ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠬᠠᠭᠤᠴᠢ ᠰᠤᠳᠤᠯᠤᠯ ᠤᠨ | ᠬᠦᠷᠢᠶᠡᠯᠡᠩ ᠮᠠᠯᠲᠠᠵᠤ ᠭᠠᠷᠭᠠᠭᠰᠠᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠷᠢᠶ᠎ᠠ ᠭᠠᠵᠠᠷ ᠤᠨ ᠲᠡᠦᠬᠡ ᠶᠢᠨ | ᠳᠤᠷᠠᠰᠬᠠᠯᠲᠤ ᠵᠦᠢᠯᠡᠰ ᠤᠨ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠬᠤ ᠶᠣᠰᠣᠯᠠᠯ ᠲᠦᠷᠦᠬᠦᠬᠡᠨ | ᠬᠥᠬᠡᠬᠤᠲᠠ ᠳᠤ ᠶᠠᠪᠤᠭᠳᠠᠪᠠ᠃ ᠡᠨᠡ ᠪᠣᠯ ᠲᠤᠰ ᠬᠦᠷᠢᠶᠡᠯᠡᠩ ᠠᠩᠬ᠎ᠠ ᠤᠳᠠᠭ᠎ᠠ ᠰᠠᠨᠠᠭᠠᠴᠢᠯᠠᠭ᠎ᠠ ᠠᠴᠠ ᠪᠠᠨ | ᠲᠡᠤᠬᠡ ᠶᠢᠨ ᠳᠤᠷᠠᠰᠬᠠᠯᠲᠤ ᠵᠦᠢᠯᠡᠰ ᠢ ᠬᠠᠷᠢᠶ᠎ᠠ ᠭᠠᠵᠠᠷ ᠲᠤ ᠨᠢ ᠰᠢᠯᠵᠢᠭᠦᠯᠦᠨ ᠲᠤᠰᠢᠶᠠᠵᠤ ᠪᠠᠢᠭ᠎ᠠ ᠶᠠᠪᠤᠳᠠᠯ | ᠪᠤᠯᠬᠤ ᠶᠤᠮ᠃ | ᠲᠣᠰ ᠤᠳᠠᠭ᠎ᠠ ᠶᠢᠨ ᠰᠢᠯᠵᠢᠭᠦᠯᠦᠨ ᠲᠤᠰᠢᠶᠠᠭᠰᠠᠨ ᠲᠡᠦᠬᠡ ᠶᠢᠨ ᠳᠤᠷᠠᠰᠬᠠᠯᠲᠤ ᠵᠦᠢᠯᠡᠰ ᠪᠣᠯ 2023 ᠣᠨ | ᠤ 9 ᠰᠠᠷ᠎ᠠ ᠳᠤ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠭᠤᠴᠢ | ᠰᠤᠳᠤᠯᠤᠯ ᠤᠨ ᠬᠦᠷᠢᠶᠡᠯᠡᠩ ᠰᠢᠯᠢ ᠶᠢᠨ ᠬᠤᠳᠠ ᠶᠢᠨ ᠮᠣᠳᠣᠨ ᠮᠠᠯᠵᠢᠯ ᠤᠨ ᠲᠠᠯᠠᠪᠠᠶ ᠶᠢᠨ ᠯᠢᠶᠣᠤ ᠤᠯᠤᠰ ᠤᠨ | ᠣᠩᠭᠤᠨ ᠢ ᠠᠪᠤᠷᠠᠯᠳᠠ ᠶᠢᠨ ᠴᠢᠨᠠᠷᠲᠠᠢ ᠪᠠᠷ ᠠᠭᠤᠳᠠᠯᠤᠨ ᠮᠠᠯᠲᠠᠬᠤ ᠦᠶ᠎ᠠ ᠳᠤ ᠤᠯᠳᠠᠭᠰᠠᠨ ᠲᠡᠤᠬᠡ ᠶᠢᠨ | ᠲᠤᠷᠠᠰᠬᠠᠯᠳᠤ ᠵᠦᠢᠯᠡᠰ ᠪᠤᠯᠤᠨ᠎ᠠ᠃ ᠡᠭᠦᠨ ᠳᠤ ᠬᠠᠰ ᠡᠳ᠋ᠯᠡᠯ᠂ ᠵᠡᠰ ᠬᠡᠷᠡᠭᠰᠡᠯ ᠵᠡᠷᠭᠡ 12 ᠢᠵᠢ ᠪᠠᠶᠢᠵᠣ᠂ | ᠪᠦᠬᠦᠨ ᠢ ᠰᠢᠯᠢ ᠶᠢᠨ ᠬᠤᠳᠠ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠥᠪ ᠲᠤ | ᠰᠢᠯᠵᠢᠭᠦᠯᠦᠨ ᠥᠭᠴᠦ ᠬᠠᠮᠠᠭᠠᠯᠠᠯᠳᠠ᠂ ᠳᠡᠯᠭᠡᠨ ᠦᠵᠡᠭᠦᠯᠭᠡ ᠪᠠ ᠠᠰᠢᠭᠯᠠᠯᠳᠠ ᠳᠤ ᠤᠷᠤᠭᠤᠯᠪᠠ᠃ ᠤᠢᠯᠠᠭᠠᠭᠰᠠᠨ | ᠢᠶᠠᠷ᠂ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠬᠠᠭᠤᠴᠢ ᠰᠤᠳᠤᠯᠤᠯ ᠤᠨ | ᠬᠦᠷᠢᠶᠡᠯᠡᠩ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠢ | ᠬᠠᠮᠠᠭᠠᠯᠠᠬᠤ ᠬᠠᠤᠯᠢ︾ ᠶᠢ ᠦᠨᠳᠦᠰᠦᠯᠡᠨ ᠮᠠᠯᠲᠠᠵᠤ ᠭᠠᠷᠭᠠᠭᠰᠠᠨ ᠲᠡᠦᠬᠡ ᠶᠢᠨ ᠳᠤᠷᠠᠰᠬᠠᠯᠲᠤ ᠵᠦᠢᠯᠡᠰ ᠢ | ᠰᠢᠯᠵᠢᠭᠦᠯᠦᠨ ᠲᠤᠰᠢᠶᠠᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠵᠢᠯᠯᠠᠭᠠᠨ ᠤ ᠠᠷᠭ᠎ᠠ | ᠬᠡᠮᠵᠢᠶ᠎ᠡ ᠶᠢ ᠨᠠᠷᠢᠯᠢᠭᠵᠢᠭᠤᠯᠣᠨ᠂ ᠠᠭᠤᠳᠠᠯᠵᠦ ᠭᠠᠷᠭᠠᠭᠰᠠᠨ ᠲᠡᠦᠬᠡ ᠶᠢᠨ ᠳᠤᠷᠠᠰᠬᠠᠯᠲᠤ ᠵᠦᠢᠯᠡᠰ ᠢ ᠰᠢᠯᠵᠢᠭᠦᠯᠦᠨ | ᠲᠤᠰᠢᠶᠠᠬᠤ ᠠᠵᠢᠯ ᠤᠨ ᠵᠢᠷᠦᠮᠵᠢᠯᠲᠡ ᠶᠢ ᠠᠬᠢᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ | ᠢ ᠠᠮᠢᠳᠤᠯᠢᠭ ᠰᠠᠶᠢᠳᠣᠷ ᠬᠡᠷᠡᠭᠯᠡᠵᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠭᠡᠮ ᠤᠨ ᠦᠷ᠎ᠡ ᠠᠰᠢᠭ ᠢ | ᠭᠦᠢᠴᠡᠳ ᠪᠠᠳᠠᠷᠠᠭᠤᠯᠬᠤ ᠪᠣᠯᠣᠨ᠎ᠠ᠃ |