︽ᠡᠰᠡᠷᠬᠦᠨ ᠵᠣᠨ ᠤ ᠡᠭᠡᠰᠢᠭᠯᠡᠩ︾ ᠨᠠᠶᠢᠷᠠᠯ ᠳᠠᠭᠤᠤ ᠶᠢᠨ ᠦᠳᠡᠰᠢᠯᠡᠭᠡ ᠶᠠᠪᠤᠭᠳᠠᠯ᠎ᠠ
ᠨᠡᠶᠢᠲᠡᠯᠡᠭᠰᠡᠨ ᠴᠠᠭ᠄
2024/7/16
     ᠥᠪᠥᠷ ᠮᠣᠩᠭᠤᠯ ᠤᠨ ᠤᠷᠠᠯᠢᠭ ᠵᠦᠴᠦᠭᠡ  ᠎ ᠶᠢᠨ ᠬᠦᠷᠢᠶᠡᠯᠡᠩ ᠤᠨ ᠨᠠᠶᠢᠷᠠᠯ ᠳᠠᠭᠤᠤ  ᠎ ᠶᠢᠨ ᠪᠦᠯᠬᠦᠮ ᠤᠨ ᠲᠦᠷᠪᠡᠨ ᠤᠯᠠᠷᠢᠯ ᠤᠨ ᠳᠠᠭᠤᠤ ᠬᠦᠭᠵᠢᠮ ᠤᠨ ᠰᠢᠷᠢᠰ ᠲᠤᠭᠯᠠᠯᠳᠠ ᠶᠢᠨ ᠵᠤᠨ ᠤ ᠤᠯᠠᠷᠢᠯ ᠤᠨ ᠨᠠᠶᠢᠷᠠᠯ ᠳᠠᠭᠤᠤ  ᠎ ᠶᠢᠨ ᠲᠤᠰᠬᠠᠢ ᠲᠤᠭᠯᠠᠯᠳᠠ ︽ᠡᠰᠡᠷᠬᠦᠨ ᠵᠣᠨ ᠤ ᠡᠭᠡᠰᠢᠭᠯᠡᠩ︾ ᠤᠷᠴᠢᠮᠬᠠᠨ ᠬᠦᠬᠡᠬᠤᠳᠠ ᠳᠤ ᠶᠠᠪᠤᠭᠳᠠᠵᠦ᠂ ᠤᠷᠠᠯᠢᠭ ᠢ ᠠᠮᠢᠳᠤᠷᠠᠯ ᠳᠤ ᠠᠭᠤᠰᠬᠠᠨ ᠦᠨᠳᠦᠰᠦᠲᠡᠨ ᠤ ᠪᠦᠯᠬᠦᠮᠳᠡᠯ ᠢ ᠮᠠᠭᠲᠠᠨ ᠳᠠᠭᠤᠯᠠᠵᠠᠢ᠃      ᠦᠳᠡᠰᠢᠯᠡᠭᠡ ᠳᠤ ᠳᠠᠭᠤᠯᠠᠭᠰᠠᠨ ︽ᠬᠦᠳᠡᠭᠡ ᠳᠠᠯ᠎ᠠ ᠳᠤ ᠮᠦᠩᠬᠡ ᠶᠢᠨ ᠨᠠᠷᠠᠨ ᠰᠠᠴᠤᠷᠠᠨ ᠮᠠᠨᠳᠤᠯ᠎ᠠ︾᠂ ︽ᠦᠨᠦᠴᠢᠨ ᠴᠠᠭᠠᠨ ᠪᠤᠳᠤᠭᠤ︾᠂ ︽ᠦᠬᠡᠷᠳᠦ ᠬᠦᠢᠳᠡᠨ︾᠂ ︽ᠳᠠᠯ᠎ᠠ ᠳᠤ ᠤᠨᠠᠭᠰᠠᠨ ᠬᠠᠶᠢᠷ᠎ᠠ︾᠂ ︽ᠨᠣᠭᠤᠭᠠᠨ ᠳᠡᠪᠡᠯ︾᠂ ︽ᠥᠯᠵᠡᠶ ᠪᠠᠶᠠᠷ︾ ᠵᠡᠷᠭᠡ 15 ᠪᠦᠲᠦᠭᠡᠯ ᠨᠢ ᠲᠤᠰ ᠲᠤᠰ ᠤᠨ ᠢᠶᠠᠨ ᠦᠪᠡᠷᠮᠢᠴᠡ ᠬᠡᠪ ᠨᠠᠮᠪᠠ ᠲᠠᠢ ᠪᠠᠶᠢᠵᠤ᠂ ᠦᠨᠳᠦᠰᠦᠲᠡᠨ ᠤ ᠪᠦᠯᠬᠦᠮᠳᠡᠯ ᠤᠨ ᠬᠦᠭ ᠠᠶᠠᠰ ᠢ ᠴᠢᠪᠬᠠᠳᠠᠨ᠂ ᠡᠬᠡ ᠪᠠᠶᠢᠭᠠᠯᠢ ᠶᠢᠨ ᠦᠵᠡᠰᠭᠦᠯᠡᠩᠲᠦ ᠰᠠᠶᠢᠬᠠᠨ ᠢ ᠵᠢᠷᠤᠭᠯᠠᠵᠤ᠂ ᠬᠥᠮᠦᠨ ᠬᠢᠭᠡᠳ ᠪᠠᠶᠢᠭᠠᠯᠢ  ᠎ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠶᠢ ᠤᠷᠢᠶᠠᠯᠠᠨ᠂ ᠥᠪᠥᠷ ᠮᠣᠩᠭᠤᠯ ᠤᠨ ᠵᠣᠨ ᠤ ᠤᠯᠠᠷᠢᠯ ᠤᠨ ᠰᠠᠶᠢᠨ ᠰᠠᠶᠢᠬᠠᠨ ᠦᠩᠬᠡ ᠲᠦᠷᠰᠦ ᠪᠠ ᠥᠪᠥᠷ ᠮᠣᠩᠭᠤᠯ ᠤᠨ ᠠᠷᠠᠳ ᠲᠦᠮᠡᠨ ᠤ ᠵᠣᠯ ᠵᠢᠷᠭᠠᠯ ᠲᠠᠢ ᠰᠠᠶᠢᠨ ᠰᠠᠶᠢᠬᠠᠨ ᠠᠮᠢᠳᠤᠷᠠᠯ ᠢ ᠵᠢᠷᠤᠭᠯᠠᠭᠰᠠᠨ ᠢᠶᠠᠷ ᠦᠵᠡᠭᠴᠢᠳ ᠳᠠᠯ᠎ᠠ ᠶᠢᠨ ᠬᠦᠨ ᠳᠤ ᠵᠢᠷᠭᠠᠯᠳᠠᠶᠢᠬᠠᠨ ᠰᠠᠭᠠᠳᠠᠵᠦ ᠪᠠᠶᠢᠭ᠎ᠠ ᠮᠡᠳᠦ ᠰᠠᠶᠢᠬᠠᠨ ᠲᠦᠷᠦᠭᠳᠡᠯ ᠳᠤ ᠰᠤᠭᠳᠤᠭᠤᠷᠠᠵᠠᠢ᠃ ᠳᠤᠮᠳᠠᠳᠤ  ᠎ ᠶᠢᠨ ᠦᠨᠳᠦᠰᠦᠲᠡᠨ ᠤ ᠥᠨᠢ ᠤᠳᠠᠭᠠᠨ ᠲᠡᠦᠬᠡ  ᠎ ᠶᠢᠨ ᠠᠭᠤᠯᠤᠭᠳᠠᠬᠤᠨ ᠵᠢᠴᠢ ᠳᠤᠮᠳᠠᠳᠤ  ᠎ ᠶᠢᠨ ᠰᠢᠯᠢᠳᠡᠭ ᠤᠯᠠᠮᠵᠢᠯᠠᠯᠲᠤ ᠰᠣᠶᠣᠯ ᠢ ᠢᠯᠡᠷᠡᠭᠦᠯᠬᠦ ᠪᠣᠯ ᠲᠣᠰ ᠲᠤᠭᠯᠠᠯᠳᠠ ᠶᠢᠨ ᠬᠠᠮᠤᠭ ᠤᠨ ᠤᠨᠴᠠᠭᠠᠢ ᠳᠠᠯ᠎ᠠ ᠨᠢ ᠪᠤᠯᠬᠤ ᠶᠤᠮ᠃ ᠬᠥᠭᠵᠢᠮ ᠤᠨ ᠬᠠᠪᠰᠤᠷᠤᠯᠭ᠎ᠠ ᠥᠬᠡᠶ ᠨᠠᠶᠢᠷᠠᠯ ᠳᠠᠭᠤᠤ ︽ᠨᠣᠭᠤᠭᠠᠨ ᠳᠡᠪᠡᠯ︾᠎ ᠨᠢ ︽ᠰᠢᠯᠦᠭᠯᠡᠯᠲᠦ ᠨᠣᠮ︾᠎ ᠠᠴᠠ ᠡᠰᠢᠯᠡᠨ ᠵᠤᠬᠢᠶᠠᠭᠰᠠᠨ ᠪᠦᠳᠦᠭᠡᠯ ᠪᠠᠶᠢᠵᠦ᠂ ᠦᠵᠡᠭᠴᠢᠳ ᠤᠨ ᠠᠩᠬᠠᠷᠤᠯ ᠢ ᠳᠠᠳᠠᠵᠠᠢ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号