ᠂ | ᠮᠢᠬᠠᠨ ᠤ ᠦᠬᠡᠷ ᠤᠨ ᠤᠳᠤᠮᠯᠠᠯ ᠤᠨ ᠠᠬᠢᠴᠠ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠭᠤᠷᠪᠠ ᠳᠤ ᠦᠷ᠎ᠡ ᠶᠢᠨ | ᠮᠠᠯ ᠤᠨ ᠲᠠᠯᠠᠪᠠᠶ ᠶᠢ ᠪᠠᠷᠢᠮᠵᠢᠶᠠᠵᠢᠭᠤᠯᠤᠨ ᠪᠦᠲᠦᠭᠡᠨ ᠪᠠᠶᠢᠭᠤᠯᠬᠤ᠂ ᠵᠢᠷᠤᠮᠵᠢᠭᠤᠯᠤᠨ ᠦᠢᠯᠡᠳᠪᠦᠷᠢᠯᠡᠬᠦ ᠶᠢ ᠤᠯᠠᠮ | ᠴᠢᠩᠭᠠᠷᠠᠭᠤᠯᠵᠤ᠂ ᠲᠡᠵᠢᠭᠡᠨ ᠮᠠᠯᠵᠢᠬᠤ ᠬᠠᠮᠢᠶᠠᠷᠤᠯᠲᠠ᠂ ᠡᠭᠦᠯᠳᠡᠷ ᠪᠤᠶᠢᠵᠢᠭᠤᠯᠬᠤ ᠲᠥᠯᠥᠪᠯᠡᠭᠡ᠂ ᠬᠢᠵᠢᠭ ᠭᠡᠮ ᠢ | ᠰᠡᠷᠭᠡᠶᠢᠯᠡᠨ ᠵᠠᠰᠠᠬᠤ ᠵᠡᠷᠭᠡ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠴᠢᠳᠠᠮᠵᠢ ᠶᠢ ᠬᠡᠮᠵᠢᠨ ᠲᠣᠭᠲᠠᠭᠠᠬᠤ ᠪᠠᠨ | ᠴᠢᠩᠭᠠᠳᠬᠠᠨ᠂ ᠰᠣᠩᠭᠤᠨ ᠦᠯᠡᠳᠡᠭᠡᠬᠦ᠂ ᠤᠳᠤᠮᠯᠠᠯ ᠢ ᠦᠨᠡᠯᠡᠨ ᠵᠢᠱᠢᠬᠦ᠂ ᠵᠣᠬᠢᠬᠤ ᠬᠡᠮᠵᠢᠶ᠎ᠡ ᠪᠠᠷ ᠰᠢᠨᠡᠳᠬᠡᠬᠦ ᠵᠡᠷᠭᠡ | ᠡᠯ᠎ᠡ ᠵᠠᠩᠭᠢᠯᠠᠭ᠎ᠠ ᠶᠢ ᠴᠢᠩᠳᠠᠯᠠᠵᠤ᠂ ᠦᠷ᠎ᠡ ᠶᠢᠨ ᠮᠠᠯ ᠤᠨ ᠲᠠᠯᠠᠪᠠᠶ ᠶᠢᠨ ᠪᠦᠬᠦᠯᠢ ᠴᠣᠭᠴᠠ ᠶᠢᠨ | ᠦᠢᠯᠡᠳᠪᠦᠷᠢᠯᠡᠯ ᠤᠨ ᠬᠢᠷᠢ ᠲᠦᠪᠰᠢᠨ ᠢᠶᠠᠨ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ᠵᠢᠯ ᠤᠨ ᠳᠣᠲᠣᠷ᠎ᠠ᠂ | ᠤᠯᠠᠭᠠᠶ ᠶᠢᠨ ᠬᠤᠸᠠᠰᠢ ᠦᠬᠡᠷ ᠤᠨ ᠦᠷ᠎ᠡ ᠶᠢᠨ ᠮᠠᠯ ᠤᠨ ᠥᠷᠲᠡᠭᠡ ᠪᠣᠯᠤᠨ ᠰᠢᠯᠤᠭᠤᠨ ᠬᠥᠪᠡᠭᠡᠲᠦ ᠴᠠᠭᠠᠨ | ᠬᠤᠰᠢᠭᠤᠨ ᠤ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠡᠭᠦᠯᠳᠡᠷ ᠪᠤᠶᠢᠵᠢᠭᠤᠯᠬᠤ ᠭᠤᠤᠯ ᠰᠠᠭᠤᠷᠢᠨ | ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠪᠠᠨ ᠪᠡᠶᠡᠯᠡᠭᠦᠯᠬᠦ ᠪᠠᠷ ᠴᠢᠷᠮᠠᠶᠢᠵᠤ᠂ ᠰᠢᠯᠢᠳᠡᠭ ᠡᠭᠦᠯᠳᠡᠷ ᠤᠨ | ᠦᠷ᠎ᠡ ᠶᠢᠨ ᠮᠠᠯ ᠢ ᠲᠣᠰ ᠲᠣᠰ 50 ᠲᠣᠯᠣᠭᠠᠶ ᠪᠠ 40 ᠲᠣᠯᠣᠭᠠᠶ ᠳᠤ ᠬᠦᠷᠭᠡᠵᠦ᠂ ᠦᠢᠯᠡᠳᠪᠦᠷᠢᠯᠡᠵᠣ ᠡᠵᠡᠩᠨᠡᠬᠦ | ᠪᠠ ᠦᠷ᠎ᠡ ᠠᠪᠬᠤ ᠨᠥᠬᠦᠴᠡᠯ ᠳᠤ ᠬᠦᠷᠦᠭᠦᠯᠦᠨ᠎ᠡ︔ ᠦᠷ᠎ᠡ ᠶᠢᠨ ᠮᠠᠯ ᠤᠨ ᠲᠠᠯᠠᠪᠠᠢ ᠶᠢ ᠰᠢᠨ᠎ᠡ ᠪᠠᠷ 3 ᠪᠠᠶᠢᠭᠤᠯᠵᠤ | ᠨᠡᠶᠢᠲᠡ 30 ᠳᠤ ᠬᠦᠷᠦᠭᠦᠯᠦᠨ᠎ᠡ︔ 30 ᠭᠤᠣᠯᠳᠠᠯᠭᠠᠲᠤ ᠰᠦᠷᠦᠭ ᠢ ᠰᠢᠨ᠎ᠡ ᠪᠠᠷ ᠪᠠᠶᠢᠭᠤᠯᠵᠤ᠂ ᠨᠡᠶᠢᠲᠡ 445 | ᠰᠦᠷᠦᠭ ᠲᠤ ᠬᠦᠷᠦᠭᠦᠯᠦᠨ᠎ᠡ︔ | ︵ᠲᠠᠪᠤ︶ ᠬᠤᠸᠠᠰᠢ ᠦᠬᠡᠷ ᠢ ᠬᠢᠨᠠᠨ ᠲᠣᠭᠲᠠᠭᠠᠬᠤ ᠠᠵᠢᠯ ᠢᠶᠠᠨ ᠦᠷᠭᠦᠯᠵᠢᠯᠡᠨ ᠥᠷᠨᠢᠭᠦᠯᠦᠨ᠎ᠡ᠃ | ᠬᠤᠸᠠᠰᠢ ᠦᠬᠡᠷ ᠤᠨ ᠰᠦᠷᠦᠭ ᠢ ᠥᠷᠭᠡᠳᠬᠡᠨ ᠦᠷᠡᠵᠢᠭᠦᠯᠦᠨ ᠪᠤᠶᠢᠵᠢᠭᠤᠯᠬᠤ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠲᠡᠭᠦᠯᠳᠡᠷᠵᠢᠭᠦᠯᠵᠦ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ | ᠪᠡᠭᠡᠵᠢᠩ ᠤᠨ ᠮᠠᠯ ᠠᠵᠤ ᠠᠬᠤᠶ ᠮᠠᠯ ᠡᠮᠨᠡᠯᠭᠡ ᠶᠢᠨ ᠰᠤᠳᠤᠯᠭᠠᠨ ᠤ ᠭᠠᠵᠠᠷ ᠯᠤᠭ᠎ᠠ ᠶᠢᠨ ᠬᠤᠸᠠᠰᠢ ᠦᠬᠡᠷ ᠤᠨ | ᠰᠦᠷᠦᠭ ᠢ ᠥᠷᠭᠡᠳᠬᠡᠨ ᠦᠷᠡᠵᠢᠭᠦᠯᠦᠨ ᠪᠤᠶᠢᠵᠢᠭᠤᠯᠬᠤ ᠠᠵᠢᠯ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠵᠤ᠂ | ᠤᠯᠤᠰ ᠤᠨ ᠮᠢᠬᠠᠨ ᠤ ᠦᠬᠡᠷ ᠤᠨ ᠠᠵᠤ ᠦᠢᠯᠡᠰ ᠤᠨ ᠭᠤᠤᠯᠳᠠᠯᠭ᠎ᠠ ᠲᠠᠢ ᠲᠥᠷᠥᠯ ᠵᠦᠢᠯ ︽ᠲᠠᠯ᠎ᠠ ᠨᠤᠲᠤᠭ ᠤᠨ | ᠬᠤᠸᠠᠰᠢ ᠦᠬᠡᠷ ᠤᠨ ᠡᠭᠦᠯᠳᠡᠷ ᠪᠤᠶᠢᠵᠢᠭᠤᠯᠬᠤ ᠰᠦᠷᠦᠭ ᠢ ᠥᠷᠭᠡᠳᠬᠡᠬᠦ︾ ᠲᠥᠷᠥᠯ ᠵᠦᠢᠯ ᠢ ᠦᠷᠭᠦᠯᠵᠢᠯᠡᠨ | ᠬᠡᠷᠡᠭᠵᠢᠭᠦᠯᠵᠦ᠂ ᠡᠭᠦᠯᠳᠡᠷ ᠪᠤᠶᠢᠵᠢᠭᠤᠯᠬᠤ ᠲᠥᠰᠦᠯ ᠤᠨ ᠱᠠᠭᠠᠷᠳᠠᠯᠭ᠎ᠠ ᠶᠣᠰᠣᠭᠠᠷ᠂ ᠬᠠᠮᠢᠶ᠎ᠠ ᠪᠥᠬᠦᠶ ᠢᠵᠢ | ᠪᠦᠷᠢᠳᠦᠭᠦᠯᠬᠦ ᠰᠡᠳᠦᠪ ᠤᠨ ᠰᠤᠳᠤᠯᠭᠠᠨ ᠢ ᠪᠥᠬᠦ ᠲᠠᠯ᠎ᠠ ᠪᠠᠷ ᠥᠷᠨᠢᠭᠦᠯᠵᠦ᠂ ᠡᠭᠦᠯᠳᠡᠷ ᠪᠤᠶᠢᠵᠢᠭᠤᠯᠬᠤ | ᠵᠢᠷᠤᠮᠵᠢᠭᠰᠠᠨ ᠲᠠᠩᠰᠠ ᠡᠪᠬᠡᠮᠡᠯ ᠤᠨ ᠮᠠᠲ᠋ᠧᠷᠢᠶᠠᠯ ᠪᠠᠶᠢᠭᠤᠯᠵᠤ᠂ ᠡᠭᠦᠯᠳᠡᠷ ᠪᠤᠶᠢᠵᠢᠭᠤᠯᠬᠤ ᠭᠤᠤᠯ ᠲᠠᠯᠠᠪᠠᠶ ᠶᠢᠨ | ᠪᠥᠲᠥᠭᠡᠨ ᠪᠠᠶᠢᠭᠤᠯᠤᠯᠲᠠ ᠶᠢᠨ ᠬᠢᠷᠢ ᠲᠦᠪᠰᠢᠨ ᠢᠶᠠᠨ ᠴᠢᠩᠭᠠᠳᠬᠠᠨ᠎ᠠ᠃ ᠵᠢᠯ ᠤᠨ ᠳᠣᠲᠣᠷ᠎ᠠ᠂ ᠬᠤᠸᠠᠰᠢ | ᠦᠬᠡᠷ ᠤᠨ ᠡᠭᠦᠯᠳᠡᠷ ᠪᠤᠶᠢᠵᠢᠭᠤᠯᠬᠤ ᠰᠦᠷᠦᠭ ᠢ 0.3 ᠲᠦᠮᠡ ᠬᠢᠨᠠᠨ ᠲᠣᠭᠲᠠᠭᠠᠵᠤ᠂ ᠡᠭᠦᠯᠳᠡᠷ ᠪᠤᠶᠢᠵᠢᠭᠤᠯᠬᠤ | ᠰᠦᠷᠦᠭ ᠤᠨ ᠲᠤᠭ᠎ᠠ ᠲᠣᠯᠣᠭᠠᠶ ᠶᠢ ᠨᠡᠶᠢᠲᠡ 1.8 ᠲᠦᠮᠡ ᠳᠤ ᠬᠦᠷᠭᠡᠵᠣ᠂ ᠰᠢᠨᠵᠢ ᠣᠨᠴᠠᠯᠢᠭ ᠤᠨ ᠲᠤᠭ᠎ᠠ | ᠪᠠᠷᠢᠮᠲᠠ ᠶᠢ 1.5 ᠲᠦᠮᠡᠨ ᠵᠤᠷᠪᠤᠰ ᠴᠤᠭᠯᠠᠭᠤᠯᠬᠤ ᠪᠠᠷ ᠲᠥᠯᠥᠪᠯᠡᠵᠦ ᠪᠣᠶ᠃ | ︵ᠵᠢᠷᠭᠤᠭ᠎ᠠ︶ ᠦᠢᠯᠡᠳᠪᠦᠷᠢᠯᠡᠯ ᠤᠨ ᠴᠢᠳᠠᠪᠬᠢ ᠶᠢ ᠬᠡᠮᠵᠢᠨ ᠲᠣᠭᠲᠠᠭᠠᠬᠤ ᠠᠵᠢᠯ ᠢᠶᠠᠨ ᠰᠠᠶᠢᠲᠤᠷ ᠬᠢᠨ᠎ᠡ ᠃ | ᠮᠢᠬᠠᠨ ᠤ ᠦᠭᠡᠷ ᠤᠨ ᠭᠤᠤᠯᠳᠠᠯᠭᠠᠲᠦ ᠰᠦᠷᠦᠭ᠂ ᠬᠤᠸᠠᠰᠢ ᠦᠬᠡᠷ ᠤᠨ ᠡᠭᠦᠯᠳᠡᠷ ᠪᠤᠶᠢᠵᠢᠭᠤᠯᠬᠤ ᠰᠦᠷᠦᠭ᠂ | ᠦᠷ᠎ᠡ ᠶᠢᠨ ᠮᠠᠯ ᠤᠨ ᠲᠠᠯᠠᠪᠠᠶ ᠶᠢᠨ ᠴᠢᠳᠠᠪᠬᠢ ᠶᠢ ᠬᠡᠮᠵᠢᠨ ᠲᠣᠭᠲᠠᠭᠠᠬᠤ ᠠᠵᠢᠯ ᠢ ᠭᠤᠤᠯᠳᠠᠯᠭ᠎ᠠ ᠲᠠᠢ ᠴᠢᠩᠭᠠᠳᠬᠠᠵᠤ | ᠤᠤᠯ ᠤᠨ ᠬᠡᠮᠵᠢᠨ ᠲᠣᠭᠲᠠᠭᠠᠭᠰᠠᠨ ᠲᠤᠭ᠎ᠠ ᠪᠠᠷᠢᠮᠲᠠ ᠶᠢᠨ ᠰᠠᠭᠤᠷᠢᠨ ᠳᠡᠭᠡᠷ᠎ᠡ᠂ ᠮᠢᠬᠠᠨ ᠤ ᠦᠭᠡᠷ ᠤᠨ | ᠲᠣᠭᠠᠴᠢᠯᠠᠭᠰᠠᠨ ᠬᠠᠮᠢᠶᠠᠷᠤᠯᠲᠠ ᠶᠢᠨ ᠲᠠᠪᠴᠠᠩ ᠤᠨ ᠪᠠᠶᠢᠭᠤᠯᠤᠯᠲᠠ ᠶᠢ ᠦᠷᠭᠦᠯᠵᠢᠯᠡᠨ ᠲᠡᠭᠦᠯᠳᠡᠷᠵᠢᠭᠦᠯᠵᠦ᠂ | ᠴᠢᠳᠠᠪᠬᠢ ᠶᠢ ᠬᠡᠮᠵᠢᠨ ᠲᠣᠭᠲᠠᠭᠠᠭᠰᠠᠨ ᠲᠤᠭ᠎ᠠ ᠪᠠᠷᠢᠮᠲᠠ ᠪᠠᠨ ᠰᠢᠨᠡᠳᠬᠡᠨ ᠣᠷᠣᠭᠤᠯᠵᠤ᠂ ᠥᠰᠥᠯᠲᠡ | ᠪᠤᠶᠢᠵᠢᠯᠲᠠ ᠶᠢᠨ ᠰᠢᠨᠵᠢ ᠪᠠᠶᠢᠳᠠᠯ ᠤᠨ ᠲᠤᠭ᠎ᠠ ᠪᠠᠷᠢᠮᠲᠠ ᠶᠢᠨ ᠣᠷᠳᠣ ᠬᠤᠭᠤᠴᠠᠭᠠᠲᠤ ᠴᠢᠨᠠᠷ ᠪᠠ ᠦᠷᠭᠦᠯᠵᠢᠯᠡᠬᠦ | ᠴᠢᠨᠠᠷ ᠢ ᠦᠨᠡᠨᠬᠦ ᠪᠠᠲᠤᠯᠠᠵᠤ᠂ ᠡᠭᠦᠯᠳᠡᠷ ᠰᠣᠩᠭᠤᠬᠤ᠂ ᠦᠷ᠎ᠡ ᠦᠯᠡᠳᠡᠭᠡᠬᠦ ᠳᠤ ᠦᠨᠳᠦᠰᠦᠯᠡᠯ ᠬᠠᠩᠭᠠᠨ᠎ᠠ᠃ | ᠵᠢᠯ ᠤᠨ ᠳᠣᠲᠣᠷ᠎ᠠ᠂ 0.8 ᠲᠦᠮᠡᠨ ᠲᠣᠯᠣᠭᠠᠢ ᠮᠢᠬᠠᠨ ᠤ ᠦᠬᠡᠷ ᠤᠨ ᠴᠢᠳᠠᠪᠬᠢ ᠶᠢ ᠬᠡᠮᠵᠢᠨ ᠲᠣᠭᠲᠠᠭᠠᠨ᠎ᠠ᠃ | ︵ᠳᠣᠯᠤᠭ᠎ᠠ︶ ᠮᠢᠬᠠᠨ ᠤ ᠦᠬᠡᠷ ᠲᠡᠵᠢᠭᠡᠨ ᠮᠠᠯᠵᠢᠬᠤ ᠬᠠᠮᠢᠶᠠᠷᠤᠯᠲᠠ ᠪᠠᠨ ᠴᠢᠩᠭᠠᠳᠬᠠᠨ᠎ᠠ᠃ ᠰᠢᠨᠵᠢᠯᠡᠬᠦ | ᠤᠬᠠᠭᠠᠨᠴᠢ ᠪᠠᠷ ᠲᠡᠵᠢᠭᠡᠨ ᠮᠠᠯᠵᠢᠬᠤ ᠪᠣᠯ ᠮᠢᠬᠠᠨ ᠤ ᠦᠬᠡᠷ ᠤᠨ ᠦᠷᠡᠵᠢᠯᠲᠡ ᠤᠨᠳᠤᠷᠤᠯᠲᠠ ᠶᠢᠨ ᠨᠣᠷᠮ᠎ᠠ ᠶᠢ | ᠳᠡᠭᠡᠭᠰᠢᠯᠡᠭᠦᠯᠬᠦ ᠶᠢᠨ ᠵᠠᠩᠭᠢᠯᠠᠭ᠎ᠠ ᠂ ᠦᠢᠯᠡᠳᠪᠦᠷᠢᠯᠡᠯ ᠪᠠ ᠠᠵᠤ ᠠᠬᠤᠶ ᠶᠢᠨ ᠦᠷ᠎ᠡ ᠠᠰᠢᠭ ᠢ ᠳᠡᠭᠡᠭᠰᠢᠯᠡᠭᠦᠯᠬᠦ | ᠪᠦᠲᠦᠮᠵᠢᠲᠡᠶ ᠠᠷᠭ᠎ᠠ ᠵᠠᠮ ᠮᠥᠨ᠃ ᠲᠤᠰᠬᠠᠶ ᠰᠡᠳᠦᠪᠲᠦ ᠤᠬᠠᠭᠤᠯᠭ᠎ᠠ᠂ ᠮᠡᠷᠭᠡᠵᠢᠯ ᠤᠨ ᠵᠢᠯᠣᠭᠤᠳᠣᠯᠭ᠎ᠠ᠂ | ᠨᠡᠶᠢᠲᠡᠯᠢᠭ ᠵᠢᠱᠢᠶ᠎ᠡ ᠪᠠᠷ ᠬᠥᠲᠥᠯᠦᠨ ᠵᠢᠯᠣᠭᠤᠳᠬᠤ ᠵᠡᠷᠭᠡ ᠠᠷᠭ᠎ᠠ ᠠᠪᠴᠠᠯ ᠢᠶᠠᠷ ᠳᠠᠮᠵᠢᠭᠤᠯᠤᠨ᠂ ᠮᠢᠬᠠᠨ ᠤ | ᠦᠬᠡᠷ ᠤᠨ ᠰᠢᠨᠵᠢᠯᠡᠬᠦ ᠤᠬᠠᠭᠠᠨᠴᠢᠯᠠᠭᠰᠠᠨ ᠲᠡᠵᠢᠭᠡᠨ ᠮᠠᠯᠵᠢᠬᠤ ᠬᠠᠮᠢᠶᠠᠷᠤᠯᠲᠠ ᠶᠢᠨ ᠣᠨᠣᠯᠵᠢᠬᠤᠨ ᠢ ᠠᠯᠬᠤᠮ | ᠠᠯᠬᠤᠮ ᠢᠶᠠᠷ ᠬᠤᠪᠢᠷᠠᠭᠤᠯᠵᠤ᠂ TMR ︵ᠲᠡᠵᠢᠭᠡᠯ ᠪᠣᠷᠳᠤᠭ᠎ᠠ ᠶᠢ ᠬᠤᠯᠢᠯᠳᠤᠭᠤᠯᠤᠨ ᠲᠡᠵᠢᠭᠡᠬᠦ︶ ᠮᠡᠷᠭᠡᠵᠢᠯ᠂ | ᠲᠡᠵᠢᠭᠡᠯ ᠡᠪᠡᠰᠦ ᠪᠣᠷᠳᠤᠭ᠎ᠠ ᠨᠠᠶᠢᠷᠠᠭᠤᠯᠬᠤ ᠵᠡᠷᠭᠡ ᠰᠢᠨᠵᠢᠯᠡᠬᠦ ᠤᠬᠠᠭᠠᠨᠴᠢ ᠲᠡᠵᠢᠭᠡᠨ ᠦᠷᠡᠵᠢᠭᠦᠯᠬᠦ ᠬᠡᠷᠡᠭᠯᠡᠭᠡᠨ ᠤ | ᠮᠡᠷᠭᠡᠵᠢᠯ ᠢ ᠢᠳᠡᠪᠬᠢᠲᠡᠶ ᠪᠠᠷ ᠳᠡᠯᠭᠡᠷᠡᠭᠦᠯᠦᠨ᠂ ᠣᠳᠣᠬᠢᠴᠢᠯᠠᠭᠰᠠᠨ ᠲᠦᠬᠦᠭᠡᠷᠦᠮᠵᠢᠲᠦ ᠮᠠᠯ ᠠᠵᠤ ᠠᠬᠤᠶ ᠶᠢᠨ | ᠬᠥᠭᠵᠢᠯᠲᠡ ᠶᠢ ᠠᠬᠢᠭᠤᠯᠤᠨ᠎ᠠ᠃ ᠵᠢᠯ ᠤᠨ ᠳᠣᠲᠣᠷ᠎ᠠ᠂ ᠳᠡᠵᠢᠭᠡᠨ ᠮᠠᠯᠵᠢᠬᠤ ᠬᠠᠮᠢᠶᠠᠷᠤᠯᠲᠠ ᠶᠢᠨ ᠵᠢᠱᠢᠶ᠎ᠡ | ᠦᠵᠡᠭᠦᠯᠬᠦ 100 ᠡᠷᠦᠬᠡ ᠶᠢ ᠭᠤᠤᠯᠳᠠᠯᠭ᠎ᠠ ᠲᠠᠢ ᠰᠠᠶᠢᠲᠤᠷ ᠠᠳᠬᠤᠨ᠎ᠠ᠃ | ︵ᠨᠠᠢᠮᠠ︶ ᠦᠬᠡᠷ ᠤᠨ ᠡᠭᠦᠯᠳᠡᠷ ᠤᠨ ᠡᠬᠢ ᠪᠠᠶᠠᠯᠢᠭ ᠤᠨ ᠬᠠᠮᠠᠭᠠᠯᠠᠯᠲᠠ ᠶᠢ ᠴᠢᠩᠭᠠᠳᠬᠠᠨ᠎ᠠ᠃ ᠨᠢᠭᠡ ᠳᠤ | ᠰᠥᠨᠢᠳ ᠵᠡᠭᠦᠨ ᠬᠤᠰᠢᠭᠤ ᠪᠠᠷ ᠭᠤᠤᠯᠯᠠᠭᠤᠯᠤᠨ᠂ ᠮᠣᠩᠭᠤᠯ ᠦᠬᠡᠷ ᠤᠨ ᠭᠤᠣᠯᠳᠠᠯᠭᠠᠲᠤ ᠰᠦᠷᠦᠭ ᠢ ᠰᠢᠨ᠎ᠡ ᠪᠠᠷ | ᠪᠠᠶᠢᠭᠤᠯᠵᠤ᠂ ᠰᠢᠯᠢᠳᠡᠭ ᠡᠭᠦᠯᠳᠡᠷ ᠤᠨ ᠮᠣᠩᠭᠤᠯ ᠦᠬᠡᠷ ᠤᠨ ᠰᠦᠷᠦᠭ ᠤᠨ ᠬᠡᠪᠴᠢᠶ᠎ᠡ ᠶᠢ ᠨᠡᠮᠡᠭᠳᠡᠭᠦᠯᠦᠨ᠂ ᠣᠷᠣᠨ | ᠨᠣᠳᠤᠭ ᠲᠤᠨᠢ ᠡᠭᠦᠯᠳᠡᠷ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠤᠶᠠᠷ ᠲᠤ ᠤᠯᠤᠰ ᠪᠠ ᠥᠪᠡᠷᠲᠡᠭᠡᠨ | ᠵᠠᠰᠠᠬᠤ ᠣᠷᠣᠨ ᠤ ᠡᠭᠦᠯᠳᠡᠷ ᠬᠠᠮᠠᠭᠠᠯᠠᠬᠤ ᠲᠥᠷᠥᠯ ᠵᠦᠢᠯ ᠲᠠᠢ ᠤᠶᠠᠯᠳᠤᠭᠤᠯᠤᠨ᠂ ᠮᠣᠩᠭᠤᠯ ᠦᠬᠡᠷ ᠤᠨ ᠢᠴᠡᠭᠡᠯ | ᠦᠷ᠎ᠡ᠂ ᠬᠦᠪᠦᠷᠡᠯ ᠬᠠᠳᠠᠭᠠᠯᠠᠬᠤ ᠠᠵᠢᠯ ᠢ ᠶᠡᠬᠡᠪᠡᠷ ᠥᠷᠨᠢᠭᠦᠯᠵᠦ᠂ ᠪᠡᠶ᠎ᠡ ᠠᠴᠠ ᠨᠢ ᠰᠠᠯᠭᠠᠵᠣ ᠬᠠᠮᠠᠭᠠᠯᠠᠬᠤ | ᠴᠢᠳᠠᠪᠤᠷᠢ ᠶᠢ ᠳᠡᠭᠡᠭᠰᠢᠯᠡᠭᠦᠯᠦᠨ᠎ᠡ᠃ ᠭᠤᠷᠪᠠ ᠳᠤ ︽ᠦᠵᠦᠮᠦᠴᠢᠨ ᠱᠠᠷᠦ᠋ᠯᠠᠢ ᠦᠬᠡᠷ︾ ᠢ ᠦᠷᠭᠦᠯᠵᠢᠯᠡᠨ | ᠰᠣᠩᠭᠤᠨ ᠪᠤᠶᠢᠵᠢᠭᠤᠯᠬᠤ ᠶᠢ ᠴᠢᠩᠭᠠᠳᠬᠠᠵᠤ᠂ ︽ᠠᠩᠭᠢᠰ ᠦᠬᠡᠷ︾ ᠢ ᠨᠤᠲᠤᠭᠰᠢᠭᠤᠯᠤᠨ ᠳᠠᠰᠬᠠᠬᠤ ᠡᠷᠴᠢᠮ | ᠢᠶᠠᠨ ᠴᠢᠩᠭᠠᠷᠠᠭᠤᠯᠵᠤ᠂ ᠡᠭᠦᠯᠳᠡᠷ ᠤᠨ ᠤᠤᠯ ᠤᠨ ᠰᠢᠨᠵᠢ ᠴᠢᠨᠠᠷ᠂ ᠣᠨᠴᠠᠯᠢᠭ ᠢ ᠪᠠᠲᠤᠯᠠᠨ᠂ ᠦᠷ᠎ᠡ ᠶᠢᠨ | ᠴᠢᠨᠠᠷ ᠤᠨ ᠣᠨᠴᠠᠯᠢᠭ ᠢ ᠪᠠᠭᠤᠷᠠᠭᠤᠯᠬᠤ ᠦᠭᠡᠢ ᠪᠠᠶᠢᠬᠤ ᠶᠢ ᠪᠠᠳᠣᠯᠠᠨ᠎ᠠ᠃ ᠵᠢᠯ ᠤᠨ ᠳᠣᠲᠣᠷ᠎ᠠ᠂ ᠮᠣᠩᠭᠤᠯ | ᠦᠬᠡᠷ ᠤᠨ ᠭᠤᠣᠯᠳᠠᠯᠭᠠᠲᠤ ᠰᠦᠷᠦᠭ 2 ᠢ ᠪᠠᠶᠢᠭᠤᠯᠵᠤ᠂ 0.05 ᠲᠦᠮᠡᠨ ᠲᠣᠯᠣᠭᠠᠢ ᠠᠩᠭᠢᠰ ᠦᠬᠡᠷ ᠤᠨ | ᠴᠢᠳᠠᠪᠬᠢ ᠶᠢ ᠬᠡᠮᠵᠢᠨ ᠲᠣᠭᠲᠠᠭᠠᠨ᠎ᠠ᠃ | ︵ᠶᠢᠰᠦ︶ ᠮᠡᠷᠭᠡᠵᠢᠯ ᠤᠨ ᠪᠣᠯᠪᠠᠰᠤᠷᠠᠭᠤᠯᠤᠯ ᠪᠠ ᠦᠢᠯᠡᠴᠢᠯᠡᠭᠡ ᠪᠠᠨ ᠴᠢᠩᠭᠠᠷᠠᠭᠤᠯᠤᠨ᠎ᠠ᠃ ᠮᠢᠬᠠᠨ ᠤ | ᠦᠬᠡᠷ ᠤᠨ ᠡᠭᠦᠯᠳᠡᠷ ᠪᠤᠶᠢᠵᠢᠭᠤᠯᠬᠤ᠂ ᠲᠡᠵᠢᠭᠡᠨ ᠮᠠᠯᠵᠢᠬᠤ ᠬᠠᠮᠢᠶᠠᠷᠤᠯᠲᠠ᠂ ᠫᠧᠩ ᠬᠤᠷᠣᠭᠠᠨ ᠤ ᠪᠥᠲᠥᠭᠡᠨ | ᠪᠠᠶᠢᠭᠤᠯᠤᠯᠲᠠ᠂ ᠰᠢᠮ᠎ᠡ ᠲᠡᠵᠢᠭᠡᠯ ᠬᠢᠭᠡᠳ ᠲᠡᠵᠢᠭᠡᠯ ᠡᠪᠡᠰᠦ ᠪᠣᠷᠳᠤᠭ᠎ᠠ ᠨᠠᠶᠢᠷᠠᠭᠤᠯᠬᠤ᠂ ᠮᠡᠳᠡᠭᠡ | ᠵᠠᠩᠭᠢᠵᠢᠯᠲᠠ ᠶᠢᠨ ᠬᠠᠮᠢᠶᠠᠷᠤᠯᠲᠠ ᠵᠡᠷᠭᠡ ᠮᠡᠷᠭᠡᠵᠢᠯ ᠤᠨ ᠠᠭᠤᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠶᠡᠭᠡ | ᠳᠡᠭᠡᠳᠦ ᠰᠤᠷᠭᠠᠭᠤᠯᠢ᠂ ᠮᠠᠯ ᠠᠵᠤ ᠠᠬᠤᠶ ᠶᠢᠨ ᠦᠢᠯᠡᠰ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠯᠤᠭ᠎ᠠ | ᠬᠠᠮᠲᠤᠷᠠᠨ ᠪᠣᠯᠪᠠᠰᠤᠷᠠᠭᠤᠯᠤᠯ ᠬᠢᠬᠦ ᠡᠷᠴᠢᠮ ᠢᠶᠠᠨ ᠴᠢᠩᠭᠠᠷᠠᠭᠤᠯᠤᠨ᠂ ᠪᠣᠯᠪᠠᠰᠤᠷᠠᠭᠤᠯᠤᠯ ᠤᠨ ᠠᠷᠭ᠎ᠠ ᠮᠠᠶ᠋ᠢᠭ ᠢᠶᠠᠨ | ᠬᠤᠪᠢᠷᠠᠭᠤᠯᠵᠤ᠂ ᠪᠣᠯᠪᠠᠰᠤᠷᠠᠭᠤᠯᠤᠯ ᠤᠨ ᠵᠠᠭᠪᠤᠷ ᠤᠨ ᠰᠢᠨ᠎ᠡ ᠶᠢ ᠡᠭᠦᠳᠴᠦ᠂ ᠪᠣᠯᠪᠠᠰᠤᠷᠠᠭᠤᠯᠤᠯ ᠤᠨ | ᠠᠭᠤᠯᠭ᠎ᠠ ᠶᠢᠨ ᠬᠡᠷᠡᠭᠯᠡᠭᠡᠨ ᠤ ᠴᠢᠨᠠᠷ᠂ ᠬᠢᠯᠪᠠᠷ ᠣᠶᠢᠯᠠᠭᠠᠬᠤ ᠴᠢᠨᠠᠷ ᠢ ᠳᠡᠭᠡᠭᠰᠢᠯᠡᠭᠦᠯᠦᠨ᠂ ᠪᠣᠯᠪᠠᠰᠤᠷᠠᠭᠤᠯᠤᠯ ᠤᠨ | ᠪᠣᠳᠠᠲᠤ ᠦᠷ᠎ᠡ ᠪᠦᠲᠦᠮᠵᠢᠲᠦ ᠴᠢᠨᠠᠷ ᠪᠠ ᠠᠰᠢᠭᠳᠣ ᠴᠢᠨᠠᠷ ᠢ ᠳᠡᠭᠡᠭᠰᠢᠯᠡᠭᠦᠯᠦᠨ᠎ᠡ᠃ ᠵᠢᠯ ᠤᠨ ᠳᠣᠲᠣᠷ᠎ᠠ᠂ 2500 | ᠬᠥᠮᠦᠨ ᠣᠳᠠᠭᠠᠨ ᠤ ᠬᠡᠷᠡᠭᠯᠡᠭᠡᠨ ᠤ ᠮᠡᠷᠭᠡᠵᠢᠯ ᠤᠨ ᠪᠣᠯᠪᠠᠰᠤᠷᠠᠭᠤᠯᠤᠯ ᠡᠷᠭᠢᠯᠡᠨ᠎ᠡ᠃ | ᠵᠢᠷᠭᠤᠭ᠎ᠠ᠂ ᠠᠬᠢᠴᠠ ᠶᠢᠨ ᠲᠣᠬᠢᠷᠠᠭᠤᠯᠤᠯᠲᠠ | ︵ᠨᠢᠭᠡ︶ ᠡᠮᠦᠨᠡᠬᠢ ᠬᠤᠭᠤᠴᠠᠭᠠᠨ ᠤ ᠪᠡᠯᠡᠳᠬᠡᠬᠦ ᠱᠠᠲᠤ ᠦᠶ᠎ᠡ ︵3 ᠳ᠋ᠤᠭᠠᠷ ᠰᠠᠷ᠎ᠠ ᠶᠢᠨ 1 ᠤ | ᠡᠳᠦᠷ ᠠᠴᠠ 4 ᠳ᠋ᠣᠬᠡᠷ ᠰᠠᠷ᠎ᠠ ᠶᠢᠨ 30 ᠤ ᠡᠳᠦᠷ ᠬᠦᠷᠲᠡᠯ᠎ᠡ︶᠃ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ | ᠡᠭᠦᠷᠭᠡ ᠬᠠᠷᠠᠯᠲᠠ ᠪᠠᠨ ᠲᠣᠬᠢᠷᠠᠭᠤᠯᠤᠨ ᠪᠠᠶᠢᠷᠢᠯᠠᠭᠤᠯᠤᠨ᠎ᠠ︔ ᠡᠬᠡ ᠮᠠᠯ ᠪᠠ ᠦᠷ᠎ᠡ ᠶᠢᠨ ᠮᠠᠯ ᠢ ᠨᠡᠶᠢᠳᠡᠮ | ᠪᠠᠶᠢᠴᠠᠭᠠᠵᠤ ᠬᠢᠨᠠᠨ ᠲᠣᠭᠲᠠᠭᠠᠬᠤ᠂ ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ ᠣᠷᠣᠨ ︵ᠡᠷᠦᠬᠡ︶ ᠤ ᠦᠷ᠎ᠡ | ᠶᠢᠨ ᠮᠠᠯ ᠢ ᠰᠦᠷᠦᠭ ᠰᠢᠯᠢᠬᠦ ᠪᠠ ᠬᠠᠮᠢᠶᠠᠷᠬᠤ᠂ ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ ᠥᠷᠲᠡᠭᠡ ᠪᠠ | ᠮᠡᠷᠭᠡᠵᠢᠯᠲᠡᠨ ᠢ ᠨᠠᠶᠢᠳᠠᠪᠤᠷᠢᠵᠢᠭᠤᠯᠬᠤ ᠵᠡᠷᠭᠡ ᠠᠵᠢᠯ ᠢ ᠥᠷᠨᠢᠭᠦᠯᠦᠨ᠎ᠡ᠃ | ︵ᠬᠤᠶᠠᠷ︶ ᠵᠣᠬᠢᠶᠠᠨ ᠪᠠᠶᠢᠭᠤᠯᠤᠨ ᠬᠡᠷᠡᠭᠵᠢᠭᠦᠯᠬᠦ ᠱᠠᠲᠤ ᠦᠶ᠎ᠡ ︵5 ᠳ᠋ᠤᠭᠠᠷ ᠰᠠᠷ᠎ᠠ ᠶᠢᠨ 1 ᠤ | ᠡᠳᠦᠷ ᠠᠴᠠ 9 ᠳ᠋ᠣᠬᠡᠷ ᠰᠠᠷ᠎ᠠ ᠶᠢᠨ 30 ᠤ ᠡᠳᠦᠷ ᠬᠦᠷᠲᠡᠯ᠎ᠡ︶᠃ ᠢᠴᠡᠭᠡᠯ ᠦᠷ᠎ᠡ ᠶᠢᠨ ᠬᠡᠭᠡᠯᠲᠦᠭᠦᠯᠭᠡ᠂ ᠦᠷ᠎ᠡ | ᠶᠢᠨ ᠮᠠᠯ ᠤᠨ ᠲᠠᠯᠠᠪᠠᠶ ︵ᠭᠤᠣᠯᠳᠠᠯᠭᠠᠲᠤ ᠰᠦᠷᠦᠭ︶ ᠶᠢ ᠰᠢᠯᠭᠠᠨ ᠠᠪᠬᠤ᠂ ᠦᠢᠯᠡᠳᠪᠦᠷᠢᠯᠡᠯ ᠤᠨ ᠴᠢᠳᠠᠪᠬᠢ ᠶᠢ | ᠬᠡᠮᠵᠢᠨ ᠲᠣᠭᠲᠠᠭᠠᠬᠤ᠂ ᠱᠠᠯᠠᠪᠳᠠᠭᠤᠯᠣᠨ ᠪᠠᠶᠢᠴᠠᠭᠠᠬᠤ ᠶᠢ ᠥᠷᠨᠢᠭᠦᠯᠬᠦ ᠶᠢᠨ ᠬᠠᠮᠲᠤ ᠮᠡᠷᠭᠡᠵᠢᠯ ᠤᠨ | ᠪᠣᠯᠪᠠᠰᠤᠷᠠᠭᠤᠯᠤᠯ ᠪᠠ ᠡᠯ᠎ᠡ ᠲᠥᠷᠥᠯ ᠤᠨ ᠤᠬᠠᠭᠤᠯᠤᠨ ᠳᠡᠯᠭᠡᠷᠡᠭᠦᠯᠬᠦ ᠠᠵᠢᠯᠯᠠᠭ᠎ᠠ ᠡᠷᠬᠢᠯᠡᠨ᠎ᠠ᠃ | ︵ᠭᠤᠷᠪᠠ︶ ᠳ᠋ᠦᠩᠨᠡᠵᠦ ᠰᠢᠯᠭᠠᠨ ᠠᠪᠬᠤ ᠱᠠᠲᠤ ᠦᠶ᠎ᠡ ︵10 ᠳ᠋ᠤᠭᠠᠷ ᠰᠠᠷ᠎ᠠ ᠶᠢᠨ 1 ᠤ ᠡᠳᠦᠷ ᠠᠴᠠ | 12 ᠳ᠋ᠤᠭᠠᠷ ᠰᠠᠷ᠎ᠠ ᠶᠢᠨ 31 ᠤ ᠡᠳᠦᠷ ᠬᠦᠷᠲᠡᠯ᠎ᠡ︶᠃ ᠡᠯ᠎ᠡ ᠱᠠᠲᠤ ᠦᠶ᠎ᠡ ᠶᠢᠨ ᠠᠵᠢᠯ ᠢᠶᠠᠨ ᠰᠠᠶᠢᠲᠤᠷ | ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠨᠠᠮᠤᠷ ᠤᠨ ᠤᠯᠠᠷᠢᠯ ᠤᠨ ᠪᠣᠷᠣᠯᠠᠭᠤᠯᠬᠤ᠂ ᠣᠷᠣᠭᠤᠯᠤᠨ ᠠᠪᠴᠢᠷᠠᠵᠤ | ᠳᠣᠭᠢᠷᠠᠭᠤᠯᠬᠤ᠂ ᠲᠡᠵᠢᠭᠡᠯ ᠡᠪᠡᠰᠦ ᠪᠣᠷᠳᠤᠭ᠎ᠠ ᠶᠢ ᠨᠥᠭᠡᠴᠡᠯᠡᠬᠦ ᠵᠡᠷᠭᠡ ᠠᠵᠢᠯ ᠢᠶᠠᠨ ᠰᠠᠶᠢᠲᠤᠷ ᠠᠳᠬᠤᠵᠤ᠂ | ᠮᠢᠬᠠᠨ ᠤ ᠦᠬᠡᠷ ᠢ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢᠨ ᠲᠥᠷᠥᠯ ᠵᠦᠢᠯ ᠢ ᠰᠢᠯᠭᠠᠨ ᠬᠤᠷᠢᠶᠠᠬᠤ | ᠠᠵᠢᠯ ᠢᠶᠠᠨ ᠰᠠᠶᠢᠲᠤᠷ ᠬᠢᠵᠦ᠂ ᠪᠥᠬᠦ ᠵᠢᠯ ᠤᠨ ᠠᠵᠢᠯ ᠢ ᠪᠡᠶᠡᠯᠡᠭᠦᠯᠦᠭᠰᠡᠨ ᠪᠠᠶᠢᠳᠠᠯ ᠢᠶᠠᠨ ᠳ᠋ᠦᠩᠨᠡᠨ᠎ᠡ᠃ | ᠳᠣᠯᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠪᠥᠬᠦ ᠠᠶᠢᠮᠠᠭ ᠤᠨ | ᠮᠢᠬᠠᠨ ᠤ ᠦᠬᠡᠷ ᠤᠨ ᠰᠢᠯᠢᠳᠡᠭ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠶᠢ ᠲᠤᠰᠬᠠᠶ ᠲᠦᠷᠦᠯ ᠢᠶᠠᠷ | ᠠᠬᠢᠭᠤᠯᠬᠤ ᠠᠵᠢᠯ ᠪᠣᠯ ᠮᠠᠯᠴᠢᠨ ᠲᠠᠷᠢᠶᠠᠴᠢᠨ ᠤ ᠪᠠᠶᠠᠵᠢᠨ ᠴᠢᠨᠡᠭᠡᠯᠢᠭᠵᠢᠵᠦ ᠣᠷᠣᠯᠭ᠎ᠠ ᠪᠠᠨ ᠨᠡᠮᠡᠭᠳᠡᠭᠦᠯᠬᠦ ᠶᠢᠨ ᠨᠢᠭᠡ | ᠵᠦᠢᠯ ᠤᠨ ᠰᠢᠰᠲ᠋ᠧᠮᠲᠦ ᠢᠨᠵᠧᠨᠧᠷᠢᠩ ᠪᠣᠯᠤᠨ᠎ᠠ᠂ ᠡᠯ᠎ᠡ ᠭᠠᠵᠠᠷ ᠤᠨ ᠬᠢᠨ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠴᠢᠩᠭᠠᠳᠬᠠᠵᠤ᠂ ᠨᠠᠷᠢᠨ ᠨᠢᠮᠪᠠᠶ ᠲᠥᠯᠥᠪᠵᠢᠭᠦᠯᠦᠨ᠂ ᠨᠠᠷᠢᠨ ᠨᠢᠮᠪᠠᠶ ᠪᠠᠶᠢᠷᠢᠯᠠᠭᠤᠯᠵᠤ᠂ | ᠬᠠᠷᠠᠯᠲᠠᠲᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠦᠨ᠂ ᠠᠵᠢᠯ | ᠡᠭᠦᠷᠭᠡ ᠪᠠᠨ ᠵᠠᠳᠠᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠷᠠᠭᠤᠯᠤᠨ᠂ ᠠᠵᠢᠯ ᠤᠨ ᠬᠠᠷᠢᠭᠤᠴᠠᠯᠭ᠎ᠠ ᠪᠠᠨ | ᠪᠣᠳᠠᠲᠠᠶᠢᠵᠢᠭᠤᠯᠵᠤ᠂ ᠮᠡᠷᠭᠡᠵᠢᠯ ᠤᠨ ᠵᠢᠯᠣᠭᠤᠳᠣᠯᠭ᠎ᠠ ᠪᠠᠨ ᠴᠢᠩᠭᠠᠳᠬᠠᠵᠤ᠂ ᠮᠢᠬᠠᠨ ᠤ ᠦᠬᠡᠷ ᠤᠨ ᠰᠢᠯᠢᠳᠡᠭ | ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠠᠵᠢᠯ ᠤᠨ ᠦᠷ᠎ᠡ ᠪᠦᠲᠦᠮᠵᠢ ᠪᠠᠨ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ | ︵ᠬᠤᠶᠠᠷ︶ ᠪᠠᠯᠠ ᠮᠦᠩᠭᠦᠨ ᠤ ᠪᠠᠲᠤᠯᠠᠭ᠎ᠠ ᠪᠠᠨ ᠴᠢᠩᠭᠠᠷᠠᠭᠤᠯᠤᠨ᠎ᠠ᠃ ᠠᠶᠢᠮᠠᠭ ᠤᠨ ᠨᠠᠮ ᠤᠨ ᠬᠤᠷᠢᠶ᠎ᠠ᠂ | ᠵᠠᠬᠢᠷᠭ᠎ᠠ ᠨᠢ ᠮᠢᠬᠠᠨ ᠤ ᠦᠭᠡᠷ ᠤᠨ ᠰᠢᠯᠢᠳᠡᠭ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠶᠢ ᠲᠤᠰᠬᠠᠶ | ᠲᠦᠷᠦᠯ ᠢᠶᠠᠷ ᠠᠬᠢᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠤᠰᠬᠠᠶ ᠲᠥᠷᠥᠯ ᠤᠨ ᠲᠤᠰᠬᠠᠶ | ᠪᠠᠯᠠ ᠮᠥᠩᠭᠦ ᠲᠣᠬᠢᠷᠠᠭᠤᠯᠵᠣ ᠲᠤᠯᠭᠠᠭᠤᠷᠢᠯᠠᠯ ᠤᠨ ᠪᠠᠲᠤᠯᠠᠭ᠎ᠠ ᠪᠣᠯᠭᠠᠨ᠎ᠠ᠃ ᠡᠯ᠎ᠡ ᠭᠠᠵᠠᠷ ᠤᠨ ᠬᠢᠨ ᠪᠠᠰᠠ ᠳᠡᠭᠡᠳᠦ | ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠪᠠᠯᠠ ᠮᠦᠩᠭᠦᠨ ᠤ ᠣᠷᠣᠭᠤᠯᠤᠯᠲᠠ ᠶᠢᠨ ᠡᠷᠴᠢᠮ ᠢᠶᠠᠨ ᠤᠯᠠᠮ | ᠴᠢᠩᠭᠠᠷᠠᠭᠤᠯᠤᠨ᠂ ᠠᠶᠢᠮᠠᠭ ᠤᠨ ᠱᠠᠲᠤᠨ ᠤ ᠲᠤᠰᠬᠠᠢ ᠪᠡᠯᠡ ᠮᠥᠩᠭᠦ ᠶᠢ ᠪᠠᠭᠤᠯᠭᠠᠬᠤ ᠡᠷᠴᠢᠮ ᠢᠶᠠᠨ | ᠴᠢᠩᠭᠠᠷᠠᠭᠤᠯᠤᠨ᠂ ᠮᠢᠬᠠᠨ ᠤ ᠦᠬᠡᠷ ᠤᠨ ᠡᠭᠦᠯᠳᠡᠷ ᠪᠤᠶᠢᠵᠢᠭᠤᠯᠬᠤ ᠠᠬᠢᠴᠠ ᠶᠢ ᠪᠦᠲᠦᠮᠵᠢᠲᠡᠶ ᠳᠥᠯᠭᠢᠨ | ᠠᠬᠢᠭᠤᠯᠣᠨ᠎ᠠ᠃ | ︵ᠭᠤᠷᠪᠠ︶ ᠱᠠᠯᠠᠪᠳᠠᠭᠤᠯᠣᠨ ᠪᠠᠶᠢᠴᠠᠭᠠᠬᠤ ᠪᠠᠨ ᠴᠢᠩᠭᠠᠳᠬᠠᠨ᠎ᠠ᠃ ᠮᠢᠬᠠᠨ ᠤ ᠦᠭᠡᠷ ᠤᠨ ᠰᠢᠯᠢᠳᠡᠭ | ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠶᠢ ᠲᠤᠰᠬᠠᠶ ᠲᠦᠷᠦᠯ ᠢᠶᠠᠷ ᠠᠬᠢᠭᠤᠯᠬᠤ ᠠᠵᠢᠯ ᠤᠨ ᠤᠳᠤᠷᠢᠳᠬᠤ | ᠳᠤᠭᠤᠶᠢᠯᠠᠩ ᠨᠢ ᠡᠭᠦᠷᠭᠡ ᠬᠠᠷᠢᠭᠤᠴᠠᠯᠭ᠎ᠠ ᠶᠣᠰᠣᠭᠠᠷ᠂ ᠪᠥᠬᠦ ᠵᠢᠯ ᠤᠨ ᠠᠵᠢᠯ ᠢ ᠱᠠᠯᠠᠪᠳᠠᠭᠤᠯᠬᠤ᠂ ᠵᠢᠯᠣᠭᠤᠳᠬᠤ | ᠪᠠ ᠵᠢᠯ ᠤᠨ ᠡᠴᠦᠰ ᠤᠨ ᠬᠢᠨᠠᠨ ᠰᠢᠯᠭᠠᠬᠤ ᠠᠵᠢᠯ ᠢᠶᠠᠨ ᠰᠠᠶᠢᠲᠤᠷ ᠬᠢᠨ᠎ᠠ᠃ ᠡᠯ᠎ᠡ ᠭᠠᠵᠠᠷ ᠤᠨ ᠬᠢᠨ ᠠᠵᠢᠯ ᠤᠨ | ᠲᠥᠰᠦᠯ ᠲᠣᠭᠲᠠᠭᠠᠵᠤ᠂ ᠠᠵᠢᠯ ᠤᠨ ᠲᠣᠬᠢᠷᠠᠭᠤᠯᠤᠯᠲᠠ ᠪᠠᠨ ᠦᠨᠳᠦᠰᠦᠯᠡᠨ ᠴᠠᠭ ᠲᠤᠨᠢ ᠳᠣᠭᠢᠷᠠᠭᠤᠯᠤᠨ | ᠱᠠᠯᠠᠪᠳᠠᠭᠤᠯᠣᠨ ᠵᠢᠯᠣᠭᠤᠳᠣᠨ᠎ᠠ᠃ ᠠᠵᠢᠯ ᠤᠨ ᠠᠬᠢᠴᠠ ᠳᠤ ᠬᠠᠭᠠᠰ ᠰᠠᠷ᠎ᠠ ᠶᠢᠨ ᠲᠣᠬᠢᠷᠠᠭᠤᠯᠤᠯᠲᠠ ᠶᠢᠨ | ᠳᠦᠷᠢᠮ ᠢ ᠬᠡᠷᠡᠭᠵᠢᠭᠦᠯᠵᠦ᠂ ᠲᠤᠰᠬᠠᠶ ᠬᠥᠮᠦᠨ ᠲᠣᠬᠢᠷᠠᠭᠤᠯᠤᠨ ᠠᠵᠢᠯ ᠤᠨ ᠠᠬᠢᠴᠠ ᠪᠠᠨ ᠮᠡᠳᠡᠭᠦᠯᠬᠦ ᠂ | ᠳ᠋ᠦᠩᠨᠡᠯᠲᠡ ᠬᠢᠬᠦ ᠵᠡᠷᠭᠡ ᠠᠵᠢᠯ ᠢ ᠬᠠᠷᠢᠴᠠᠭᠤᠯᠣᠨᠠ᠃ |