ᠰᠢᠯᠢ ᠶᠢᠨ ᠭᠤᠣᠯ ᠠᠶᠢᠮᠠᠭ ᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠵᠢᠷᠭᠤᠭᠠᠨ ᠵᠦᠢᠯ ᠤᠨ ᠭᠦᠢᠴᠡᠳᠬᠡᠯ ᠲᠤᠭ᠎ᠠ ᠴᠥᠮ ᠪᠥᠬᠦ ᠣᠷᠣᠨ ᠳᠤ ᠲᠡᠷᠢᠭᠦᠯᠡᠪᠡ
ᠨᠡᠶᠢᠲᠡᠯᠡᠭᠰᠡᠨ ᠴᠠᠭ᠄
2024/7/16
     2023 ᠣᠨ ᠳᠤ᠂ ᠤᠯᠤᠰ ᠤᠨ ᠣᠨᠴᠠ ᠥᠨᠳᠥᠷ ᠬᠦᠴᠦᠳᠡᠯ ᠤᠨ ᠬᠤᠶᠠᠳᠤᠭᠠᠷ ᠬᠤᠭᠤᠴᠠᠭᠠᠨ ᠤ ᠰᠠᠭᠤᠷᠢᠨ ᠭᠠᠵᠠᠷ᠂ ᠮᠸᠡᠭ ᠨᠸᠡᠭ ᠵᠡᠭᠦᠨ ᠰᠦᠨᠢᠳ ᠤᠨ ᠰᠠᠯᠬᠢᠨ ᠬᠦᠴᠦ ᠨᠥᠭᠡᠴᠡ  ᠡᠨᠧᠷᠬᠢ ᠵᠡᠷᠭᠡ ᠴᠢᠬᠤᠯᠠ ᠶᠡᠭᠡ ᠲᠥᠷᠥᠯ ᠵᠦᠢᠯ ᠢ ᠲᠣᠣᠷ ᠲᠤ ᠨᠡᠶᠢᠯᠡᠭᠦᠯᠦᠨ ᠠᠰᠢᠭᠯᠠᠯᠲᠠ ᠳᠤ ᠣᠷᠣᠭᠤᠯᠬᠤ ᠶᠢ ᠳᠠᠭᠠᠯᠳᠤᠨ᠂ ᠪᠥᠬᠦ ᠠᠶᠢᠮᠠᠭ ᠤᠨ ᠰᠢᠨ᠎ᠡ ᠪᠠᠷ ᠨᠡᠮᠡᠭᠳᠡᠭᠰᠡᠨ ᠰᠠᠯᠬᠢᠨ ᠬᠦᠴᠦᠨ ᠤ ᠴᠠᠬᠢᠯᠭᠠᠨ ᠤ ᠲᠣᠣᠷ ᠲᠤ ᠨᠡᠶᠢᠯᠡᠭᠦᠯᠦᠭᠰᠡᠨ ᠬᠡᠪᠴᠢᠶ᠎ᠡ᠂ ᠰᠠᠯᠬᠢᠨ ᠬᠦᠴᠦᠨ ᠤ ᠴᠠᠬᠢᠯᠭᠠᠨ ᠤ ᠲᠣᠣᠷ ᠲᠤ ᠨᠡᠶᠢᠯᠡᠭᠦᠯᠦᠭᠰᠡᠨ ᠶᠡᠷᠦᠩᠬᠡᠢ ᠬᠡᠪᠴᠢᠶ᠎ᠡ᠂ ᠰᠢᠨ᠎ᠡ ᠡᠨᠧᠷᠭᠢ ᠶᠢᠨ ᠲᠣᠣᠷ ᠲᠤ ᠨᠡᠶᠢᠯᠡᠭᠦᠯᠦᠭᠰᠡᠨ ᠶᠡᠷᠦᠩᠬᠡᠢ ᠬᠡᠪᠴᠢᠶ᠎ᠡ᠂ ᠰᠢᠨ᠎ᠡ ᠡᠨᠧᠷᠭᠢ ᠶᠢᠨ ᠴᠠᠬᠢᠯᠭᠠᠨ ᠭᠠᠷᠭᠠᠬᠤ ᠬᠡᠮᠵᠢᠶ᠎ᠡ᠂ ᠰᠢᠨ᠎ᠡ ᠪᠠᠷ ᠨᠡᠮᠡᠭᠳᠡᠭᠰᠡᠨ ᠰᠢᠨ᠎ᠡ ᠡᠨᠧᠷᠭᠢ ᠶᠢᠨ ᠴᠠᠬᠢᠯᠭᠠᠨ ᠭᠠᠷᠭᠠᠬᠤ ᠬᠡᠮᠵᠢᠶ᠎ᠡ᠂ ᠣᠷᠣᠨ ᠪᠦᠰᠡ ᠠᠯᠤᠰᠯᠠᠨ ᠭᠠᠳᠠᠭᠰᠢ ᠬᠦᠷᠭᠡᠬᠦ ᠰᠢᠨ᠎ᠡ ᠡᠨᠧᠷᠭᠢ ᠶᠢᠨ ᠴᠠᠬᠢᠯᠭᠠᠨ ᠤ ᠬᠡᠮᠵᠢᠶ᠎ᠡ ᠵᠡᠷᠭᠡ ᠵᠢᠷᠭᠤᠭᠠᠨ ᠵᠦᠢᠯ ᠤᠨ ᠭᠦᠢᠴᠡᠳᠬᠡᠯ ᠲᠤᠭ᠎ᠠ ᠴᠥᠮ ᠪᠥᠬᠦ ᠣᠷᠣᠨ ᠳᠤ ᠲᠡᠷᠢᠭᠦᠯᠡᠪᠡ᠃ ᠡᠭᠦᠨ ᠳᠤ ᠰᠢᠨ᠎ᠡ ᠡᠨᠧᠷᠭᠢ  ᠶᠢᠨ ᠲᠣᠣᠷ ᠲᠤ ᠨᠡᠶᠢᠯᠡᠭᠦᠯᠦᠭᠰᠡᠨ ᠶᠡᠷᠦᠩᠬᠡᠢ ᠬᠡᠪᠴᠢᠶ᠎ᠡ᠂ ᠰᠠᠯᠬᠢᠨ ᠬᠦᠴᠦᠨ ᠤ ᠴᠠᠬᠢᠯᠭᠠᠨ ᠤ ᠲᠣᠣᠷ ᠲᠤ ᠨᠡᠶᠢᠯᠡᠭᠦᠯᠦᠭᠰᠡᠨ ᠶᠡᠷᠦᠩᠬᠡᠢ ᠬᠡᠪᠴᠢᠶ᠎ᠡ ᠪᠦᠬᠦ ᠤᠯᠤᠰ ᠤᠨ 293 ᠲᠤᠰᠬᠠᠢ ᠣᠷᠣᠨ ᠬᠤᠲᠠ ᠶᠢᠨ ᠳᠡᠰ ᠳᠣᠲᠣᠷ᠎ᠠ ᠭᠤᠷᠪᠠᠳᠤᠭᠠᠷ ᠲᠤ ᠵᠢᠭᠰᠠᠭᠠᠭᠳᠠᠵᠠᠢ᠃      ᠨᠢᠳᠤᠨᠤᠨ ᠤ 11 ᠰᠠᠷ᠎ᠠ ᠳᠤ᠂ ᠵᠢᠩ ᠨᠧᠩ ᠤᠨ ᠴᠠᠭᠠᠨᠨᠠᠭᠤᠷ ᠤᠨ ᠴᠠᠬᠢᠯᠭᠠᠨ ᠦᠢᠯᠡᠳᠪᠦᠷᠢ ᠶᠢᠨ ᠰᠠᠯᠭᠢ ᠭᠡᠷᠡᠯ ᠢᠯᠴᠢ ᠤᠰᠤᠲᠥ᠋ᠷᠥᠭᠴᠢ ᠨᠦᠭᠡᠴᠡ  ᠡᠨᠧᠷᠬᠢ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠤᠨ ᠳᠣᠲᠣᠷᠠᠬᠢ ᠬᠤᠪᠢᠶᠠᠷᠢ ᠲᠥᠷᠥᠯ ᠵᠦᠢᠯ ᠪᠤᠯᠬᠤ ᠰᠥᠨᠢᠳ ᠵᠡᠭᠦᠨ ᠬᠤᠰᠢᠭᠤᠨ ᠤ 50 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠪᠣᠯᠣᠨ ᠠᠪᠠᠭ᠎ᠠ ᠬᠤᠰᠢᠭᠤᠨ ᠤ 30 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠴᠥᠮ ᠠᠩᠬᠠᠳᠠᠭᠴᠢ ᠰᠠᠯᠬᠢᠨ ᠬᠦᠴᠦᠨ ᠤ ᠮᠠᠰᠢᠨ ᠢ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠬᠤ ᠶᠢ ᠪᠡᠶᠡᠯᠡᠭᠦᠯᠵᠦ᠂ ᠵᠢᠯ ᠪᠦᠷᠢ 20 ᠳ᠋ᠦᠩᠰᠢᠭᠤᠷ ᠺᠢᠯᠣᠸᠠᠲ ᠴᠠᠭ ᠴᠡᠪᠡᠷ ᠴᠠᠬᠢᠯᠭᠠᠨ ᠡᠨᠧᠷᠭᠢ ᠬᠠᠩᠭᠠᠨ᠂ ᠵᠢᠯ ᠪᠦᠷᠢ 60 ᠲᠦᠮᠡᠨ ᠲᠣᠨ ᠪᠠᠷᠢᠮᠵᠢᠶᠠᠲᠤ ᠨᠡᠭᠦᠷᠡᠰᠦ ᠶᠢ ᠠᠷᠪᠢᠯᠠᠵᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢᠨ ᠬᠡᠮᠵᠢᠶ᠎ᠡ ᠶᠢ ᠵᠢᠯ ᠪᠦᠷᠢ 160 ᠲᠦᠮᠡᠨ ᠲᠣᠨ ᠪᠠᠭᠠᠰᠬᠠᠵᠠᠢ᠃ ᠣᠷᠣᠨ ᠪᠦᠰᠡ ᠠᠯᠤᠰᠯᠠᠨ ᠭᠠᠳᠠᠭᠰᠢ ᠬᠦᠷᠭᠡᠬᠦ ᠰᠢᠨ᠎ᠡ ᠡᠨᠧᠷᠭᠢ ᠶᠢᠨ ᠴᠠᠬᠢᠯᠭᠠᠨ ᠤ ᠬᠡᠮᠵᠢᠶ᠎ᠡ ᠶᠢᠨ ᠲᠠᠯ᠎ᠠ ᠪᠠᠷ᠂ ᠣᠳᠣᠬᠠᠨ ᠳᠤ ᠪᠥᠬᠦ ᠠᠶᠢᠮᠠᠭ 3 ᠣᠨᠴᠠ ᠥᠨᠳᠥᠷ ᠬᠦᠴᠦᠳᠡᠯᠲᠦ ᠴᠠᠬᠢᠯᠭᠠᠨ ᠬᠦᠷᠭᠡᠬᠦ ᠵᠠᠮ ᠪᠠ 2 ᠬᠡᠲᠦ ᠥᠨᠳᠥᠷ ᠬᠦᠴᠦᠳᠡᠯᠲᠦ ᠴᠠᠬᠢᠯᠭᠠᠨ ᠬᠦᠷᠭᠡᠬᠦ ᠵᠠᠮ ᠢ ᠨᠢᠭᠡᠨᠳᠡ ᠪᠠᠶᠢᠭᠤᠯᠵᠤ᠂ ᠨᠢᠳᠤᠨᠤᠨ ᠪᠡᠭᠡᠵᠢᠩ ᠤᠮᠠᠷᠠᠲᠤ ᠣᠷᠣᠨ ᠪᠠ ᠵᠡᠭᠦᠨ ᠣᠷᠣᠨ ᠳᠤ 812 ᠳ᠋ᠦᠩᠰᠢᠭᠤᠷ ᠺᠢᠯᠣᠸᠠᠲ ᠴᠠᠭ ᠴᠠᠬᠢᠯᠭᠠᠨ ᠬᠦᠷᠭᠡᠵᠦ᠂ ᠪᠥᠬᠦ ᠣᠷᠣᠨ ᠳᠤ ᠲᠡᠷᠢᠭᠦᠯᠡᠪᠡ᠂ ᠡᠭᠦᠨ ᠳᠤ ᠪᠤᠬᠢᠷᠳᠦᠯ ᠦᠭᠡᠢ ᠴᠠᠬᠢᠯᠭᠠᠨ ᠤ ᠡᠵᠡᠯᠡᠬᠦ ᠬᠠᠷᠢᠴᠠᠯ ᠨᠢ 31% ᠬᠦ᠋ᠷᠴᠡᠢ᠃      ᠰᠠᠯᠭᠢ ᠭᠡᠷᠡᠯ ᠤᠰᠤᠲᠥ᠋ᠷᠥᠭᠴᠢ ᠨᠥᠭᠡᠴᠡ  ᠡᠨᠧᠷᠬᠢ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠭᠡᠷᠭᠢᠨ ᠨᠡᠩ ᠰᠠᠶᠢᠳᠦᠷ ᠠᠬᠢᠭᠤᠯᠬᠤ ᠪᠤᠢ︖ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠣᠯ ᠵᠠᠩᠭᠢᠯᠠᠭ᠎ᠠ ᠪᠣᠯᠣᠨ᠎ᠠ᠃ ᠵᠢᠩ ᠨᠸᠡᠭ ᠤᠯᠠᠨ ᠤᠯᠤᠰ᠂  ᠶᠤᠸᠠᠨ ᠵᠢᠩ᠂ ᠱᠠᠨ ᠰᠢ ᠶᠢᠨ ᠡᠨᠧᠷᠭᠢ ᠵᠡᠷᠭᠡ ᠰᠠᠯᠭᠢ ᠭᠡᠷᠡᠯ ᠤᠰᠤᠲᠥ᠋ᠷᠥᠭᠴᠢ ᠰᠢᠪᠲᠦᠷ ᠠᠯᠺᠣᠣᠯ ᠦᠢᠯᠡᠳᠬᠦ ᠲᠥᠷᠥᠯ ᠵᠦᠢᠯ ᠢ ᠱᠠᠯᠠᠪᠳᠠᠨ ᠬᠡᠷᠡᠭᠵᠢᠭᠦᠯᠬᠦ ᠶᠢ ᠳᠠᠭᠠᠯᠳᠤᠨ ᠣᠳᠣᠬᠠᠨ ᠳᠤ ᠰᠢᠯᠢ ᠶᠢᠨ ᠭᠤᠣᠯ ᠠᠶᠢᠮᠠᠭ 13 ᠰᠢᠨ᠎ᠡ ᠬᠡᠯᠪᠡᠷᠢ ᠶᠢᠨ ᠨᠦᠭᠡᠴᠡ ᠡᠨᠧᠷᠭᠢ ᠶᠢᠨ ᠴᠠᠬᠢᠯᠭᠠᠨ ᠥᠷᠲᠡᠭᠡ ᠶᠢᠨ ᠲᠥᠷᠥᠯ ᠵᠦᠢᠯ ᠢ ᠡᠬᠢᠯᠡᠨ ᠬᠡᠷᠡᠭᠵᠢᠭᠦᠯᠵᠦ᠂ ᠮᠠᠰᠢᠨ ᠴᠣᠭᠴᠠᠯᠠᠪᠤᠷᠢ ᠶᠢᠨ ᠬᠡᠪᠴᠢᠶ᠎ᠡ 138 ᠲᠦᠮᠡᠨ ᠺᠢᠯᠣᠸᠠᠲ ᠭᠦᠷᠪᠡ᠃ ᠲᠦᠰᠦᠭᠡᠯᠡᠭᠦ ᠪᠠᠷ᠂ ︽ᠠᠷᠪᠠᠨ ᠳᠥᠷᠪᠡᠳᠦᠭᠡᠷ ᠲᠠᠪᠤᠨ ᠵᠢᠯ︾  ᠤᠨ ᠲᠦᠯᠦᠪᠵᠢᠭᠦᠯᠭᠡ ᠶᠢᠨ ᠰᠡᠭᠦᠯᠴᠢ ᠪᠤᠯᠳᠠᠯ᠎ᠠ ᠴᠠᠬᠢᠯᠭᠠᠨ ᠡᠭᠦᠰᠬᠡᠭᠴᠢ᠂ ᠴᠠᠬᠢᠯᠭᠠᠨ ᠲᠣᠣᠷ ᠤᠨ ᠨᠦᠭᠡᠴᠡ  ᠡᠨᠧᠷᠬᠢ ᠶᠢᠨ ᠵᠠᠬ᠎ᠠ ᠳᠡᠯᠭᠡᠭᠦᠷ ᠤᠨ ᠬᠡᠪᠴᠢᠶ᠎ᠡ 500 ᠲᠦᠮᠡᠨ ᠺᠢᠯᠣᠸᠠᠲ ᠭᠦ᠋ᠷᠦᠨ᠎ᠠ᠃ ︽ᠮᠠᠨ ᠤ ᠠᠶᠢᠮᠠᠭ ᠡᠨᠡ ᠵᠢᠯ ᠰᠢᠨ᠎ᠡ ᠡᠨᠧᠷᠭᠢ ᠶᠢᠨ ᠠᠵᠤ ᠦᠢᠯᠡᠰ ᠤᠨ ᠳᠡᠭᠡᠳᠦ ᠳᠡᠰ ᠤᠨ᠂ ᠣᠶᠤᠨᠴᠢᠯᠠᠬᠰᠠᠨ ᠭᠦᠭᠵᠢᠯᠳᠡ ᠶᠢᠨ ᠴᠡᠭ ᠢ ᠠᠩᠬᠠᠷᠴᠦ᠂ ︿ᠰᠠᠯᠭᠢ ᠭᠡᠷᠡᠯ ᠤᠰᠤᠲᠥ᠋ᠷᠥᠭᠴᠢ ᠨᠦᠭᠡᠴᠡ ᠡᠨᠤᠷᠭᠢ﹀ ᠶᠢᠨ ᠠᠵᠦ ᠦᠢᠯᠡᠰ ᠤᠨ ᠬᠡᠯᠬᠢᠶ᠎ᠡ ᠶᠢᠨ ᠠᠷᠠᠯᠵᠢᠶᠠᠴᠢᠨ ᠤᠷᠢᠬᠤ ᠠᠵᠢᠯᠯᠠᠭ᠎ᠠ ᠥᠷᠨᠢᠭᠦᠯᠦᠨ᠎ᠠ᠂ ᠣᠳᠣᠬᠠᠨ ᠳᠤ ᠶᠤᠸᠠᠨ ᠵᠢᠩ ᠤᠰᠤᠲᠥ᠋ᠷᠥᠭᠴᠢ ᠡᠨᠧᠷᠭᠢ ᠶᠢᠨ ᠲᠤᠨᠤᠭᠯᠠᠯ ᠦᠢᠯᠡᠳᠭᠡᠯ ᠤᠨ ᠰᠠᠭᠤᠷᠢᠨ ᠭᠠᠵᠠᠷ᠂ ᠮᠢᠩ ᠶᠠᠩ ᠤᠨ ᠲᠡᠯᠪᠢᠳᠦ ᠭᠦᠭᠦᠷᠭᠡ ᠵᠢᠴᠢ ᠱᠧᠩ ᠿᠢ ᠭᠡᠷᠡᠯᠴᠢ ᠴᠡᠨᠡᠭ ᠤᠨ ᠲᠣᠨᠤᠭ ᠲᠥᠬᠦᠭᠡᠷᠦᠮᠵᠢ ᠵᠡᠷᠭᠡ ᠲᠥᠷᠥᠯ ᠵᠦᠢᠯ ᠢ ᠵᠠᠯᠭᠠᠭ᠎ᠠ ᠪᠠᠷ ᠮᠠᠨ ᠤ ᠠᠶᠢᠮᠠᠭ ᠲᠤ ᠨᠤᠲᠤᠭᠰᠢᠭᠤᠯᠵᠦ᠂ ᠵᠦᠡᠭ ᠴᠤᠸᠠᠨ ᠠᠵᠤ ᠦᠢᠯᠡᠰ ᠤᠨ ᠬᠦᠷᠢᠶᠡᠯᠡᠩ ᠤᠨ ᠴᠠᠬᠢᠯᠭᠠᠨ ᠡᠵᠡᠮᠰᠢᠯ ᠤᠨ ᠰᠢᠰᠲ᠋ᠧᠮ ᠤᠨ ᠲᠥᠷᠥᠯ ᠵᠦᠢᠯ ᠨᠢ ᠴᠦ ᠮᠠᠨ ᠤ ᠠᠶᠢᠮᠠᠭ ᠴᠢᠨᠠᠭᠰᠢᠯᠠᠪᠠᠯ ᠪᠥᠬᠦ ᠣᠷᠣᠨ ᠤ ᠴᠠᠬᠢᠯᠭᠠᠨ ᠡᠵᠡᠮᠰᠢᠯ ᠤᠨ ᠰᠢᠰᠲ᠋ᠧᠮ ᠤᠨ ᠦᠢᠯᠡᠳᠭᠡᠯ ᠤᠨ ᠬᠤᠭᠤᠰᠤᠨ ᠢ ᠨᠥᠬᠦᠪᠦᠷᠢᠯᠡᠪᠡ︾ ᠭᠡᠵᠦ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠵᠠᠩ ᠱᠣᠤ ᠵᠢᠶᠧ ᠶᠠᠷᠢᠪᠠ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号