ᠰᠢᠯᠢ ᠵᠠᠬᠢᠷᠭ᠎ᠠ ᠠᠯᠪᠠᠨ ᠲᠠᠷᠬᠠᠭᠠᠭᠰᠠᠨ ﹇2024﹈ 14 ᠳ᠋ᠤᠭᠠᠷ ᠲᠤᠭᠠᠲᠤ | | | | ︽ᠰᠢᠯᠢ ᠶᠢᠨ ᠭᠤᠣᠯ ᠠᠶᠢᠮᠠᠭ ᠤᠨ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠠᠵᠦ ᠦᠢᠯᠡᠰ | ᠤᠨ ᠬᠦᠭᠵᠢᠯᠳᠡ ᠶᠢ ᠳᠡᠳᠬᠦᠨ ᠳᠡᠮᠵᠢᠬᠦ ᠠᠷᠭ᠎ᠠ ︵ᠲᠤᠷᠰᠢᠨ ᠬᠡᠷᠡᠭᠵᠢᠭᠦᠯᠬᠦ︶ ︾ ᠶᠢ ᠳᠠᠷᠤᠮᠠᠯᠯᠠᠨ | ᠶᠠᠪᠤᠭᠤᠯᠬᠤ ᠲᠤᠬᠠᠢ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ ᠤᠨ ᠮᠡᠳᠡᠭᠳᠡᠯ | | | ᠡᠯ᠎ᠡ ᠬᠤᠰᠢᠭᠤ ᠰᠢᠶᠠᠨ ᠬᠤᠲᠠ ︵ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ | ᠵᠥᠪᠯᠡᠯ︶᠂ ᠠᠶᠢᠮᠠᠭ ᠤᠨ ᠬᠤᠯᠪᠣᠭᠳᠠᠯ ᠪᠥᠬᠦᠶ ᠰᠠᠯᠠᠭ᠎ᠠ ᠮᠦᠴᠢᠷ᠂ ᠵᠥᠪᠯᠡᠯ᠂ ᠠᠯᠪᠠᠨ ᠬᠡᠷ᠂ ᠲᠣᠪᠴᠢᠶᠠᠨ ᠳᠤ᠄ | ︽ᠰᠢᠯᠢ ᠶᠢᠨ ᠭᠤᠣᠯ ᠠᠶᠢᠮᠠᠭ ᠤᠨ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠠᠵᠦ ᠦᠢᠯᠡᠰ ᠤᠨ | ᠬᠦᠭᠵᠢᠯᠳᠡ ᠶᠢ ᠳᠡᠳᠬᠦᠨ ᠳᠡᠮᠵᠢᠬᠦ ᠠᠷᠭ᠎ᠠ ︵ᠲᠤᠷᠰᠢᠨ ᠬᠡᠷᠡᠭᠵᠢᠭᠦᠯᠬᠦ︶ ︾ ᠶᠢ ᠨᠢᠭᠡᠨᠲᠡ ᠵᠠᠬᠢᠷᠭ᠎ᠠ ᠶᠢᠨ 2024 | ᠣᠨ ᠤ 5 ᠳ᠋ᠤᠭᠠᠷ ᠣᠳᠠᠭᠠᠨ ᠤ ᠪᠠᠶᠢᠩᠭᠤ ᠶᠢᠨ ᠬᠤᠷᠠᠯ ᠢᠶᠠᠷ ᠰᠤᠳᠤᠯᠤᠨ ᠵᠦᠪᠰᠢᠶᠡᠷᠡᠭᠦᠯᠦᠭᠡᠳ ᠡᠳᠦᠭᠡ ᠲᠠᠨᠠᠷ ᠲᠤ | ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ | ᠨᠠᠶᠢᠳᠠᠪᠤᠷᠢᠵᠢᠭᠤᠯᠲᠤᠭᠠᠶ᠃ | | | | | | ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ | 2024 ᠣᠨ ᠤ 2 ᠳ᠋ᠤᠭᠠᠷ ᠰᠠᠷ᠎ᠠ ᠶᠢᠨ 1 ᠤ ᠡᠳᠦᠷ | | | | ᠰᠢᠯᠢ ᠶᠢᠨ ᠭᠤᠣᠯ ᠠᠶᠢᠮᠠᠭ ᠤᠨ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠠᠵᠦ | ᠦᠢᠯᠡᠰ ᠤᠨ ᠬᠦᠭᠵᠢᠯᠳᠡ ᠶᠢ ᠳᠡᠳᠬᠦᠨ ᠳᠡᠮᠵᠢᠬᠦ ᠠᠷᠭ᠎ᠠ ︵ᠲᠤᠷᠰᠢᠨ ᠬᠡᠷᠡᠭᠵᠢᠭᠦᠯᠬᠦ︶ | | | ︽ᠬᠤᠨᠢ ᠶᠢ ᠴᠦᠬᠡᠳᠭᠡᠵᠦ ᠦᠬᠡᠷ ᠢ ᠨᠡᠮᠡᠭᠳᠡᠭᠦᠯᠬᠦ︾ ᠦᠷ᠎ᠡ ᠪᠦᠲᠦᠭᠡᠯ ᠢ ᠤᠯᠠᠮ ᠪᠠᠬᠢᠵᠢᠭᠦᠯᠵᠦ᠂ | ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠂ ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ | ᠡᠷᠴᠢᠮ ᠢᠶᠠᠨ ᠴᠢᠩᠭᠠᠷᠠᠭᠤᠯᠵᠤ᠂ ᠴᠢᠨᠠᠷ ᠰᠠᠶᠢᠲᠠᠢ ᠮᠢᠬᠠᠨ ᠤ ᠦᠬᠡᠷ ᠤᠨ ᠰᠢᠯᠢᠳᠡᠭ ᠡᠭᠦᠯᠳᠡᠷ ᠢ ᠦᠷᠭᠡᠳᠭᠡᠨ | ᠪᠤᠶᠢᠵᠢᠭᠤᠯᠬᠤ ᠶᠢ ᠲᠦᠷᠭᠡᠳᠭᠡᠵᠦ᠂ ᠮᠠᠯᠴᠢᠨ ᠲᠠᠷᠢᠶᠠᠴᠢᠨ ᠤ ᠤᠷᠤᠯᠭ᠎ᠠ ᠶᠢ ᠨᠡᠮᠡᠭᠳᠡᠭᠦᠯᠬᠦ ᠶᠢᠨ ᠲᠦᠯᠦᠭᠡ ᠤᠯᠤᠰ | ᠪᠠ ᠦᠪᠡᠷᠲᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠦᠨᠳᠦᠰᠦᠯᠡᠨ ᠰᠢᠯᠢ ᠶᠢᠨ ᠭᠤᠤᠯ | ᠠᠶᠢᠮᠠᠭ ᠭᠠᠵᠠᠷ ᠤᠷᠤᠨ ᠤ ᠬᠦᠭᠵᠢᠯᠲᠡ ᠶᠢᠨ ᠪᠤᠳᠠᠲᠠᠢ ᠲᠠᠢ ᠪᠠᠨ ᠤᠶᠠᠯᠳᠤᠭᠤᠯᠤᠨ᠂ ᠲᠣᠰ ᠠᠷᠭ᠎ᠠ ᠳᠤ ᠵᠠᠰᠠᠪᠤᠷᠢ | ᠣᠷᠣᠭᠤᠯᠪᠠ᠃ | ᠨᠢᠭᠡᠳᠦᠭᠡᠷ ᠪᠦᠯᠦᠭ ᠳᠡᠳᠬᠦᠨ ᠳᠡᠮᠵᠢᠬᠦ ᠡᠲᠡᠭᠡᠳ ᠵᠢᠴᠢ ᠠᠭᠤᠯᠭ᠎ᠠ | ᠨᠢᠭᠡᠳᠦᠭᠡᠷ ᠵᠦᠢᠯ ᠳᠡᠳᠬᠦᠨ ᠳᠡᠮᠵᠢᠬᠦ ᠡᠲᠡᠭᠡᠳ | ᠮᠢᠬᠠᠨ ᠤ ᠦᠬᠡᠷ ᠮᠠᠯᠵᠢᠬᠤ ᠡᠷᠦᠬᠡ᠂ ᠮᠢᠬᠠᠨ ᠤ ᠦᠬᠡᠷ ᠤᠨ ᠭᠤᠣᠯᠳᠠᠯᠭᠠᠳᠣ ᠰᠦᠷᠦᠭ᠂ ᠦᠷ᠎ᠡ ᠶᠢᠨ | ᠮᠠᠯ ᠤᠨ ᠲᠠᠯᠠᠪᠠᠢ | ᠬᠤᠶᠠᠳᠤᠭᠠᠷ ᠵᠦᠢᠯ ᠲᠡᠳᠬᠦᠨ ᠳᠡᠮᠵᠢᠬᠦ ᠠᠭᠤᠯᠭ᠎ᠠ | ︵ᠨᠢᠭᠡ︶ ᠮᠢᠬᠠᠨ ᠤ ᠦᠬᠡᠷ ᠤᠨ ᠭᠤᠤᠯᠳᠠᠯᠭᠠᠲᠤ ᠰᠦᠷᠦᠭ ᠤᠨ ᠪᠠᠶᠢᠭᠤᠯᠤᠯᠲᠠ ᠶᠢ ᠳᠡᠮᠵᠢᠨ᠎ᠡ᠃ | ᠰᠢᠨ᠎ᠡ ᠪᠠᠷ ᠬᠢᠨᠠᠨ ᠲᠤᠭᠳᠠᠭᠠᠵᠦ ᠬᠢᠷᠢ ᠲᠡᠩᠴᠡᠭᠰᠡᠨ ᠠᠶᠢᠮᠠᠭ ᠤᠨ ᠳᠡᠰ ᠤᠨ ᠮᠢᠬᠠᠨ ᠤ ᠦᠬᠡᠷ ᠤᠨ ᠭᠤᠤᠯᠳᠠᠯᠭᠠᠲᠤ | ᠰᠦᠷᠦᠭ ᠢ ᠨᠢᠭᠡᠯᠡ ᠲᠡᠭᠡᠷ᠎ᠡ 3 ᠲᠦᠮᠡᠨ ᠲᠦᠭᠦᠷᠢᠭ ᠢᠶᠠᠷ ᠱᠠᠩᠨᠠᠵᠦ᠂ ᠲᠠᠬᠢᠨ ᠰᠢᠨ᠎ᠡ ᠪᠠᠷ ᠬᠢᠨᠠᠨ ᠲᠤᠭᠳᠠᠭᠠᠯ | ᠬᠢᠯᠬᠡᠭᠰᠡᠡ ᠢ ᠱᠠᠩᠨᠠᠬᠤ ᠦᠭᠡᠢ᠃ 2024 ᠣᠨ ᠠᠴᠠ ᠰᠡᠭᠦᠯᠡᠷ ᠥᠷᠲᠡᠭᠡᠨ ᠤ ᠦᠷ᠎ᠡ ᠶᠢ ᠭᠡᠷᠡᠭᠯᠡᠵᠦ ᠦᠷ᠎ᠡ ᠶᠢᠨ | ᠮᠠᠯ ᠪᠤᠶᠢᠵᠢᠭᠤᠯᠤᠭᠰᠠᠨ ᠤᠯᠤᠰ ᠤᠨ ᠲᠡᠰ ᠤᠨ ᠡᠭᠦᠯᠳᠡᠷ ᠪᠤᠶᠢᠵᠢᠭᠤᠯᠬᠤ ᠭᠤᠤᠯᠳᠠᠯᠭᠠᠳᠤ ᠲᠠᠯᠠᠪᠠᠶ ᠶᠢᠨ ᠦᠬᠡᠷ | ᠪᠦᠷᠢ ᠳᠤ ᠨᠢᠭᠡᠯᠠ ᠲᠡᠭᠡᠷ᠎ᠡ 2 ᠲᠦᠮᠡᠨ ᠲᠥᠭᠦᠷᠢᠭ ᠤᠨ ᠨᠥᠬᠦᠪᠥᠷᠢ ᠥᠭᠴᠦ᠂ ᠰᠢᠨ᠎ᠡ ᠪᠠᠷ ᠥᠪᠡᠷᠲᠡᠭᠡᠨ ᠵᠠᠰᠠᠬᠤ | ᠣᠷᠣᠨ ᠤ ᠲᠡᠰ ᠤᠨ ᠮᠢᠬᠠᠨ ᠤ ᠦᠬᠡᠷ ᠤᠨ ᠡᠭᠦᠯᠳᠡᠷ ᠪᠤᠶᠢᠵᠢᠭᠤᠯᠬᠤ ᠭᠤᠤᠯᠳᠠᠯᠭᠠᠲᠤ ᠲᠠᠯᠠᠪᠠᠶ ᠪᠠᠷ ᠦᠨᠡᠯᠡᠭᠳᠡᠪᠡᠯ | ᠨᠢᠭᠡᠯᠡ ᠲᠡᠭᠡᠷ᠎ᠡ 20 ᠲᠦᠮᠡᠨ ᠲᠥᠭᠦᠷᠢᠭ ᠢᠶᠠᠷ ᠱᠠᠩᠨᠠᠨ᠎ᠠ᠃ ᠰᠢᠨ᠎ᠡ ᠪᠠᠷ ᠤᠯᠤᠰ ᠤᠨ ᠲᠡᠰ ᠤᠨ ᠮᠢᠬᠠᠨ ᠤ | ᠦᠬᠡᠷ ᠤᠨ ᠡᠭᠦᠯᠳᠡᠷ ᠪᠤᠶᠢᠵᠢᠭᠤᠯᠬᠤ ᠭᠤᠤᠯᠳᠠᠯᠭᠠᠳᠤ ᠲᠠᠯᠠᠪᠠᠶ ᠪᠠᠷ ᠦᠨᠡᠯᠡᠭᠳᠡᠪᠡᠯ ᠨᠢᠭᠡᠯᠡ ᠲᠡᠭᠡᠷ᠎ᠡ 100 ᠲᠦᠮᠡᠨ | ᠲᠥᠭᠦᠷᠢᠭ ᠢᠶᠠᠷ ᠱᠠᠩᠨᠠᠨ᠎ᠠ᠃ ᠰᠢᠨ᠎ᠡ ᠪᠠᠷ ᠤᠯᠤᠰ ᠤᠨ ᠲᠠᠰ ᠤᠨ ᠮᠢᠬᠠᠨ ᠤ ᠦᠬᠡᠷ ᠤᠨ ᠤᠳᠤᠮᠯᠠᠯ ᠤᠨ ᠡᠬᠢ | ᠪᠠᠶᠠᠯᠢᠭ ᠤᠨ ᠡᠭᠦᠯᠳᠡᠷ ᠬᠠᠮᠠᠭᠠᠯᠠᠬᠤ ᠲᠠᠯᠠᠪᠠᠶ ︵ᠲᠣᠭᠤᠷᠢᠭ︶ ᠪᠠᠷ ᠦᠨᠡᠯᠡᠭᠳᠡᠪᠡᠯ ᠨᠢᠭᠡᠯᠡ ᠲᠡᠭᠡᠷ᠎ᠡ 30 ᠲᠦᠮᠡᠨ | ᠲᠥᠭᠦᠷᠢᠭ ᠢᠶᠠᠷ ᠱᠠᠩᠨᠠᠨ᠎ᠠ᠃ | ︵ᠬᠤᠶᠠᠷ︶ ᠮᠢᠬᠠᠨ ᠤ ᠦᠬᠡᠷ ᠤᠨ ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ ᠠᠵᠢᠯ ᠢ ᠳᠡᠮᠵᠢᠨ᠎ᠡ᠃ | ᠠᠶᠢᠮᠠᠭ ᠤᠨ ᠱᠠᠲᠤᠨ ᠤ ᠡᠳ᠋ ᠤᠨ ᠵᠠᠰᠠᠭ ᠠᠴᠠ ᠵᠢᠯ ᠪᠦᠷᠢ 1300 ᠲᠦᠮᠡᠨ ᠲᠥᠭᠦᠷᠢᠭ ᠣᠷᠴᠢᠮ ᠤᠨ ᠲᠤᠰᠬᠠᠶ | ᠲᠦᠷᠦᠯ ᠤᠨ ᠪᠠᠯᠠ ᠮᠥᠩᠭᠦ ᠣᠷᠣᠭᠤᠯᠵᠤ᠂ ᠤᠯᠤᠰ ᠲᠤ ᠪᠠᠨ ᠦᠢᠯᠡᠳᠪᠦᠷᠢᠯᠡᠭᠰᠡᠨ ᠪᠠ ᠭᠠᠳᠠᠭᠠᠳᠤ ᠠᠴᠠ | ᠣᠷᠣᠭᠤᠯᠤᠭᠰᠠᠨ ᠴᠢᠨᠠᠷ ᠰᠠᠶᠢᠲᠠᠶ ᠢᠴᠡᠭᠡᠯ ᠦᠷ᠎ᠡ᠂ ᠰᠢᠩᠭᠡᠨ ᠠᠽᠣᠲ᠂ ᠰᠢᠩᠭᠡᠨ ᠠᠽᠣᠲ ᠤᠨ ᠰᠠᠪᠠ᠂ ᠢᠴᠡᠭᠡᠯ | ᠦᠷ᠎ᠡ ᠶᠢᠨ ᠭᠡᠭᠡᠯᠳᠦᠬᠦᠯᠭᠡ ᠶᠢᠨ ᠪᠠᠭᠠᠵᠢ ᠲᠥᠬᠦᠭᠡᠷᠦᠮᠵᠢ ᠶᠢ ᠬᠤᠳᠠᠯᠳᠤᠨ ᠠᠪᠬᠤ ᠪᠠ ᠠᠶᠢᠮᠠᠭ ᠬᠤᠰᠢᠭᠤ ᠬᠤᠶᠠᠷ | ᠱᠠᠲᠤᠨ ᠤ ᠲᠣᠬᠠᠶᠢᠯᠠᠭᠰᠠᠨ ᠠᠵᠢᠯ ᠤᠨ ᠵᠠᠷᠤᠳᠠᠯ ᠳᠤ ᠭᠡᠷᠡᠭᠯᠡᠨ᠎ᠡ᠃ ᠭᠠᠳᠠᠭᠠᠳᠤ ᠠᠴᠠ ᠣᠷᠣᠭᠤᠯᠤᠭᠰᠠᠨ ᠢᠴᠡᠭᠡᠯ | ᠦᠷ᠎ᠡ ᠪᠦᠷᠢ ᠳᠤ 30 ᠲᠥᠭᠦᠷᠢᠭ ᠤᠨ ᠨᠥᠬᠦᠪᠥᠷᠢ ᠥᠭᠴᠦ᠂ ᠤᠯᠤᠰ ᠲᠤ ᠪᠠᠨ ᠦᠢᠯᠡᠳᠪᠦᠷᠢᠯᠡᠭᠰᠡᠨ ᠢᠴᠡᠭᠡᠯ | ᠦᠷ᠎ᠡ ᠪᠦ᠋ᠷᠢ ᠳᠤ 10 ᠲᠥᠭᠦᠷᠢᠭ ᠤᠨ ᠨᠥᠬᠦᠪᠥᠷᠢ ᠥᠭᠭᠦᠨ᠎ᠡ᠃ | ︵ᠭᠤᠷᠪᠠ︶ ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ ᠪᠦᠷᠬᠦᠴᠡ ᠶᠢ ᠥᠷᠭᠡᠳᠭᠡᠬᠦ ᠶᠢ ᠳᠡᠮᠵᠢᠨ᠎ᠡ᠃ | ᠮᠠᠯᠵᠢᠬᠤ ᠣᠷᠣᠨ ᠳᠤ ᠭᠠᠴᠠᠭ᠎ᠠ ᠪᠠᠷ ᠨᠢᠭᠡᠴᠢᠯᠡᠵᠦ ᠮᠢᠬᠠᠨ ᠤ ᠦᠬᠡᠷ ᠤᠨ ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ | ᠠᠵᠢᠯ ᠢ ᠪᠦᠬᠦᠯᠢ ᠴᠣᠭᠴᠠ ᠪᠠᠷ ᠨᠢ ᠳᠥᠯᠭᠢᠨ ᠠᠬᠢᠭᠤᠯᠬᠤ ᠶᠢ ᠵᠣᠷᠢᠭᠵᠢᠭᠤᠯᠤᠨ᠎ᠠ᠃ ᠡᠮᠦᠨ᠎ᠡ ᠬᠡᠰᠡᠭ ᠤᠨ | ᠮᠠᠯᠵᠢᠬᠤ ᠣᠷᠣᠨ ᠤ ᠢᠴᠡᠭᠡᠯ ᠦᠷ᠎ᠡ ᠶᠢᠨ ᠬᠡᠭᠡᠯᠲᠦᠭᠦᠯᠭᠡ ᠬᠢᠬᠦ ᠡᠬᠡ ᠮᠠᠯ ᠢ ᠲᠦᠯᠯᠡᠬᠦ ᠡᠬᠡ ᠮᠠᠯ ᠤᠨ 65% ᠠᠴᠠ | ᠳᠡᠭᠡᠭᠰᠢ ᠳᠤ ᠬᠦᠷᠭᠡᠵᠦ᠂ ᠬᠤᠶᠢᠨ᠎ᠠ ᠬᠡᠰᠡᠭ ᠪᠠ ᠪᠠᠷᠠᠭᠤᠨ ᠬᠡᠰᠡᠭ ᠤᠨ ᠭᠠᠵᠠᠷ ᠣᠷᠣᠨ ᠳᠤ 30% ᠠᠴᠠ | ᠳᠡᠭᠡᠭᠰᠢ ᠳᠤ ᠬᠦᠷᠭᠡᠬᠦ ᠮᠥᠷᠲᠡᠭᠡᠨ ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ ᠬᠠᠷᠢᠴᠠᠯ ᠢ ᠳᠡᠭᠡᠷ᠎ᠡ | ᠵᠢᠯ ᠤᠨ ᠬᠢ ᠠᠴᠠ 10% ᠠᠴᠠ ᠳᠡᠭᠡᠭᠰᠢ ᠳᠤ ᠬᠦᠷᠭᠡᠵᠦ᠂ ᠭᠠᠴᠠᠭᠠᠨ ᠤ ᠨᠠᠮ ᠤᠨ ᠡᠬᠦᠷ ᠠᠷᠠᠳ ᠤᠨ | ᠵᠦᠪᠯᠡᠯ ᠠᠴᠠ ᠨᠢᠭᠡᠳᠦᠯᠲᠡᠶ ᠵᠣᠬᠢᠶᠠᠨ ᠪᠠᠶᠢᠭᠤᠯᠵᠤ ᠠᠬᠢᠭᠤᠯᠤᠭᠰᠠᠨ ᠭᠠᠴᠠᠭᠠᠨ ᠳᠤ ᠨᠢᠭᠡᠯᠡ ᠲᠡᠭᠡᠷ᠎ᠡ 5 ᠲᠦᠮᠡᠨ | ᠲᠥᠭᠦᠷᠢᠭ ᠤᠨ ᠱᠠᠩᠨᠠᠯ ᠤᠯᠭᠤᠨ᠎ᠠ᠃ ᠬᠤᠰᠢᠭᠤ ᠰᠢᠶᠠᠨ ᠬᠤᠲᠠ ︵ᠤᠷᠤᠨ︶ ᠶᠢᠨ ᠠᠷᠠᠳ ᠤᠨ ᠵᠠᠰᠠᠭ ᠤᠨ | ᠣᠷᠳᠣᠨ ︵ᠬᠠᠮᠢᠶᠠᠷᠤᠯᠲᠠ ᠶᠢᠨ ᠵᠥᠪᠯᠡᠯ︶ ᠠᠴᠠ ᠪᠠᠲᠤᠯᠠᠨ ᠲᠠᠨᠢᠯᠴᠠᠭᠤᠯᠵᠤ ᠢᠯᠡ ᠨᠡᠶᠢᠲᠡᠯᠡᠨ᠂ ᠠᠶᠢᠮᠠᠭ ᠤᠨ | ᠱᠠᠲᠤᠨ ᠠᠴᠠ ᠬᠢᠨᠠᠨ ᠪᠠᠶᠢᠴᠠᠭᠠᠵᠦ ᠰᠢᠯᠭᠠᠨ ᠠᠪᠴᠦ᠂ ᠱᠠᠭᠠᠷᠳᠠᠯᠭ᠎ᠠ ᠳᠤ ᠨᠡᠶᠢᠴᠡᠭᠰᠡᠨ ᠢ ᠱᠠᠩᠨᠠᠨ ᠬᠥᠬᠢᠭᠦᠯᠦᠨ᠎ᠡ᠃ | ︵ᠳᠥᠷᠪᠡ︶ ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠥᠷᠨᠢᠭᠦᠯᠬᠦ ᠶᠢ | ᠳᠡᠮᠵᠢᠨ᠎ᠡ᠃ ᠡᠯ᠎ᠡ ᠲᠥᠷᠥᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠮᠢᠬᠠᠨ ᠤ | ᠦᠬᠡᠷ ᠤᠨ ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠢᠯ ᠳᠤ | ᠤᠷᠤᠯᠴᠠᠬᠤ ᠶᠢ ᠵᠤᠷᠢᠭᠵᠢᠭᠤᠯᠵᠤ᠂ ᠮᠠᠯᠵᠢᠬᠤ ᠣᠷᠣᠨ ᠳᠤ ᠭᠠᠴᠠᠭ᠎ᠠ ᠪᠠᠷ ᠨᠢᠭᠡᠴᠢᠯᠡᠵᠦ᠂ ᠢᠴᠡᠭᠡᠯ ᠦᠷ᠎ᠡ ᠶᠢᠨ | ᠭᠡᠭᠡᠯᠳᠦᠬᠦᠯᠭᠡ ᠬᠢᠭᠰᠡᠨ ᠡᠬᠡ ᠮᠠᠯ ᠤᠨ ᠲᠤᠭ᠎ᠠ 500 ᠠᠴᠠ ᠳᠡᠭᠡᠭᠰᠢ ᠪᠤᠶᠤ ᠢᠴᠡᠭᠡᠯ ᠦᠷ᠎ᠡ ᠶᠢᠨ ᠭᠡᠭᠡᠯᠳᠦᠬᠦᠯᠭᠡ | ᠬᠢᠭᠰᠡᠨ ᠬᠠᠷᠢᠴᠠᠯ ᠲᠦᠯᠯᠡᠬᠦ ᠡᠬᠡ ᠮᠠᠯ ᠤᠨ 30% ᠠᠴᠠ ᠳᠡᠭᠡᠭᠰᠢ ᠶᠢ ᠡᠵᠡᠯᠡᠭᠰᠡᠨ ᠮᠥᠷᠲᠡᠭᠡᠨ ᠬᠡᠭᠡᠯ ᠲᠤᠭᠳᠠᠭᠰᠠᠨ | ᠨᠤᠷᠮ᠎ᠠ ᠨᠢ 85% ᠠᠴᠠ ᠳᠡᠭᠡᠭᠰᠢ ᠳᠤ ᠬᠦᠷᠦᠭᠰᠡᠨ ᠪᠣᠯ᠂ ︽ᠮᠠᠯᠵᠢᠬᠤ ᠡᠷᠥᠭᠡ ᠳᠤ ᠬᠦᠷᠴᠦ ᠦᠵᠡᠬᠦ᠂ ᠲᠤᠭᠤᠯ ᠢ | ᠦᠵᠡᠬᠦ᠂ ᠳᠠᠩᠰᠠ ᠡᠪᠬᠡᠮᠡᠯ ᠢ ᠦᠵᠡᠬᠦ︾ ᠠᠷᠭ᠎ᠠ ᠮᠠᠶᠢᠭ ᠢ ᠠᠪᠴᠤ᠂ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ | ᠮᠥᠴᠢᠷ ᠢᠶᠠᠷ ᠰᠢᠯᠭᠠᠨ ᠠᠪᠣᠭᠰᠠᠨ ᠤ ᠳᠠᠷᠠᠭ᠎ᠠ᠂ ᠨᠥᠬᠦᠴᠡᠯ ᠳᠤ ᠨᠡᠶᠢᠴᠡᠬᠦ ᠨᠡᠶᠢᠭᠡᠮᠴᠢᠯᠡᠭᠰᠡᠨ ᠦᠢᠯᠡᠴᠢᠯᠡᠭᠡᠨ ᠤ | ᠭᠤᠣᠯ ᠴᠣᠭᠴᠠ ᠳᠤ ᠲᠤᠭᠤᠯ ᠪᠦᠷᠢ ᠳᠤ 100 ᠲᠥᠭᠦᠷᠢᠭ ᠤᠨ ᠨᠥᠬᠦᠪᠥᠷᠢ ᠣᠯᠭᠤᠨ᠎ᠠ᠃ | ︵ᠲᠠᠪᠤ︶ ᠮᠢᠬᠠᠨ ᠤ ᠦᠬᠡᠷ ᠤᠨ ᠬᠦᠪᠦᠷᠡᠯ ᠰᠢᠯᠵᠢᠭᠦᠯᠬᠦ ᠶᠢ ᠳᠡᠮᠵᠢᠨ᠎ᠡ᠃ ᠠᠶᠢᠮᠠᠭ ᠤᠨ ᠳᠣᠲᠣᠷᠠᠬᠢ ᠦᠷ᠎ᠡ | ᠶᠢᠨ ᠮᠠᠯ ᠤᠨ ᠲᠠᠯᠠᠪᠠᠶ ᠠᠴᠠ ᠮᠢᠬᠠᠨ ᠤ ᠦᠬᠡᠷ ᠲᠡᠵᠢᠭᠡᠨ ᠦᠷᠡᠵᠢᠭᠦᠯᠬᠦ ᠲᠠᠯᠠᠪᠠᠶ ︵ᠬᠡᠪᠴᠢᠶᠡᠵᠢᠭᠰᠡᠨ ᠲᠡᠵᠢᠭᠡᠨ | ᠦᠷᠡᠵᠢᠭᠦᠯᠬᠦ ᠡᠷᠦᠬᠡ᠂ ᠬᠤᠷᠰᠢᠶᠠᠵᠢᠯ᠂ ᠠᠵᠤ ᠠᠬᠤᠶᠢᠯᠠᠯ︶ ᠳᠤ ᠬᠦᠪᠦᠷᠡᠯ ᠰᠢᠯᠵᠢᠭᠦᠯᠬᠦ ᠦᠢᠯᠡᠴᠢᠯᠡᠭᠡ | ᠬᠠᠩᠭᠠᠬᠤ ᠶᠢ ᠵᠣᠷᠢᠭᠵᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠤᠨ ᠰᠢᠯᠭᠠᠨ ᠠᠪᠬᠤ ᠶᠢ | ᠳᠡᠮᠵᠢᠨ᠂ ᠬᠡᠭᠡᠯ ᠲᠤᠭᠳᠠᠬᠤ ᠨᠣᠷᠮ᠎ᠠ ᠶᠢ 45% ᠠᠴᠠ ᠳᠡᠭᠡᠭᠰᠢ ᠳᠤ ᠬᠦᠷᠭᠡᠵᠦ᠂ ︽ᠲᠡᠵᠢᠭᠡᠨ ᠦᠷᠡᠵᠢᠭᠦᠯᠬᠦ | ᠲᠠᠯᠠᠪᠠᠶ ᠳᠤ ᠬᠦᠷᠴᠦ ᠦᠵᠡᠬᠦ᠂ ᠲᠤᠭᠤᠯ ᠢ ᠦᠵᠡᠬᠦ᠂ ᠲᠠᠩᠰᠠ ᠡᠪᠬᠡᠮᠡᠯ ᠢ ᠦᠵᠡᠬᠦ︾ ᠪᠠᠷ ᠳᠠᠮᠵᠢᠭᠤᠯᠤᠨ᠂ | ᠮᠢᠬᠠᠨ ᠤ ᠦᠬᠡᠷ ᠲᠡᠵᠢᠭᠡᠨ ᠦᠷᠡᠵᠢᠭᠦᠯᠬᠦ ᠲᠠᠯᠠᠪᠠᠶ ᠶᠢᠨ ᠬᠦᠪᠦᠷᠡᠯ ᠰᠢᠯᠵᠢᠭᠦᠯᠦᠭᠰᠡᠨ ᠲᠤᠭᠤᠯ ᠪᠦᠷᠢ ᠳᠤ ᠨᠢᠭᠡᠯᠡ | ᠲᠡᠭᠡᠷ᠎ᠡ 2000 ᠲᠥᠭᠦᠷᠢᠭ ᠤᠨ ᠨᠥᠬᠦᠪᠥᠷᠢ ᠤᠯᠭᠤᠨ᠎ᠠ᠃ ᠨᠥᠬᠦᠪᠥᠷᠢ ᠲᠠᠢ ᠦᠬᠢᠨ ᠲᠤᠭᠤᠯ ᠢ 4 ᠵᠢᠯ ᠤᠨ | ᠳᠣᠲᠣᠷ᠎ᠠ ᠬᠤᠳᠠᠯᠳᠤᠵᠤ ᠪᠣᠯᠬᠤ ᠥᠭᠡᠢ᠂ ᠦᠨᠡᠨᠬᠦ ᠬᠤᠳᠠᠯᠳᠤᠬᠤ ᠴᠢᠬᠤᠯᠠᠳᠠᠢ ᠪᠤᠶᠤ ᠰᠢᠢᠳᠪᠦᠷᠢᠯᠡᠬᠦ ᠴᠢᠬᠤᠯᠠᠲᠠᠶ | ᠪᠣᠯ ᠬᠤᠰᠢᠭᠤ ᠰᠢᠶᠠᠨ ᠬᠤᠳᠠ ︵ᠤᠷᠤᠨ︶ ᠶᠢᠨ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠢᠶᠠᠷ | ᠵᠥᠪᠰᠢᠶᠡᠷᠡᠭᠦᠯᠬᠦ ᠶᠢᠨ ᠬᠠᠮᠲᠤ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠠᠴᠠ ᠡᠳ᠋ ᠤᠨ ᠵᠠᠰᠠᠭ ᠤᠨ | ᠰᠠᠯᠠᠭ᠎ᠠ ᠮᠥᠴᠢᠷ ᠲᠠᠢ ᠬᠠᠮᠲᠤᠷᠠᠨ ᠬᠠᠮᠢᠶ᠎ᠠ ᠪᠦᠬᠦᠢ ᠨᠥᠬᠦᠪᠥᠷᠢ ᠮᠥᠩᠭᠦ ᠶᠢ ᠪᠤᠴᠠᠭᠠᠨ ᠠᠪᠤᠨ᠎ᠠ᠃ | ᠬᠤᠶᠠᠳᠤᠭᠠᠷ ᠪᠦᠯᠦᠭ ᠪᠡᠯᠡ ᠮᠦᠩᠭᠦᠨ ᠤ ᠲᠣᠬᠢᠷᠠᠭᠤᠯᠤᠯᠲᠠ | ᠭᠤᠷᠪᠠᠳᠤᠭᠠᠷ ᠵᠦᠢᠯ ᠪᠡᠯᠡ ᠮᠦᠩᠭᠦᠨ ᠤ ᠠᠷᠭ᠎ᠠ ᠵᠠᠮ᠃ ᠤᠯᠤᠰ᠂ ᠥᠪᠡᠷᠲᠡᠭᠡᠨ ᠵᠠᠰᠠᠬᠤ ᠣᠷᠣᠨ ᠤ | ᠲᠤᠰᠬᠠᠶ ᠲᠦᠷᠦᠯ ᠤᠨ ᠳᠡᠳᠬᠦᠨ ᠳᠡᠮᠵᠢᠬᠦ ᠲᠥᠷᠥ ᠶᠢᠨ ᠪᠣᠳᠣᠯᠭ᠎ᠠ ᠵᠢᠴᠢ ᠲᠥᠷᠥᠯ ᠵᠦᠢᠯ ᠤᠨ ᠪᠠᠯᠠ ᠮᠥᠩᠭᠦ ᠠᠴᠠ | ᠭᠠᠳᠠᠨ᠎ᠠ᠂ ᠲᠣᠰ ᠠᠷᠭ᠎ᠠ ᠳᠤ ᠬᠤᠯᠪᠣᠭᠳᠠᠬᠤ ᠳᠡᠳᠬᠦᠨ ᠳᠡᠮᠵᠢᠬᠦ ᠪᠠᠯᠠ ᠮᠥᠩᠭᠦ ᠶᠢ ᠠᠶᠢᠮᠠᠭ ᠤᠨ ᠱᠠᠲᠤᠨ ᠠᠴᠠ | ᠡᠭᠦᠷᠭᠡᠯᠡᠨ᠎ᠡ᠃ ᠡᠯ᠎ᠡ ᠬᠤᠰᠢᠭᠤ ᠰᠢᠶᠠᠨ ᠬᠤᠲᠠ ︵ᠣᠷᠣᠨ︶ ᠨᠢ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ | ᠳᠣᠭᠢᠷᠠᠭᠤᠯᠤᠨ ᠳᠡᠳᠬᠦᠨ ᠳᠡᠮᠵᠢᠬᠦ ᠲᠥᠷᠥ ᠶᠢᠨ ᠪᠣᠳᠣᠯᠭ᠎ᠠ ᠲᠣᠭᠳᠠᠭᠠᠵᠣ᠂ ᠢᠵᠢ ᠪᠥᠷᠢᠳᠦᠭᠦᠯᠬᠦ ᠪᠠᠯᠠ ᠮᠥᠩᠭᠦ | ᠳᠣᠭᠢᠷᠠᠭᠤᠯᠤᠨ᠂ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠬᠥᠭᠵᠢᠯᠲᠡ ᠶᠢ ᠳᠡᠳᠬᠦᠨ ᠳᠡᠮᠵᠢᠬᠦ ᠳᠤ | ᠭᠡᠷᠡᠭᠯᠡᠨ᠎ᠡ᠃ ᠲᠣᠰ ᠳᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠤᠯᠤᠰ᠂ ᠥᠪᠡᠷᠲᠡᠭᠡᠨ ᠵᠠᠰᠠᠬᠤ ᠣᠷᠣᠨ ᠤ | ᠮᠠᠯᠴᠢᠨ ᠲᠠᠷᠢᠶᠠᠴᠢᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢᠨ ︽ | ᠬᠠᠮᠤᠭ ᠦᠨᠳᠣᠷ ᠨᠦᠬᠦᠪᠦᠷᠢ ᠶᠢᠨ ᠪᠠᠷᠢᠮᠵᠢᠶ᠎ᠠ ᠶᠢ ᠰᠣᠩᠭᠤᠬᠤ︾ ᠵᠠᠷᠴᠢᠮ ᠢᠶᠠᠷ ᠬᠡᠷᠡᠭᠵᠢᠭᠦᠯᠦᠨ᠎ᠡ᠃ | ᠳᠥᠷᠪᠡᠳᠦᠭᠡᠷ ᠵᠦᠢᠯ ᠪᠡᠯᠡ ᠮᠦᠩᠭᠦᠨ ᠤ ᠬᠠᠮᠢᠶᠠᠷᠤᠯᠲᠠ᠃ ᠬᠤᠰᠢᠭᠤ ᠰᠢᠶᠠᠨ ᠬᠤᠲᠠ ︵ᠣᠷᠣᠨ︶ ᠶᠢᠨ | ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠲᠡᠳᠬᠦᠨ ᠳᠡᠮᠵᠢᠬᠦ ᠪᠠᠯᠠ ᠮᠦᠩᠭᠦᠨ ᠤ ᠬᠠᠮᠢᠶᠠᠷᠤᠯᠲᠠ ᠪᠠᠨ | ᠴᠢᠩᠭᠠᠳᠬᠠᠵᠤ᠂ ︽ᠲᠤᠰᠬᠠᠶ ᠵᠣᠭᠤᠰ ᠢᠶᠠᠷ ᠲᠣᠭᠠᠴᠠᠭ᠎ᠠ ᠬᠢᠬᠦ᠂ ᠲᠤᠰᠬᠠᠶ ᠵᠣᠭᠤᠰ ᠢ ᠲᠤᠰᠬᠠᠶ ᠵᠦᠢᠯ ᠳᠤ | ᠬᠡᠷᠡᠭᠯᠡᠬᠦ︾ ᠶᠢ ᠦᠨᠡᠨᠬᠦ ᠪᠠᠳᠣᠯᠠᠨ᠎ᠠ᠃ ᠠᠶᠢᠮᠠᠭ ᠬᠤᠰᠢᠭᠤ ᠬᠤᠶᠠᠷ ᠱᠠᠲᠤᠨ ᠤ ᠡᠳ᠋ ᠤᠨ ᠵᠠᠰᠠᠭ᠂ ᠬᠢᠨᠠᠨ ᠪᠤᠳᠤᠬᠤ | ᠵᠡᠷᠭᠡ ᠰᠠᠯᠠᠭ᠎ᠠ ᠮᠥᠴᠢᠷ ᠤᠳ ᠱᠠᠯᠠᠪᠳᠠᠭᠤᠯᠣᠨ ᠪᠠᠶᠢᠴᠠᠭᠠᠵᠤ ᠬᠢᠨᠠᠨ ᠬᠠᠮᠢᠶᠠᠷᠬᠤ ᠪᠠᠨ ᠴᠢᠩᠭᠠᠳᠬᠠᠵᠤ᠂ ᠳᠡᠳᠬᠦᠨ | ᠳᠡᠮᠵᠢᠬᠦ ᠲᠥᠷᠥ ᠶᠢᠨ ᠪᠣᠳᠣᠯᠭ᠎ᠠ ᠶᠢ ᠪᠦᠲᠦᠮᠵᠢᠲᠡᠶ ᠨᠠᠶᠢᠳᠠᠪᠤᠷᠢᠵᠢᠭᠤᠯᠵᠤ᠂ ᠪᠠᠯᠠ ᠮᠥᠩᠭᠦ ᠶᠢ ᠵᠢᠷᠤᠮᠵᠢᠯ ᠲᠠᠢ | ᠬᠡᠷᠡᠭᠯᠡᠬᠦ ᠶᠢ ᠦᠨᠡᠨᠬᠦ ᠪᠠᠲᠤᠯᠠᠵᠤ᠂ ᠲᠥᠷᠥᠯ ᠵᠦᠢᠯ ᠤᠨ ᠪᠠᠯᠠ ᠮᠥᠩᠭᠦ ᠶᠢ ᠮᠡᠬᠡᠯᠡᠨ ᠠᠪᠬᠤ᠂ ᠲᠦᠷᠢᠮᠡᠬᠡᠶᠢᠯᠡᠨ | ᠡᠵᠡᠯᠡᠬᠦ᠂ ᠰᠢᠯᠵᠢᠭᠦᠯᠦᠨ ᠬᠡᠷᠡᠭᠯᠡᠬᠦ᠂ ᠰᠠᠭᠤᠳᠬᠠᠵᠣ ᠠᠪᠬᠤ ᠦᠵᠡᠭᠳᠡᠯ ᠭᠠᠷᠬᠤ ᠶᠢ ᠡᠷᠡᠰ ᠬᠤᠷᠢᠬᠯᠠᠨ᠎ᠠ᠃ | ᠭᠤᠷᠪᠠᠳᠤᠭᠠᠷ ᠪᠦᠯᠦᠭ ᠬᠢᠨᠠᠯᠲᠠ ᠬᠠᠮᠢᠶᠠᠷᠤᠯᠲᠠ | ᠲᠠᠪᠤᠳᠤᠭᠠᠷ ᠵᠦᠢᠯ ᠰᠢᠯᠢᠳᠡᠭ ᠡᠭᠦᠯᠳᠡᠷ ᠤᠨ ᠦᠬᠡᠷ ᠤᠨ ᠬᠠᠮᠢᠶᠠᠷᠤᠯᠲᠠ᠃ ᠠᠶᠢᠮᠠᠭ ᠬᠤᠰᠢᠭᠤ ᠬᠤᠶᠠᠷ | ᠱᠠᠲᠤᠨ ᠤ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠨᠢ ᠦᠷ᠎ᠡ ᠶᠢᠨ ᠮᠠᠯ ᠤᠨ ᠲᠠᠯᠠᠪᠠᠶ᠂ | ᠬᠡᠪᠴᠢᠶᠡᠵᠢᠭᠦᠯᠦᠭᠰᠡᠨ ᠮᠢᠬᠠᠨ ᠤ ᠦᠬᠡᠷ ᠲᠡᠵᠢᠭᠡᠨ ᠦᠷᠡᠵᠢᠭᠦᠯᠬᠦ ᠲᠠᠯᠠᠪᠠᠶ᠂ ᠮᠢᠬᠠᠨ ᠤ ᠦᠬᠡᠷ ᠤᠨ ᠭᠤᠤᠯᠳᠠᠯᠭᠠᠲᠤ | ᠰᠦᠷᠦᠭ ᠢᠶᠠᠷ ᠭᠤᠤᠯ ᠪᠣᠯᠭᠠᠵᠤ᠂ ᠵᠢᠯ ᠪᠦᠷᠢ ᠰᠢᠯᠢᠳᠡᠭ ᠡᠭᠦᠯᠳᠡᠷ ᠤᠨ ᠡᠬᠡ ᠮᠠᠯ ᠳᠤ ᠪᠠᠶᠢᠴᠠᠭᠠᠯᠲᠠ ᠬᠢᠵᠦ᠂ | ᠳᠡᠩᠰᠡᠯᠡᠨ ᠺᠠᠷᠲᠯᠠᠵᠤ᠂ ᠲᠣᠭᠠᠴᠢᠯᠠᠭᠰᠠᠨ ᠬᠠᠮᠢᠶᠠᠷᠤᠯᠲᠠ ᠬᠡᠷᠡᠭᠵᠢᠭᠦᠯᠦᠨ᠎ᠡ᠃ | ᠵᠢᠷᠭᠤᠳᠤᠭᠠᠷ ᠵᠦᠢᠯ ᠬᠢᠨᠠᠨ ᠲᠣᠭᠲᠠᠭᠠᠵᠤ ᠰᠢᠯᠭᠠᠨ ᠠᠪᠬᠤ᠃ ᠠᠶᠢᠮᠠᠭ ᠬᠤᠰᠢᠭᠤ ᠬᠤᠶᠠᠷ ᠱᠠᠲᠤᠨ ᠤ | ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠲᠦᠷᠦᠭᠦᠯᠡᠨ ᠡᠯ᠎ᠡ ᠵᠦᠢᠯ ᠤᠨ ᠬᠢᠨᠠᠨ ᠲᠣᠭᠲᠠᠭᠠᠵᠤ ᠰᠢᠯᠭᠠᠨ | ᠠᠪᠬᠤ ᠠᠵᠢᠯ ᠥᠷᠨᠢᠭᠦᠯᠦᠨ᠎ᠡ᠃ | ︵ᠨᠢᠭᠡ︶ ᠭᠤᠤᠯᠳᠠᠯᠭᠠᠲᠤ ᠰᠦᠷᠦᠭ ᠢ ᠰᠢᠯᠭᠠᠨ ᠠᠪᠬᠤ᠃ ᠡᠯ᠎ᠡ ᠬᠤᠰᠢᠭᠤ ᠰᠢᠶᠠᠨ ᠬᠤᠲᠠ ︵ᠣᠷᠣᠨ︶ | ᠨᠢ ︽ᠰᠢᠯᠢ ᠶᠢᠨ ᠭᠤᠤᠯ ᠠᠶᠢᠮᠠᠭ ᠤᠨ ᠮᠢᠬᠠᠨ ᠤ ᠦᠬᠡᠷ ᠤᠨ ᠭᠤᠤᠯᠳᠠᠯᠭᠠᠲᠤ ᠰᠦᠷᠦᠭ ᠤᠨ ᠪᠠᠶᠢᠭᠤᠯᠤᠯᠲᠠ ᠶᠢᠨ | ᠪᠠᠷᠢᠮᠵᠢᠶ᠎ᠠ︾ ᠶᠣᠰᠣᠭᠠᠷ ᠭᠤᠤᠯᠳᠠᠯᠭᠠᠲᠤ ᠰᠦᠷᠦᠭ ᠢᠶᠠᠷ ᠭᠤᠶᠤᠴᠢᠯᠠᠭᠰᠠᠨ ᠲᠡᠵᠢᠭᠡᠨ ᠦᠷᠡᠵᠢᠭᠦᠯᠬᠦ ᠡᠷᠦᠬᠡ ︵ | ᠲᠠᠯᠠᠪᠠᠶ︶ ᠶᠢ ᠠᠩᠬ᠎ᠠ ᠠᠯᠬᠤᠮ ᠰᠢᠯᠭᠠᠨ ᠪᠠᠶᠢᠴᠠᠭᠠᠬᠤ ᠶᠢᠨ ᠬᠠᠮᠲᠤ᠂ ᠠᠩᠬ᠎ᠠ ᠠᠯᠬᠤᠮ ᠰᠢᠯᠭᠠᠨ ᠪᠠᠶᠢᠴᠠᠭᠠᠭᠰᠠᠨ | ᠦᠷ᠎ᠡ ᠳ᠋ᠦᠩ ᠢᠶᠠᠨ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠣᠰᠬᠤᠨ ᠮᠠᠯᠵᠢᠬᠤ ᠣᠷᠣᠨ ᠤ | ᠲᠣᠪᠴᠢᠶᠠᠨ ᠳᠤ ᠮᠡᠳᠡᠭᠦᠯᠦᠨ ᠰᠢᠯᠭᠠᠨ ᠠᠪᠤᠭᠤᠯᠬᠤ ᠪᠠᠷ ᠭᠤᠶᠤᠴᠢᠯᠠᠨ᠎ᠠ︔ ᠠᠶᠢᠮᠠᠭ ᠤᠨ ᠲᠠᠷᠢᠶᠠᠯᠠᠩ ᠮᠠᠯ ᠠᠵᠤ | ᠠᠬᠤᠶ ᠶᠢᠨ ᠰᠠᠯᠠᠭ᠎ᠠ ᠮᠥᠴᠢᠷ ᠨᠢ ᠲᠤᠰᠬᠠᠶ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠵᠤ᠂ ᠲᠤᠬᠠᠶ ᠶᠢᠨ | ᠭᠠᠵᠠᠷ ᠲᠤᠨᠢ ᠪᠠᠶᠢᠴᠠᠭᠠᠨ ᠦᠵᠡᠨ ᠰᠢᠯᠭᠠᠨ ᠠᠪᠴᠤ᠂ ᠰᠢᠯᠭᠠᠨ ᠠᠪᠤᠭᠰᠠᠨ ᠦᠷ᠎ᠡ ᠳ᠋ᠦᠩ ᠢᠶᠠᠨ ᠨᠡᠶᠢᠭᠡᠮ | ᠨᠡᠶᠢᠲᠡ ᠳᠤ ᠨᠡᠶᠢᠲᠡᠯᠡᠵᠦ᠂ ᠨᠥᠬᠦᠴᠡᠯ ᠳᠤ ᠨᠡᠶᠢᠴᠡᠪᠡᠯ ᠮᠢᠬᠠᠨ ᠤ ᠦᠬᠡᠷ ᠤᠨ ᠭᠤᠤᠯᠳᠠᠯᠭᠠᠲᠤ ᠰᠦᠷᠦᠭ ᠢᠶᠠᠷ | ᠲᠣᠭᠲᠠᠭᠠᠭᠰᠠᠨ ᠦᠨᠡᠮᠯᠡᠯ ᠢ ᠨᠢᠭᠡᠳᠦᠯᠲᠡᠶ ᠣᠯᠭᠤᠨ᠎ᠠ᠃ | ︵ᠬᠤᠶᠠᠷ︶ ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠭᠤᠣᠯ | ᠴᠣᠭᠴᠠ ᠶᠢ ᠰᠢᠯᠭᠠᠨ ᠠᠪᠬᠤ ᠃ ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ | ᠭᠤᠣᠯ ᠴᠣᠭᠴᠠ ᠳᠤ ᠪᠦᠷᠢᠳᠭᠡᠬᠦ ᠪᠠ ᠳᠠᠩᠰᠠᠯᠠᠭᠤᠯᠬᠤ ᠳᠦᠷᠢᠮ ᠢ ᠬᠡᠷᠡᠭᠵᠢᠭᠦᠯᠵᠦ᠂ ᠰᠠᠭᠤᠭ᠎ᠠ ᠬᠤᠰᠢᠭᠤ ᠰᠢᠶᠠᠨ | ᠬᠤᠲᠠ ︵ᠣᠷᠣᠨ︶ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ | ᠪᠦᠷᠢᠳᠭᠡᠭᠦᠯᠦᠨ ᠳᠡᠮᠳᠡᠭᠯᠡᠵᠣ᠂ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠲᠤ ᠳᠠᠩᠰᠠᠯᠠᠭᠤᠯᠤᠨ᠎ᠠ᠃ | ᠱᠠᠩᠨᠠᠬᠤ ᠨᠥᠬᠦᠴᠡᠯ ᠳᠤ ᠨᠡᠶᠢᠴᠡᠬᠦ ᠦᠢᠯᠡᠴᠢᠯᠡᠭᠡᠨ ᠤ ᠭᠤᠣᠯ ᠴᠣᠭᠴᠠ ᠨᠢ ᠰᠠᠶᠢᠨ ᠳᠤᠷ᠎ᠠ ᠠᠴᠠ ᠪᠠᠨ ᠰᠠᠭᠤᠭ᠎ᠠ | ᠬᠤᠰᠢᠭᠤ ᠰᠢᠶᠠᠨ ᠬᠤᠲᠠ ︵ᠣᠷᠣᠨ︶ ᠶᠢᠨ ᠢᠶᠠᠨ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠲᠤ | ᠭᠤᠶᠤᠴᠢᠯᠠᠯ ᠳᠡᠪᠰᠢᠭᠦᠯᠦᠨ᠎ᠡ᠃ ᠬᠤᠰᠢᠭᠤ ᠰᠢᠶᠠᠨ ᠬᠤᠲᠠ ︵ᠣᠷᠣᠨ︶ ᠶᠢᠨ ᠲᠠᠷᠢᠶᠠᠯᠠᠩ ᠮᠠᠯ ᠠᠵᠤ ᠠᠬᠤᠢ ᠶᠢᠨ | ᠰᠠᠯᠠᠭ᠎ᠠ ᠮᠥᠴᠢᠷ ᠨᠢ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠬᠠᠮᠲᠤᠷᠠᠨ ᠬᠢᠨᠠᠨ ᠪᠠᠶᠢᠴᠠᠭᠠᠬᠤ ᠪᠠ ᠲᠤᠬᠠᠢ ᠶᠢᠨ | ᠭᠠᠵᠠᠷ ᠲᠤᠨᠢ ᠬᠠᠷᠭᠤᠭᠤᠯᠤᠨ ᠪᠠᠶᠢᠴᠠᠭᠠᠬᠤ ᠠᠵᠢᠯ ᠬᠢᠵᠦ᠂ ᠬᠢᠨᠠᠨ ᠬᠠᠷᠭᠤᠭᠤᠯᠤᠭᠰᠠᠨ ᠰᠠᠨᠠᠯ ᠬᠢᠭᠡᠳ | ᠭᠤᠶᠤᠴᠢᠯᠠᠭᠰᠠᠨ ᠮᠠᠲ᠋ᠧᠷᠢᠶᠠᠯ ᠢᠶᠠᠨ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠣᠰᠬᠤᠨ ᠮᠠᠯᠵᠢᠬᠤ | ᠣᠷᠣᠨ ᠤ ᠲᠣᠪᠴᠢᠶᠠᠨ ᠳᠤ ᠮᠡᠳᠡᠭᠦᠯᠦᠨ ᠰᠢᠯᠭᠠᠨ ᠠᠪᠤᠭᠤᠯᠬᠤ ᠪᠠᠷ ᠭᠤᠶᠤᠴᠢᠯᠠᠨ᠎ᠠ᠃ ᠠᠶᠢᠮᠠᠭ ᠤᠨ ᠲᠠᠷᠢᠶᠠᠯᠠᠩ | ᠮᠠᠯ ᠠᠵᠤ ᠠᠬᠤᠢ ᠶᠢᠨ ᠰᠠᠯᠠᠭ᠎ᠠ ᠮᠥᠴᠢᠷ ᠨᠢ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠤᠬᠠᠢ ᠶᠢᠨ | ᠭᠠᠵᠠᠷ ᠲᠤᠨᠢ ᠪᠠᠶᠢᠴᠠᠭᠠᠨ ᠰᠢᠯᠭᠠᠬᠤ ᠪᠠ ᠮᠠᠲ᠋ᠧᠷᠢᠶᠠᠯ ᠬᠢᠨᠠᠨ ᠬᠠᠷᠭᠤᠭᠤᠯᠬᠤ ᠶᠢ ᠬᠠᠷᠢᠯᠴᠠᠨ ᠤᠶᠠᠯᠳᠤᠭᠤᠯᠬᠤ | ᠠᠷᠭ᠎ᠠ ᠮᠠᠶ᠋ᠢᠭ ᠢᠶᠠᠷ ᠦᠢᠯᠡᠴᠢᠯᠡᠭᠡᠨ ᠤ ᠭᠤᠣᠯ ᠴᠣᠭᠴᠠ ᠳᠤ ᠬᠢᠨᠠᠨ ᠲᠣᠭᠲᠠᠭᠠᠯᠲᠠ ᠬᠢᠨ᠎ᠡ᠃ ᠠᠶᠢᠮᠠᠭ ᠤᠨ | ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠨᠢ ︽ᠮᠢᠬᠠᠨ ᠤ ᠦᠬᠡᠷ ᠤᠨ ᠢᠴᠡᠭᠡᠯ ᠦᠷ᠎ᠡ ᠶᠢᠨ | ᠬᠡᠭᠡᠯᠲᠦᠭᠦᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠯᠭᠠᠨ ᠦᠨᠡᠯᠡᠬᠦ ᠨᠠᠷᠢᠨ ᠳᠦᠷᠢᠮ︾ ᠲᠣᠭᠲᠠᠭᠠᠨ᠎ᠠ᠃ | ᠳᠥᠷᠪᠡᠳᠦᠭᠡᠷ ᠪᠦᠯᠦᠭ ᠳᠠᠭᠠᠯᠳᠤᠭᠤᠯᠤᠭᠰᠠᠨ ᠳᠦᠷᠢᠮ | ᠳᠣᠯᠣᠳᠤᠭᠠᠷ ᠵᠦᠢᠯ ᠲᠤᠰ ᠳᠡᠳᠬᠦᠨ ᠳᠡᠮᠵᠢᠬᠦ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠂ ᠲᠤᠷᠰᠢᠨ ᠬᠡᠷᠡᠭᠵᠢᠭᠦᠯᠬᠦ ᠬᠤᠭᠤᠴᠠᠭ᠎ᠠ ᠨᠢ 1 ᠵᠢᠯ᠃ ᠤᠤᠯ ᠤᠨ ︽ᠰᠢᠯᠢ ᠶᠢᠨ ᠭᠤᠣᠯ | ᠠᠶᠢᠮᠠᠭ ᠤᠨ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠠᠵᠦ ᠦᠢᠯᠡᠰ ᠤᠨ ᠬᠦᠭᠵᠢᠯᠳᠡ ᠶᠢ ᠳᠡᠳᠬᠦᠨ ᠳᠡᠮᠵᠢᠬᠦ | ᠠᠷᠭ᠎ᠠ ︵2022 — 2023 ᠣᠨ︶︾ ︵ᠰᠢᠯᠢ ᠵᠠᠬᠢᠷᠭ᠎ᠠ ᠲᠠᠷᠬᠠᠭᠠᠭᠰᠠᠨ︹ 2022 ︺21 ᠳ᠋ᠣᠭᠡᠷ | ᠲᠣᠭᠠᠲᠤ︶ ᠶᠢ ᠵᠡᠷᠭᠡ ᠳᠤᠨᠢ ᠬᠦᠴᠦᠨ ᠥᠬᠡᠶ ᠪᠣᠯᠭᠠᠨ᠎ᠠ︔ ᠲᠣᠰ ᠠᠷᠭ᠎ᠠ ᠶᠢ ᠰᠢᠯᠢ ᠶᠢᠨ ᠭᠤᠤᠯ ᠠᠶᠢᠮᠠᠭ ᠤᠨ | ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠣᠰᠬᠤᠨ ᠮᠠᠯᠵᠢᠬᠤ ᠣᠷᠣᠨ ᠤ ᠲᠣᠪᠴᠢᠶᠠᠨ ᠠᠴᠠ ᠬᠠᠷᠢᠭᠤᠴᠠᠨ | ᠲᠠᠶᠢᠯᠪᠤᠷᠢᠯᠠᠨ᠎ᠠ᠃ | |