ᠵᠡᠭᠦᠨ ᠦᠵᠦᠮᠦᠴᠢᠨ ᠬᠤᠰᠢᠭᠤᠨ ᠤ ᠤᠯᠠᠭᠠᠨᠮᠦ᠋ᠴᠢᠷ
ᠨᠡᠶᠢᠲᠡᠯᠡᠭᠰᠡᠨ ᠴᠠᠭ᠄
2024/7/16
    ᠵᠡᠭᠦᠨ ᠦᠵᠦᠮᠦᠴᠢᠨ ᠬᠤᠰᠢᠭᠤᠨ ᠤ ᠤᠯᠠᠭᠠᠨᠮᠦ᠋ᠴᠢᠷ ᠨᠢ 1958 ᠣᠨ ᠤ 6 ᠰᠠᠷ᠎ᠠ ᠳᠤ ᠪᠠᠶᠢᠭᠤᠯᠤᠭᠳᠠᠭᠰᠠᠨ ᠮᠠᠨ ᠤ ᠣᠷᠣᠨ ᠤ ᠨᠡᠯᠢᠶᠡᠳ ᠡᠷᠲᠡ ᠪᠠᠶᠢᠭᠤᠯᠤᠭᠳᠠᠭᠰᠠᠨ ᠤᠯᠠᠭᠠᠨᠮᠦ᠋ᠴᠢᠷ ᠤᠨ ᠨᠢᠭᠡ ᠶᠤᠮ  ᠃ ᠨᠠᠮ ᠤᠨ ᠤᠳᠬ᠎ᠠ ᠤᠷᠠᠯᠢᠭ ᠤᠨ ᠴᠢᠭᠯᠡᠯᠲᠡ ᠶᠢ ᠡᠷᠡᠰ ᠪᠠᠷᠢᠮᠲᠠᠯᠠᠵᠤ᠂ ᠲᠠᠯ᠎ᠠ ᠨᠤᠲᠤᠭ ᠲᠠᠭᠠᠨ ᠦᠨᠳᠦᠰᠦᠯᠡᠨ᠂ ᠮᠠᠯᠴᠢᠨ ᠲᠦᠮᠡᠨ ᠳᠡᠭᠡᠨ ᠦᠢᠯᠡᠴᠢᠯᠡᠵᠦ᠂ ᠥᠪᠡᠷ ᠤᠨ ᠲᠣᠭᠯᠠᠬᠤ᠂ ᠤᠬᠠᠭᠤᠯᠬᠤ᠂  ᠵᠢᠭᠠᠨ ᠵᠢᠯᠥᠭᠤᠳᠬᠤ᠂ ᠦᠢᠯᠡᠴᠢᠯᠡᠬᠦ᠂ ᠵᠣᠬᠢᠶᠠᠨ ᠪᠥᠲᠦᠭᠡᠬᠦ᠂ ᠰᠢᠨ᠎ᠡ ᠶᠢ ᠡᠭᠦᠳᠬᠦ᠂ ᠤᠯᠠᠮᠵᠢᠯᠠᠬᠤ᠂ ᠰᠤᠶᠤᠯ ᠤᠨ ᠰᠣᠯᠢᠯᠴᠠᠭ᠎ᠠ ᠬᠢᠬᠦ  ᠪᠦᠷᠢᠨ ᠴᠢᠳᠠᠪᠤᠷᠢ  ᠎ ᠪᠠᠨ ᠭᠦᠢᠴᠡᠳ ᠪᠠᠳᠠᠷᠠᠭᠤᠯᠤᠨ᠂ ᠰᠤᠶᠤᠯ ᠤᠨ ᠡᠩᠨᠡᠭᠡᠨ ᠳᠤ ᠬᠤᠰᠢᠭᠤᠴᠢᠯᠠᠨ ᠶᠠᠪᠤᠭ᠎ᠠ ᠬᠤᠪᠢᠰᠬᠠᠯᠲᠦ ᠤᠳᠬ᠎ᠠ ᠤᠷᠠᠯᠢᠭ ᠤᠨ ᠬᠥᠩᠭᠡᠨ ᠮᠤᠷᠢᠲᠦ ᠴᠡᠷᠢᠭ ᠪᠢᠯᠡ᠃ ᠤᠯᠠᠭᠠᠨᠮᠥ᠋ᠴᠢᠷ ᠪᠣᠯ ᠦᠨᠳᠦᠰᠦᠨ ᠱᠠᠲᠤᠨ ᠳᠤ ᠬᠠᠨᠳᠤᠭᠰᠠᠨ᠂ ᠣᠯᠠᠨ ᠲᠦᠮᠡᠨ ᠳᠤ ᠬᠠᠨᠳᠤᠭᠰᠠᠨ ᠲᠡᠷᠢᠭᠦᠨ ᠤ ᠴᠢᠨᠠᠷ᠂ ᠣᠯᠠᠨ ᠲᠦᠮᠡᠨᠴᠢ ᠴᠢᠨᠠᠷ᠂ ᠦᠨᠳᠦᠰᠦᠲᠡᠨ ᠤ ᠴᠢᠨᠠᠷ᠂ ᠴᠠᠭ ᠦᠶᠡᠴᠢ ᠴᠢᠨᠠᠷ ᠢ ᠪᠦᠷᠢᠯᠳᠦᠭᠦᠯᠦᠭᠰᠡᠨ ᠡᠩᠨᠡᠭᠡ ᠨᠢ ᠴᠣᠮᠬᠠᠨ ᠴᠢᠨᠠᠷᠵᠢᠭᠤᠨ᠂ ᠲᠣᠭᠯᠠᠭᠴᠢ ᠎ ᠨᠢ ᠨᠢᠭᠡ ᠳᠤ ᠮᠡᠷᠭᠡᠰᠢᠵᠦ ᠣᠯᠠᠨ ᠳᠤ ᠴᠠᠭᠠᠷᠠᠭᠰᠠᠨ᠂ ᠲᠣᠭᠯᠠᠯᠲᠠ ᠨᠢ ᠣᠬᠤᠷ ᠠᠪᠰᠠᠷᠬᠠᠨ ᠪᠥᠭᠡᠳ ᠪᠠᠶᠠᠯᠢᠭ ᠠᠭᠤᠯᠭ᠎ᠠ ᠲᠠᠢ ᠤᠳᠬ᠎ᠠ ᠤᠷᠠᠯᠢᠭ ᠤᠨ ᠠᠵᠢᠯ ᠤᠨ ᠪᠦᠯᠬᠦᠮ ᠪᠣᠯᠤᠨ᠎ᠠ᠃     ᠤᠯᠠᠭᠠᠨᠮᠥ᠋ᠴᠢᠷ ᠭᠡᠳᠡᠭ ᠨᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠠᠤᠯᠢ ᠶᠣᠰᠣᠭᠠᠷ ᠪᠠᠶᠢᠭᠤᠯᠤᠭᠰᠠᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠡ ᠳᠤ ᠬᠠᠷᠢᠶᠠᠯᠠᠭᠳᠠᠵᠤ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠲᠣᠭᠲᠠᠯᠴᠠᠭ᠎ᠠ ᠶᠢᠨ ᠴᠢᠬᠤᠯᠠ ᠪᠦᠷᠢᠯᠳᠦᠬᠦᠨ ᠬᠡᠰᠡᠭ ᠪᠣᠯᠣᠨ᠎ᠠ᠃     ᠵᠡᠭᠦᠨ ᠦᠵᠦᠮᠦᠴᠢᠨ ᠬᠤᠰᠢᠭᠤᠨ ᠤ ᠤᠯᠠᠭᠠᠨᠮᠦ᠋ᠴᠢᠷ ᠨᠢ ᠣᠳᠣ 32 ᠲᠣᠭᠯᠠᠭᠴᠢ ᠲᠠᠢ᠂ ᠡᠭᠦᠨ ᠳᠤ ᠵᠢᠩᠭᠢᠨᠢ ᠣᠷᠣᠨ ᠲᠤᠭ᠎ᠠ ᠲᠠᠢ ᠲᠣᠭᠯᠠᠭᠴᠢ 11 ᠬᠦᠮᠦᠨ᠂ 21 ᠣᠷᠣᠨ ᠲᠤᠭ᠎ᠠ ᠠᠴᠠ ᠭᠠᠳᠠᠨ᠎ᠠ ᠡᠳ᠋ ᠤᠨ ᠵᠠᠰᠠᠭ ᠠᠴᠠ ᠴᠠᠯᠢᠩ ᠤᠯᠭᠤᠵᠤ ᠪᠠᠶᠢᠭ᠎ᠠ ᠲᠣᠭᠯᠠᠭᠴᠢ ᠲᠠᠢ᠃ ᠡᠭᠦᠨ ᠳᠤ᠂  ᠱᠦᠵᠢ 1 ᠨᠡᠷ᠎ᠡ᠂ ᠳᠠᠷᠤᠭ᠎ᠠ 1 ᠨᠡᠷ᠎ᠡ᠂   ᠳᠡᠳ᠋  ᠳᠠᠷᠤᠭ᠎ᠠ  2 ᠨᠡᠷ᠎ᠡ᠂   ᠪᠥᠵᠢᠭᠴᠢᠨ  14  ᠨᠡᠷ᠎ᠡ ︵ᠡᠷᠡᠭᠲᠡᠢ 6  ᠡᠮᠡᠭᠲᠡᠢ 8  ︶   ᠳᠠᠭᠤᠴᠢᠨ 8  ᠨᠡᠷ᠎ᠡ ︵ᠡᠷᠡᠭᠲᠡᠢ 4  ᠡᠮᠡᠭᠲᠡᠢ 4  ︶  ᠂   ᠬᠥᠭᠵᠢᠮᠴᠢᠨ 6 ᠨᠡᠷ᠎ᠡ ︵ᠡᠷᠡᠭᠲᠡᠢ 4  ᠡᠮᠡᠭᠲᠡᠢ 2  ︶  ᠲᠡᠭᠡᠪᠡᠯ ᠲᠤᠰᠬᠠᠢ ᠮᠡᠷᠭᠡᠵᠢᠯ ᠤᠨ ᠬᠢᠷᠢ ᠬᠡᠮ ᠤᠨ ᠦᠨᠡᠮᠯᠡᠯ ᠲᠠᠢ 25 ᠬᠦᠮᠦᠨ᠂ ︵ᠡᠭᠦᠨ ᠳᠤ ᠥᠨᠳᠦᠷ ᠳᠡᠰ 1 ᠨᠡᠷ᠎ᠡ᠂  ᠳᠡᠳ᠋ ᠥᠨᠳᠦᠷ ᠳᠡᠰ 1 ᠨᠡᠷ᠎ᠡ᠂ ᠳᠤᠮᠳᠠ ᠳᠡᠰ 10 ᠨᠡᠷ᠎ᠡ᠂ ᠠᠩᠬ᠎ᠠ ᠳᠡᠰ 13 ᠨᠡᠷ᠎ᠡ︶  ᠲᠣᠭᠯᠠᠭᠴᠢ ᠶᠢᠨ ᠳᠡᠭᠰᠢᠳᠬᠡᠭᠰᠡᠨ ᠨᠠᠰᠤ  28.2  ᠃     ᠤᠷᠠᠯᠢᠭ ᠤᠨ ᠦᠢᠯᠡᠰ ᠤᠨ  ᠵᠢᠷᠠᠭᠠᠳ  ᠵᠢᠯ  ᠎ ᠤᠨ  ᠵᠠᠮᠨᠠᠯ  ᠎ ᠳᠠᠭᠠᠨ ︽ᠣᠮᠠᠷᠠᠲᠦ  ᠬᠢᠯᠢ  ᠎ ᠶᠢᠨ ᠮᠠᠭᠲᠠᠭᠠᠯ︾ ︽ᠤᠶᠠᠩᠭᠠᠨ  ᠬᠡᠶᠢᠮᠤᠷᠢᠲᠦ  ᠦᠵᠦᠮᠦᠴᠢᠨ︾ ︽ᠡᠵᠢ  ᠨᠠᠭᠤᠷ︾ ︽ᠬᠠᠶᠢᠷ᠎ᠠ  ᠪᠢᠯᠬᠠᠭᠰᠠᠨ ᠦᠵᠦᠮᠦᠴᠢᠨ︾ ︽ᠳᠦᠷᠪᠡᠨ  ᠴᠠᠭ ᠤᠨ ᠦᠵᠦᠮᠦᠴᠢᠨ︾  ︽ᠳᠦᠭᠦᠷᠡᠩᠵᠠᠭᠠᠨ᠎ᠠ︾   ︽ᠳᠣᠷᠤᠨ᠎ᠠ ᠶᠢᠨ ᠴᠡᠩᠬᠡᠷ ᠬᠥᠳᠡᠭᠡ︾ ︽ᠨᠠᠷᠠᠨ ᠵᠦᠭ ᠤᠨ ᠡᠬᠡ ᠣᠷᠣᠨ︾ ᠵᠡᠷᠭᠡ ᠣᠯᠠᠨ ᠲᠦᠮᠡᠨ ᠳᠡᠭᠡᠨ ᠪᠠᠭ᠋ᠠᠷᠤᠭᠳᠠᠭᠰᠠᠨ ᠮᠠᠰᠢ ᠣᠯᠠᠨ ᠤᠷᠠᠨ ᠪᠦᠲᠦᠭᠡᠯ ᠎ ᠢᠶᠠᠨ ᠳᠡᠭᠡᠳᠦᠯᠡᠵᠦ᠂ ᠰᠠᠩᠵᠠᠢ᠂ ᠫᠡ᠊᠂ ᠳᠤᠭᠠᠷ᠂ ᠨᠠᠮᠬᠠᠶᠢᠨᠣᠷᠪᠤ᠂ ᠢᠳᠠᠮᠵᠠᠪ᠂ ᠪᠤᠶᠠᠨ᠂ ᠴᠠᠭᠠᠨᠬᠦᠦ᠂ ᠵᠢᠷᠭᠠᠯᠲᠦ᠂ ᠰᠤᠶᠤᠯᠭᠡᠷᠡᠯ  ᠵᠡᠷᠭᠡ  ᠤᠷᠠᠯᠢᠭ ᠤᠨ ᠳᠠᠷᠬᠠᠳ᠂ ᠰᠣᠳᠣᠨ ᠤᠷᠠᠯᠢᠭᠴᠢᠳ ᠢ ᠬᠦᠮᠦᠵᠢᠭᠦᠯᠦᠭᠰᠡᠨ ᠤᠷᠠᠯᠢᠭ ᠤᠨ ᠥᠯᠥᠭᠡᠢ ᠶᠤᠮ᠃ ᠤᠯᠠᠭᠠᠨᠮᠦ᠋ᠴᠢᠷ ᠮᠠᠨᠢ ᠤᠷᠠᠯᠢᠭ ᠤᠨ ᠳᠠᠪᠴᠠᠩ ᠳᠡᠭᠡᠷ᠎ᠡ ᠣᠳᠣᠨ ᠮᠡᠴᠢᠳ ᠰᠢᠭ ᠭᠢᠯᠠᠯᠵᠠᠨ ᠤᠯᠤᠰ᠂ ᠣᠷᠣᠨ᠂ ᠠᠶᠢᠮᠠᠭ ᠤᠨ ᠱᠠᠩᠨᠠᠯ ᠬᠦᠬᠢᠭᠦᠯᠦᠯ ᠢ ᠣᠯᠠᠨᠲᠠ ᠬᠦᠷᠲᠡᠵᠦ᠂ ᠶᠠᠫᠣᠨ᠂ ᠮᠤᠩᠭᠤᠯ ᠤᠯᠤᠰ᠂  ᠹᠷᠠᠨᠼᠢ᠂ ᠠᠮᠧᠷᠢᠺᠡ᠂ ᠰᠢᠶᠠᠩᠭᠠᠩ ᠵᠡᠷᠭᠡ ᠤᠯᠤᠰ ᠣᠷᠣᠨ ᠢᠶᠠᠷ ᠠᠶᠢᠯᠴᠢᠯᠠᠨ ᠲᠤᠭᠯᠠᠵᠤ᠂ ᠮᠤᠩᠭᠤᠯ ᠰᠤᠶᠤᠯ ᠤᠨ ᠭᠠᠶᠢᠬᠠᠮᠰᠢᠭ ᠢ ᠦᠵᠡᠭᠦᠯᠦᠭᠰᠡᠨ ᠪᠠᠶᠢᠨ᠎ᠠ᠃     1997 ᠤᠨ ᠠᠴᠠ ᠡᠳᠦᠭᠡ ᠬᠦᠷᠲᠡᠯ᠎ᠡ ᠪᠦᠬᠦ ᠣᠷᠣᠨ ᠤ ︽ᠨᠢᠭᠡᠳᠦᠭᠡᠷ ᠳᠡᠰ ᠤᠨ ᠤᠯᠠᠭᠠᠨᠮᠦ᠋ᠴᠢᠷ︾᠎ ᠤᠨ ᠢᠷᠠᠭᠤ ᠠᠯᠳᠠᠷ ᠢᠶᠠᠨ ᠬᠠᠮᠠᠭᠠᠯᠠᠭᠰᠠᠭᠠᠷ ᠢᠷᠡᠭᠰᠡᠨ ᠪᠢᠯᠡ᠃ 2007 ᠣᠨ ᠤ 8 ᠰᠠᠷ᠎ᠠ ᠳᠤ ᠤᠯᠠᠭᠠᠨᠮᠦ᠋ᠴᠢᠷ ᠪᠠᠶᠢᠭᠤᠯᠤᠭᠳᠠᠭᠰᠠᠨ 50 ᠵᠢᠯ ᠤᠨ ᠣᠢ ᠵᠢᠴᠢ ᠳᠥᠷᠪᠡᠳᠦᠭᠡᠷ ᠬᠤᠭᠤᠴᠠᠭᠠᠨ ᠤ ᠪᠦᠬᠦ ᠣᠷᠣᠨ ᠤ ᠤᠯᠠᠭᠠᠨᠮᠦ᠋ᠴᠢᠷ ᠎ ᠤᠨ ᠤᠷᠠᠯᠢᠭ ᠤᠨ ᠨᠠᠶᠢᠷ ᠲᠤ ᠮᠦᠩᠭᠦᠨ ᠮᠧᠳᠠᠯ ᠬᠦᠷᠲᠡᠵᠦ᠂ 2008 ᠣᠨ ᠳᠤ ᠮᠠᠨ ᠤ ᠤᠯᠠᠭᠠᠨᠮᠦ᠋ᠴᠢᠷ ᠤᠨ ᠮᠤᠷᠢᠨ ᠬᠤᠭᠤᠷᠴᠢᠳ ︽ᠪᠡᠭᠡᠵᠢᠩ ᠤᠨ ᠣᠯᠢᠮᠫᠢᠺ ᠤᠨ ᠴᠤᠭᠯᠠᠭᠠᠨ ᠤ ᠡᠬᠢᠯᠡᠯᠲᠡ ᠶᠢᠨ ᠶᠤᠰᠤᠯᠠᠯ︾᠎ ᠳᠤ ᠮᠤᠷᠢᠨ ᠬᠤᠭᠤᠷ ᠤᠨ ᠡᠭᠡᠰᠢᠭ ᠢᠶᠠᠨ ᠲᠠᠪᠤᠨ ᠲᠢᠪ ᠲᠤ ᠬᠠᠩᠭᠢᠨᠠᠭᠤᠯᠵᠤ᠂ ᠲᠤᠰ ᠵᠢᠯ ᠳᠤ᠂ ᠪᠦᠬᠦ ᠤᠯᠤᠰ ᠤᠨ ᠳᠤᠯᠤᠳᠤᠭᠠᠷ ᠤᠳᠠᠭᠠᠨ ᠤ ᠠᠷᠠᠳ ᠤᠨ ᠤᠷᠠᠯᠢᠭ ᠤᠨ ᠨᠠᠶᠢᠷ ᠲᠤ ᠣᠷᠤᠯᠴᠠᠭᠰᠠᠨ ᠪᠦᠭᠡᠳ ᠪᠦᠬᠦ ᠤᠯᠤᠰ ᠤᠨ ᠠᠩᠬᠠᠳᠠᠭᠴᠢ ᠤᠳᠠᠭᠠᠨ ᠤ ᠲᠠᠷᠢᠶᠠᠴᠢᠨ ᠤ ᠤᠷᠠᠯᠢᠭ ᠤᠨ ᠴᠤᠭᠯᠠᠭᠠᠨ ᠳᠤ ᠣᠷᠤᠯᠴᠠᠨ᠂ ︽ᠠᠯᠲᠠᠨ ᠰᠦᠷᠡᠯ ᠬᠤᠨᠳᠠᠭ᠎ᠠ︾ ᠲᠤᠰᠤᠭᠰᠠᠨ ᠪᠠᠶᠢᠨ᠎ᠠ  ᠃ 2009 ᠣᠨ ᠳᠤ ᠳᠤᠮᠳᠠᠳᠦ ᠮᠤᠩᠭᠤᠯ ᠤᠨ ᠬᠠᠷᠢᠴᠠᠭ᠎ᠠ ᠪᠠᠶᠢᠭᠤᠯᠤᠭᠳᠠᠭᠰᠠᠨ 60 ᠵᠢᠯ ᠤᠨ ᠣᠢ ᠶᠢᠨ ᠰᠢᠷᠢᠰ ᠠᠵᠢᠯᠯᠠᠭᠠᠨ ᠳᠤᠮᠳᠠ ᠮᠤᠩᠭᠤᠯ ᠤᠯᠤᠰ ᠲᠤ ᠠᠶᠢᠯᠴᠢᠯᠠᠨ ᠰᠤᠶᠤᠯ ᠤᠷᠠᠯᠢᠭ ᠤᠨ ᠨᠦᠬᠦᠷᠰᠡᠭ ᠲᠤᠭᠯᠠᠯᠲᠠ ᠶᠢᠨ ᠬᠦᠳᠡᠯᠭᠡᠭᠡᠨ ᠢ  ᠦᠷᠨᠢᠬᠦᠯᠵᠠᠢ᠃ ᠮᠦᠨᠴᠦ 2009 ᠤᠨ ᠤ 7 ᠰᠠᠷ᠎ᠠ ᠳᠤ ᠪᠦᠬᠦ ᠠᠶᠢᠮᠠᠭ ᠤᠨ ᠠᠷᠪᠠᠨ ᠲᠠᠪᠤᠳᠤᠭᠠᠷ ᠬᠤᠭᠤᠴᠠᠭᠠᠨ ᠤ ᠤᠯᠠᠭᠠᠨᠮᠦ᠋ᠴᠢᠷ ᠤᠨ ᠤᠷᠠᠯᠢᠭ ᠤᠨ ᠴᠤᠭᠯᠠᠭᠠᠨ ᠳᠤ ᠠᠯᠲᠠᠨ ᠮᠧᠲᠠᠯ ᠬᠦᠷᠲᠡᠵᠦ᠂ 2010 ᠤᠨ ᠤ 8 ᠰᠠᠷ᠎ᠠ ᠳᠤ ᠲᠠᠪᠤᠳᠤᠭᠠᠷ ᠬᠤᠭᠤᠴᠠᠭᠠᠨ ᠤ ᠪᠦᠬᠦ ᠣᠷᠣᠨ ᠤ ᠤᠯᠠᠭᠠᠨᠮᠦ᠋ᠴᠢᠷ ᠤᠨ  ᠤᠷᠠᠯᠢᠭ ᠤᠨ ᠨᠠᠶᠢᠷ ᠲᠤ ᠬᠠᠮᠲᠦ ᠨᠢᠭᠡᠴᠡ ᠶᠢᠨ ᠮᠦᠩᠭᠦᠨ ᠮᠧᠲᠠᠯ ᠬᠦᠷᠲᠡᠨ᠂  ︽ᠦᠨᠳᠦᠰᠦᠨ ᠱᠠᠲᠤᠨ ᠳᠤ  ᠦᠢᠯᠡᠴᠢᠯᠡᠬᠦ᠂ ᠣᠯᠠᠨ ᠲᠦᠮᠡᠨ  ᠎ ᠳᠤ ᠦᠢᠯᠡᠴᠢᠯᠡᠬᠦ︾ ᠲᠡᠷᠢᠭᠦᠨ ᠤ ᠤᠯᠠᠭᠠᠨᠮᠦ᠋ᠴᠢᠷ ᠎ ᠢᠶᠠᠷ ᠦᠨᠡᠯᠡᠭᠳᠡᠭᠰᠡᠨ ᠪᠠᠶᠢᠨ᠎ᠠ  ᠃ 2011ᠣᠨ ᠤ 7 ᠰᠠᠷ᠎ᠠ ᠳᠤ ᠪᠦᠬᠦ ᠠᠶᠢᠮᠠᠭ ᠤᠨ ᠠᠷᠪᠠᠨ ᠵᠢᠷᠭᠤᠳᠤᠭᠠᠷ ᠬᠤᠭᠤᠴᠠᠭᠠᠨ ᠤ ᠤᠯᠠᠭᠠᠨᠮᠦ᠋ᠴᠢᠷ ᠤᠨ ᠤᠷᠠᠯᠢᠭ ᠤᠨ ᠴᠤᠭᠯᠠᠭᠠᠨ ᠳᠤ ︽ᠬᠠᠶᠢᠷ᠎ᠠ ᠪᠢᠯᠬᠠᠭᠰᠠᠨ ᠦᠵᠦᠮᠦᠴᠢᠨ︾ ᠭᠡᠬᠦ ᠵᠠᠩ ᠦᠢᠯᠡ ᠶᠢᠨ ᠳᠠᠭᠤᠤ ᠪᠦᠵᠢᠭ ᠨᠢ ᠬᠠᠮᠲᠦ ᠨᠢᠭᠡᠴᠡ ᠶᠢᠨ ᠠᠯᠲᠠᠨ ᠮᠧᠳᠠᠯ ᠬᠦᠷᠲᠡᠪᠡ  ᠃ 2012 ᠤᠨ ᠎ ᠳᠤ ᠬᠤᠱᠣᠩ ᠵᠦᠴᠦᠭᠡ ︽ᠡᠷᠦᠬᠡ ᠶᠢᠨ ᠴᠡᠷᠢᠭ︾᠎ ᠨᠢ ᠪᠦᠬᠦ ᠣᠷᠤᠨ ᠤ ᠣᠶᠤᠨ ᠤ ᠪᠤᠯᠪᠠᠰᠤᠨ ᠤ ᠪᠦᠲᠦᠭᠡᠨ ᠪᠠᠶᠢᠭᠤᠯᠤᠯᠲᠠ ᠶᠢᠨ  ︽ᠲᠠᠪᠦ‍ ᠨᠢᠭᠡ ᠢᠨᠵᠧᠨᠧᠷᠢᠩ︾᠎ ᠤᠨ ᠰᠤᠩᠭᠤᠭᠳᠠᠭᠰᠠᠨ ᠪᠦᠲᠦᠭᠡᠯ ᠤᠨ ᠱᠠᠩᠨᠠᠯ ᠬᠦᠷᠳᠡᠵᠠᠢ᠃ 2013 ᠤᠨ ᠤ 8 ᠰᠠᠷ᠎ᠠ ᠳᠤ ᠪᠦᠬᠦ ᠠᠶᠢᠮᠠᠭ ᠤᠨ ᠠᠷᠪᠠᠨ ᠳᠤᠯᠤᠳᠤᠭᠠᠷ ᠬᠤᠭᠤᠴᠠᠭᠠᠨ ᠤ ᠤᠯᠠᠭᠠᠨᠮᠦ᠋ᠴᠢᠷ ᠤᠨ ᠤᠷᠠᠯᠢᠭ ᠤᠨ ᠴᠤᠭᠯᠠᠭᠠᠨ ᠳᠤ ᠦᠨᠳᠦᠰᠦᠲᠡᠨ ᠤ ᠵᠠᠩ ᠦᠢᠯᠡ ᠶᠢᠨ ᠳᠠᠭᠤᠤ ᠪᠦᠵᠢᠭ ︽ᠳᠦᠷᠪᠡᠨ ᠴᠠᠭ ᠤᠨ ᠦᠵᠦᠮᠦᠴᠢᠨ︾ ᠬᠠᠮᠲᠦ ᠨᠢᠭᠡᠴᠡ ᠶᠢᠨ ᠠᠯᠲᠠᠨ ᠮᠧᠲᠠᠯ ᠬᠦᠷᠲᠡᠭᠰᠡᠨ ᠪᠠᠶᠢᠨ᠎ᠠ᠃ 2014 ᠤᠨ ᠤ 8 ᠰᠠᠷ᠎ᠠ ᠳᠤ ᠲᠦᠩᠯᠢᠶᠤᠤ ᠬᠤᠲᠠ ᠶᠢᠨ ᠬᠦᠷᠢᠶ᠎ᠡ ᠬᠤᠰᠢᠭᠤᠨ ᠳᠤ ᠶᠠᠪᠤᠭᠳᠠᠭᠰᠠᠨ ᠵᠢᠷᠭᠤᠳᠤᠭᠠᠷ ᠬᠤᠭᠤᠴᠠᠭᠠᠨ ᠤ ᠪᠦᠬᠦ ᠣᠷᠣᠨ ᠎ ᠤ ᠤᠯᠠᠭᠠᠨᠮᠦ᠋ᠴᠢᠷ ᠤᠨ ᠤᠷᠠᠯᠢᠭ ᠤᠨ ᠨᠠᠶᠢᠷ ᠲᠤ ᠮᠦᠨᠴᠦ ᠬᠠᠮᠲᠦ ᠨᠢᠭᠡᠴᠡ ᠶᠢᠨ ᠠᠯᠲᠠᠨ ᠮᠧᠳᠡᠯ ᠬᠦᠷᠲᠡᠪᠡ᠃ ᠲᠤᠰ ᠵᠢᠯ ᠤᠨ 12 ᠰᠠᠷ᠎ᠠ ᠳᠤ᠂ ᠪᠦᠬᠦ ᠠᠶᠢᠮᠠᠭ ᠤᠨ ︽ᠮᠤᠩᠭᠤᠯ ᠬᠡᠯᠡ ᠪᠢᠴᠢᠭ ᠢ ᠰᠤᠷᠴᠦ ᠬᠡᠷᠡᠭᠯᠡᠭᠰᠡᠨ ᠲᠡᠷᠢᠭᠦᠨ ᠤ ᠨᠢᠭᠡᠴᠡ︾᠎ ᠪᠠᠷ ᠬᠦᠬᠢᠭᠦᠯᠦᠭᠳᠡᠪᠡ᠃ 2015 ᠤᠨ ᠤ 8 ᠰᠠᠷ᠎ᠠ ᠳᠤ ᠪᠦᠬᠦ ᠠᠶᠢᠮᠠᠭ ᠤᠨ ᠠᠷᠪᠠᠨ ᠨᠠᠢᠮᠠᠳᠤᠭᠠᠷ ᠬᠤᠭᠤᠴᠠᠭᠠᠨ ᠤ ᠤᠯᠠᠭᠠᠨᠮᠦ᠋ᠴᠢᠷ ᠤᠨ ᠤᠷᠠᠯᠢᠭ ᠤᠨ ᠴᠤᠭᠯᠠᠭᠠᠨ ᠳᠤ ᠮᠤᠩᠭᠤᠯ ᠵᠦᠴᠦᠭᠡ ︽ᠳᠦᠭᠦᠷᠡᠩᠵᠠᠭᠠᠨ᠎ᠠ︾᠎ ᠨᠢ  ᠵᠦᠴᠦᠭᠡ  ᠎ ᠶᠢᠨ ᠲᠦᠷᠦᠯ ᠤᠨ ᠭᠤᠷᠪᠠᠳᠤᠭᠠᠷ ᠳᠡᠰ ᠤᠨ ᠱᠠᠩᠨᠠᠯ ᠬᠦᠷᠲᠡᠨ᠂ ᠠᠷᠠᠳ ᠎ ᠤᠨ ᠬᠥᠭᠵᠢᠮ ᠤᠨ ᠠᠩᠭᠢ ᠨᠢ ᠲᠤᠭᠯᠠᠯᠲᠠ ᠶᠢᠨ ᠨᠢᠭᠡᠳᠦᠭᠡᠷ ᠳᠡᠰ ᠤᠨ ᠱᠠᠩᠨᠠᠯ ᠬᠦᠷᠲᠡᠵᠦ᠂ ᠬᠠᠮᠲᠦ ᠨᠢᠭᠡᠴᠡ ᠨᠢ ᠰᠢᠯᠢᠳᠡᠭ ᠵᠣᠬᠢᠶᠠᠨ ᠪᠠᠶᠢᠭᠤᠯᠤᠭᠰᠠᠨ ᠱᠠᠩᠨᠠᠯ ᠬᠦᠷᠲᠡᠭᠰᠡᠨ ᠪᠠᠶᠢᠨ᠎ᠠ  ᠃ 2016 ᠤᠨ ᠤ 1 ᠰᠠᠷ᠎ᠠ ᠳᠤ ᠮᠠᠨ ᠤ ᠤᠯᠠᠭᠠᠨᠮᠦ᠋ᠴᠢᠷ ᠨᠢ ᠪᠦᠬᠦ ᠣᠷᠣᠨ ᠤ ︽ᠰᠤᠶᠤᠯ ᠰᠢᠨᠵᠢᠯᠡᠬᠦ ᠤᠬᠠᠭᠠᠨ ᠮᠡᠷᠭᠡᠵᠢᠯ ᠡᠷᠡᠭᠦᠯ ᠬᠠᠮᠠᠭᠠᠯᠠᠯ ᠭᠤᠷᠪᠠ ᠶᠢ ᠬᠦᠳᠡᠭᠡ ᠬᠦᠷᠭᠡᠭᠰᠡᠨ︾ ᠲᠡᠷᠢᠭᠦᠨ ᠤ ᠬᠠᠮᠲᠦ ᠪᠠᠷ ᠰᠤᠩᠭᠤᠭᠳᠠᠪᠠ᠃ 2017 ᠣᠨ ᠤ 6 ᠰᠠᠷ᠎ᠠ ᠳᠤ ᠮᠠᠨ ᠤ ᠤᠯᠠᠭᠠᠨᠮᠦ᠋ᠴᠢᠷ ᠨᠢ ᠪᠦᠬᠦ ᠠᠶᠢᠮᠠᠭ ᠤᠨ ᠤᠯᠠᠭᠠᠨᠮᠦ᠋ᠴᠢᠷ  ᠪᠠᠶᠢᠭᠤᠯᠤᠭᠳᠠᠭᠰᠠᠨ 60 ᠵᠢᠯ ᠤᠨ ︽ᠲᠡᠷᠢᠭᠦᠨ ᠤ ᠬᠠᠮᠲᠦ ᠨᠢᠭᠡᠴᠡ︾  ᠎ ᠪᠠᠷ ᠱᠠᠩᠨᠠᠭᠳᠠᠵᠤ᠂ ᠪᠦᠬᠦ ᠠᠶᠢᠮᠠᠭ ᠤᠨ ᠠᠷᠪᠠ ᠶᠢᠰᠦᠳᠦᠭᠡᠷ ᠬᠤᠭᠤᠴᠠᠭᠠᠨ ᠤ ᠤᠯᠠᠭᠠᠨᠮᠦ᠋ᠴᠢᠷ ᠎ ᠤᠨ ᠤᠷᠠᠯᠢᠭ ᠤᠨ ᠴᠤᠭᠯᠠᠭᠠᠨ ᠳᠤ ᠦᠨᠳᠦᠰᠦᠲᠡᠨ ᠤ ᠵᠠᠩ ᠦᠢᠯᠡ ᠶᠢᠨ ᠳᠠᠭᠤᠤ ᠪᠦᠵᠢᠭ ︽ᠳᠤᠷᠤᠨ᠎ᠠ ᠶᠢᠨ ᠴᠡᠩᠬᠡᠷ ᠬᠦᠳᠡᠭᠡ︾ ᠬᠠᠮᠲᠦ ᠨᠢᠭᠡᠴᠡ ᠶᠢᠨ ᠭᠠᠤᠯᠢᠨ ᠮᠧᠳᠠᠯ ᠬᠦᠷᠲᠡᠪᠡ᠃ 2018 ᠣᠨ ᠳᠤ ᠠᠩᠬᠠᠳᠤᠭᠠᠷ ᠤᠳᠠᠭᠠᠨ ᠤ ᠰᠢᠯᠢ ᠶᠢᠨ ᠭᠤᠣᠯ ᠤᠯᠠᠭᠠᠨᠮᠦ᠋ᠴᠢᠷ ᠤᠨ ᠤᠷᠠᠯᠢᠭ ᠤᠨ ᠨᠠᠶᠢᠷ ᠵᠢᠴᠢ ᠪᠦᠬᠦ ᠤᠯᠤᠰ ᠤᠨ ᠲᠠᠪᠤᠳᠤᠭᠠᠷ ᠬᠤᠭᠤᠴᠠᠭᠠᠨ ᠤ ᠮᠣᠩᠭᠤᠯ ᠪᠦᠵᠢᠭ ᠤᠨ ᠤᠷᠤᠯᠳᠤᠭᠠᠨ ᠵᠡᠷᠭᠡ ᠬᠥᠳᠡᠯᠭᠡᠭᠡᠨ ᠳᠤ ᠣᠷᠤᠯᠴᠠᠵᠤ  ᠰᠢᠯᠢᠳᠡᠭ ᠠᠮᠵᠢᠯᠲᠠ ᠣᠯᠣᠭᠰᠠᠨ ᠪᠠᠶᠢᠨ᠎ᠠ᠃ 2019 ᠣᠨ ᠳᠤ ᠬᠤᠶᠠᠳᠤᠭᠠᠷ ᠤᠳᠠᠭᠠᠨ ᠤ ᠰᠢᠯᠢ ᠶᠢᠨ ᠭᠤᠣᠯ ᠤᠯᠠᠭᠠᠨᠮᠦ᠋ᠴᠢᠷ ᠤᠨ ᠤᠷᠠᠯᠢᠭ ᠤᠨ ᠨᠠᠶᠢᠷ ᠵᠢᠴᠢ ᠪᠦᠬᠦ ᠠᠶᠢᠮᠠᠭ ᠤᠨ ᠬᠤᠷᠢᠳᠤᠭᠠᠷ ᠬᠤᠭᠤᠴᠠᠭᠠᠨ ᠤ ᠤᠯᠠᠭᠠᠨᠮᠦ᠋ᠴᠢᠷ ᠎ ᠤᠨ ᠤᠷᠠᠯᠢᠭ ᠤᠨ ᠴᠤᠭᠯᠠᠭᠠᠨ ᠳᠤ ᠳᠠᠭᠤᠤ ᠪᠦᠵᠢᠭ ︽ᠨᠠᠷᠠᠨ ᠵᠦᠭ ᠤᠨ ᠡᠬᠡ ᠣᠷᠣᠨ︾  ᠎ ᠨᠢ ᠬᠠᠮᠲᠦ ᠨᠢᠭᠡᠴᠡ ᠎ ᠶᠢᠨ ᠭᠠᠤᠯᠢᠨ ᠮᠧᠳᠠᠯ ᠬᠦᠷᠲᠡᠪᠡ᠃     ᠰᠢᠨ᠎ᠡ ᠡᠷᠡᠨ ᠤ ᠰᠢᠵᠢᠷ ᠭᠢᠯᠪᠠᠭᠠᠲᠦ ᠥᠨᠥᠳᠦᠷ᠂ ᠵᠡᠭᠦᠨ ᠦᠵᠦᠮᠦᠴᠢᠨ ᠬᠤᠰᠢᠭᠤᠨ ᠤ ᠤᠯᠠᠭᠠᠨᠮᠦ᠋ᠴᠢᠷ ᠨᠢ ᠨᠠᠮ ᠤᠨ ᠠᠷᠪᠠ  ᠶᠢᠰᠦᠳᠦᠭᠡᠷ  ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠭᠤᠰᠢᠯᠠᠭᠤᠯᠣᠨ᠂ ᠰᠢ ᠎ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠦ ᠤᠯᠤᠰ ᠤᠨ ᠣᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠤᠯᠠᠭᠠᠨᠮᠦ᠋ᠴᠢᠷ ᠤᠨ ᠳᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠥᠨᠵᠡᠭᠡᠢ ᠲᠣᠭᠤᠰᠢᠯᠠᠭᠤᠯᠵᠣ᠂ ᠤᠯᠠᠭᠠᠨᠮᠦ᠋ᠴᠢᠷ ᠤᠨ ᠨᠠᠮ ᠳᠠᠭᠠᠨ ᠦᠨᠡᠨᠴᠢ ᠰᠢᠳᠤᠷᠭᠤ᠂ ᠠᠷᠠᠳ ᠲᠦᠮᠡᠨ ᠎ ᠳᠡᠭᠡᠨ ᠬᠠᠶᠢᠷᠠᠲᠠᠢ᠂ ᠳᠡᠰᠪᠦᠷᠢ ᠬᠠᠲᠠᠭᠤᠵᠢᠯᠲᠠᠢ᠂ ᠬᠠᠷᠠᠮ ᠦᠭᠡᠢ ᠵᠣᠷᠢᠭᠤᠯᠬᠤ᠂ ᠪᠥᠯᠬᠦᠮᠳᠡᠨ ᠲᠡᠮᠡᠴᠡᠳᠡᠭ᠂ ᠵᠣᠷᠢᠭᠲᠠᠢ ᠪᠠᠷ ᠰᠢᠨ᠎ᠡ ᠶᠢ ᠡᠭᠦᠳᠬᠦ ᠢᠷᠠᠭᠤ   ᠠᠯᠳᠠᠷᠲᠦ ᠤᠯᠠᠮᠵᠢᠯᠠᠯ ᠪᠠ ᠰᠢᠯᠢᠳᠡᠭ ᠰᠤᠷᠲᠠᠯ ᠢ ᠶᠡᠬᠡᠪᠡᠷ ᠪᠠᠳᠠᠷᠠᠭᠤᠯᠵᠤ᠂ ᠨᠡᠶᠢᠭᠡᠮ ᠵᠢᠷᠦᠮ ᠤᠨ ᠭᠤᠣᠯᠯᠠᠬᠤ ᠥᠷᠲᠡᠭ ᠤᠨ  ᠦᠵᠡᠯᠲᠡ ᠪᠠᠷ ᠵᠢᠯᠣᠭᠤᠳᠤᠮᠵᠢ ᠪᠤᠯᠭᠠᠨ᠂ ᠠᠷᠠᠳ ᠲᠦᠮᠡᠨ ᠳᠤ ᠦᠢᠯᠡᠴᠢᠯᠡᠵᠦ᠂ ᠨᠡᠶᠢᠭᠡᠮ ᠵᠢᠷᠦᠮ ᠳᠤ  ᠦᠢᠯᠡᠴᠢᠯᠡᠬᠦ ᠶᠢ  ᠪᠠᠷᠢᠮᠲᠠᠯᠠᠨ᠂ ᠠᠮᠢᠳᠤᠷᠠᠯ ᠤᠨ  ᠥᠩ ᠰᠢᠮᠡᠯᠢᠭ ᠬᠥᠷᠦᠰᠦᠨ ᠳᠤ  ᠦᠨᠳᠦᠰᠦᠯᠡᠵᠦ᠂ ᠦᠨᠳᠦᠰᠦᠨ ᠱᠠᠲᠤᠨ ᠤ ᠣᠯᠠᠨ ᠲᠦᠮᠡᠨ ᠳᠤ ᠦᠢᠯᠡᠴᠢᠯᠡᠬᠦ ᠶᠢ ᠪᠠᠷᠢᠮᠲᠠᠯᠠᠨ᠂ ᠦᠨᠳᠦᠰᠦᠲᠡᠨ ᠤ ᠰᠢᠯᠢᠳᠡᠭ ᠰᠤᠶᠤᠯ ᠢ ᠨᠡᠩ ᠰᠠᠶᠢᠲᠤᠷ ᠤᠯᠠᠮᠵᠢᠯᠠᠨ ᠪᠠᠳᠠᠷᠠᠭᠤᠯᠵᠤ᠂ ᠮᠠᠯᠴᠢᠨ ᠲᠠᠷᠢᠶᠠᠴᠢᠨ ᠤ ᠰᠤᠶᠤᠯ ᠤᠨ ᠠᠮᠢᠳᠤᠷᠠᠯ ᠢ ᠨᠡᠩ ᠰᠠᠶᠢᠲᠤᠷ ᠪᠠᠶᠠᠯᠢᠭᠵᠢᠭᠤᠯᠤᠨ᠂ ᠨᠠᠮ ᠤᠨ ᠳᠠᠭᠤᠨ ᠪᠠ ᠬᠠᠶᠢᠷ᠎ᠠ ᠬᠠᠯᠠᠮᠵᠢ ᠶᠢ ᠨᠡᠩ ᠰᠠᠶᠢᠲᠤᠷ ᠳᠠᠮᠵᠢᠭᠤᠯᠵᠤ᠂ ᠤᠯᠠᠭᠠᠨᠮᠦ᠋ᠴᠢᠷ ᠤᠨ ᠲᠤᠭ ᠢ ᠥᠨᠳᠦᠷ ᠮᠠᠨᠳᠤᠭᠤᠯᠤᠨ᠂ ᠦᠨᠢ ᠡᠭᠦᠷᠢᠲᠡ ᠭᠡᠷᠡᠯ ᠭᠢᠯᠪᠠᠭ᠎ᠠ ᠰᠠᠴᠤᠷᠠᠭᠤᠯᠬᠤ ᠪᠠᠷ ᠴᠢᠷᠮᠠᠶᠢᠵᠠᠭᠠᠶ᠎ᠠ︕
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号