34 ᠳ᠋ᠤᠭᠡᠷ ᠬᠤᠭᠤᠴᠠᠭᠠᠨ ᠤ ᠲᠠᠯ᠎ᠠ ᠨᠤᠲᠤᠭ ᠤᠨ ᠨᠠᠭᠠᠳᠤᠮ ᠤᠨ ᠡᠯ᠎ᠠ ᠲᠠᠯ᠎ᠠ ᠶᠢᠨ ᠪᠡᠯᠡᠳᠬᠡᠯ ᠠᠵᠢᠯ ᠡᠮᠬᠢ ᠴᠡᠭᠴᠡᠳᠠᠢ ᠶᠠᠪᠤᠭᠳᠠᠵᠤ ᠪᠤᠢ
ᠨᠡᠶᠢᠲᠡᠯᠡᠭᠰᠡᠨ ᠴᠠᠭ᠄
2024/7/16
     ᠤᠶᠢᠯᠠᠭᠠᠭᠰᠠᠨ ᠢᠶᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 34 ᠳ᠋ᠤᠬᠡᠷ ᠬᠤᠭᠤᠴᠠᠭᠠᠨ ᠤ ᠲᠠᠯ᠎ᠠ ᠨᠤᠲᠤᠭ ᠤᠨ ᠨᠠᠭᠠᠳᠤᠮ 7 ᠰᠠᠷ᠎ᠠ  ᠎ ᠶᠢᠨ 14᠎ ᠤ ᠡᠳᠦᠷ ᠰᠢᠯᠢ  ᠎ ᠶᠢᠨ ᠭᠤᠣᠯ ᠠᠶᠢᠮᠠᠭ ᠤᠨ  ᠰᠢᠯᠢ ᠶᠢᠨ ᠬᠤᠳᠠ ᠳᠤ ᠡᠬᠢᠯᠡᠬᠦ ᠪᠠᠷ ᠪᠤᠯᠵᠤ᠂ ᠤᠳᠤᠬᠠᠨ ᠳᠤ ᠡᠯ᠎ᠠ ᠲᠠᠯ᠎ᠠ ᠶᠢᠨ ᠪᠡᠯᠡᠳᠬᠡᠯ ᠠᠵᠢᠯ ᠡᠮᠬᠢ ᠴᠡᠭᠴᠡᠳᠠᠢ ᠶᠠᠪᠤᠭᠳᠠᠵᠤ ᠪᠤᠢ᠃      ᠲᠤᠰ ᠤᠳᠠᠭ᠎ᠠ ᠶᠢᠨ ᠨᠠᠭᠠᠳᠤᠮ ︽ᠲᠠᠯ᠎ᠠ ᠨᠤᠲᠤᠭ ᠤᠨ ᠨᠠᠨᠳᠢᠨ ᠪᠤᠯᠵᠤᠭ᠎ᠠ ᠳᠠᠩᠰᠤᠭ ᠨᠠᠭᠠᠳᠤᠮ ᠤᠨ ᠪᠠᠶᠠᠷᠳᠦ ᠵᠤᠯᠭᠠᠯᠳᠠ︾᠎ ᠪᠠᠷ ᠭᠤᠣᠯ ᠰᠡᠳᠦᠪ ᠪᠣᠯᠭᠠᠨ ᠤᠨᠴᠠᠯᠢᠭᠳᠦ ᠦᠵᠡᠬᠦᠯᠬᠡ ᠲᠤᠭᠯᠠᠯᠳᠠ᠂ ᠡᠷ᠎ᠠ ᠶᠢᠨ ᠭᠤᠷᠪᠠᠨ ᠨᠠᠭᠠᠳᠤᠮ᠂ ᠱᠠᠭ᠎ᠠ ᠲᠤᠭᠯᠠᠭᠠᠮ᠂ ᠮᠤᠩᠭᠤᠯ ᠵᠠᠰᠠᠯ᠂ ᠠᠮᠳᠠᠳᠦ ᠢᠳᠡᠭᠡᠨ᠂ ᠤᠨᠴᠠᠯᠢᠭᠳᠦ ᠪᠡᠯᠡᠭ ᠵᠢᠴᠢ ᠵᠢᠭᠤᠯᠴᠢᠯᠠᠭᠰᠠᠳ ᠢ ᠵᠢᠭᠰᠠᠭᠠᠯ ᠤᠨ ᠡᠩᠨᠡᠭᠡ ᠳᠤ ᠤᠷᠤᠯᠴᠠᠭᠤᠯᠬᠤ ᠵᠡᠷᠭᠡ 10 ᠭᠠᠷᠤᠢ ᠲᠦᠷᠦᠯ ᠤᠨ ᠰᠤᠶᠤᠯ ᠵᠢᠭᠤᠯᠴᠢᠯᠠᠯ ᠤᠨ ᠠᠵᠢᠯᠯᠠᠭ᠎ᠠ ᠲᠤᠬᠢᠷᠠᠭᠤᠯᠤᠭᠰᠠᠨ ᠪᠦᠭᠡᠳ ᠡᠬᠢᠯᠡᠯᠳᠡ  ᠎ ᠶᠢᠨ ᠶᠤᠰᠤᠯᠠᠯ ᠢ ᠠᠩᠬ᠎ᠠ ᠤᠳᠠᠭ᠎ᠠ ᠲᠦᠪ ᠲᠧᠯᠸᠢᠰ ᠢᠶᠠᠷ ᠰᠢᠭᠤᠳ ᠨᠡᠪᠳᠡᠷᠡᠬᠦᠯᠬᠡ ᠬᠢᠬᠦ ᠪᠤᠯᠤᠨ᠎ᠠ᠃ ᠪᠠᠰᠠ ᠵᠢᠭᠤᠯᠴᠢᠯᠠᠭᠰᠠᠳ ᠢ ᠨᠠᠭᠠᠳᠤᠮ ᠳᠤ ᠤᠷᠤᠯᠴᠠᠭᠤᠯᠵᠦ᠂ ᠤᠮᠠᠷᠠᠳᠦ ᠬᠢᠯᠢ ᠶᠢᠨ ᠰᠤᠶᠤᠯ᠂ ᠵᠠᠩ ᠦᠢᠯᠡ ᠪᠠ ᠪᠠᠶᠢᠭᠠᠯᠢ ᠠᠬᠤᠢ ᠶᠢᠨ ᠰᠤᠳᠤᠨ ᠰᠠᠶᠢᠬᠠᠨ ᠢ ᠪᠠᠶᠠᠴᠢᠯᠠᠨ ᠤᠶᠢᠯᠠᠭᠠᠭᠤᠯᠬᠤ ᠪᠠᠷ ᠬᠦᠴᠦᠯᠡᠨ ᠴᠢᠷᠮᠠᠶᠢᠬᠤ ᠶᠢᠨ ᠬᠠᠮᠳᠦ᠂ ᠨᠠᠭᠠᠳᠤᠮ ᠤᠨ ᠬᠤᠷᠠᠯ ᠤᠨ ᠲᠠᠯᠠᠪᠠᠢ ᠳᠤ 10 ᠭᠠᠷᠤᠢ ᠡᠮᠴᠢᠯᠡᠭᠡᠨ ᠤ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠴᠡᠭ᠂ 300 ᠰᠠᠶᠢᠨ ᠲᠤᠷᠠᠴᠤᠳ ᠢ ᠲᠣᠬᠢᠷᠠᠭᠤᠯᠵᠤ᠂ ᠨᠠᠭᠠᠳᠤᠮ ᠳᠤ ᠬᠤᠯᠠ ᠤᠶᠢᠷ᠎ᠠ ᠶᠢᠨ ᠬᠦᠮᠦᠰ ᠤᠨ ᠠᠮᠤᠷ ᠲᠦᠪᠰᠢᠨ᠂ ᠪᠠᠶᠠᠷ ᠬᠦᠷ ᠲᠠᠢ ᠵᠤᠭᠠᠯᠠᠨ ᠴᠡᠩᠬᠡᠬᠦ ᠶᠢ ᠪᠠᠳᠤᠯᠠᠬᠤ ᠪᠤᠯᠤᠨ᠎ᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号