ᠮᠠᠨ ᠤ ᠠᠶᠢᠮᠠᠭ ᠲᠦᠷᠦᠭᠦᠦ ᠪᠦᠯᠦᠭ ᠤᠨ ᠮᠠᠰᠢᠨ ᠲᠡᠷᠭᠡᠨ ᠤ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠦᠷᠢ ᠮᠥᠩᠭᠦ ᠶᠢ ᠲᠠᠷᠬᠠᠭᠠᠪᠠ
ᠨᠡᠶᠢᠲᠡᠯᠡᠭᠰᠡᠨ ᠴᠠᠭ᠄
2024/7/16
     ᠮᠠᠰᠢᠨ ᠲᠡᠷᠭᠡᠨ ᠤ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠠᠴᠠ ᠨᠠᠭᠠᠰᠢ᠂ ᠮᠠᠨ ᠤ ᠠᠶᠢᠮᠠᠭ ᠣᠯᠠᠨ ᠠᠷᠭ᠎ᠠ ᠪᠠᠷ ᠮᠠᠰᠢᠨ ᠲᠡᠷᠭᠡᠨ ᠤ ᠬᠡᠷᠡᠭᠯᠡᠭᠡᠨ ᠤ ᠵᠠᠬ᠎ᠠ ᠳᠡᠯᠭᠡᠭᠦᠷ ᠢ ᠬᠥᠭᠵᠢᠶᠡᠨᠲᠡᠢ ᠪᠣᠯᠭᠠᠵᠤ᠂ ᠨᠠᠩ ᠣᠯᠠᠨ ᠬᠡᠷᠡᠭᠯᠡᠭᠴᠢᠳ ᠢ ᠬᠥᠲᠥᠯᠥᠨ ᠵᠢᠯᠤᠭᠤᠳᠴᠤ ᠪᠠᠶᠢᠭᠠᠳ ᠲᠥᠷᠥ ᠶᠢᠨ ᠪᠣᠳᠣᠯᠭ᠎ᠠ ᠶᠢᠨ ᠠᠰᠢᠭ ᠢ ᠬᠦᠷᠲᠡᠭᠡᠵᠦ᠂ ᠮᠠᠰᠢᠨ ᠲᠡᠷᠭᠡᠨ ᠤ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠪᠥᠬᠦ ᠲᠠᠯ᠎ᠠ ᠪᠠᠷ ᠠᠬᠢᠭᠤᠯᠪᠠ᠃ ᠣᠳᠣᠬᠠᠨ ᠳᠤ᠂ ᠪᠥᠬᠦ ᠠᠶᠢᠮᠠᠭ ᠤᠨ ᠬᠢᠨ 131 ᠮᠠᠰᠢᠨ ᠲᠡᠷᠭᠡᠨ ᠤ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠦᠷᠢ ᠶᠢᠨ ᠭᠤᠶᠤᠴᠢᠯᠠᠯ ᠢ ᠭᠥᠯᠢᠶᠡᠨ ᠠᠪᠴᠤ᠂ ᠲᠦᠷᠦᠭᠦᠤ ᠪᠦᠯᠦᠭ ᠤᠨ 49 ᠮᠠᠰᠢᠨ ᠲᠡᠷᠭᠡᠨ ᠤ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠦᠷᠢ ᠶᠢᠨ ᠭᠤᠶᠤᠴᠢᠯᠠᠯ ᠢ ᠨᠢᠭᠡᠨᠲᠡ ᠬᠢᠨᠠᠨ ᠬᠠᠷᠭᠤᠭᠤᠯᠵᠤ ᠳᠠᠭᠤᠰᠬᠠᠨ᠂ ᠨᠡᠶᠢᠲᠡ 50.4 ᠲᠦᠮᠡᠨ ᠲᠥᠭᠦᠷᠢᠭ ᠤᠨ ᠨᠥᠬᠦᠪᠦᠷᠢ ᠮᠥ᠋ᠩᠭᠦ ᠶᠢ ᠬᠡᠷᠡᠭᠯᠡᠭᠴᠢᠳ ᠲᠤ ᠲᠠᠷᠬᠠᠭᠠᠬᠰᠠᠨ ᠪᠠᠶᠢᠨ᠎ᠠ᠃      ︽ᠰᠢᠯᠢ ᠶᠢᠨ ᠭᠤᠣᠯ ᠠᠶᠢᠮᠠᠭ ᠤᠨ ᠮᠠᠰᠢᠨ ᠲᠡᠷᠭᠡᠨ ᠤ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠬᠡᠷᠡᠭᠵᠢᠭᠦᠯᠬᠦ ᠲᠥᠰᠥᠯ︾ ᠢ  ᠦᠨᠳᠦᠰᠦᠯᠡᠪᠡᠯ᠂ ᠮᠠᠰᠢᠨ ᠲᠡᠷᠭᠡᠨ ᠤ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠬᠡᠷᠡᠭᠵᠢᠭᠦᠯᠬᠦ ᠴᠠᠭ ᠨᠢ 2024 ᠣᠨ ᠤ 4 ᠰᠠᠷ᠎ᠠ ᠶᠢᠨ 24 ᠤ ᠡᠳᠦᠷ ᠠᠴᠠ 12 ᠰᠠᠷ᠎ᠠ ᠶᠢᠨ 31 ᠤ ᠡᠳᠦᠷ ᠪᠤᠯᠲᠠᠯ᠎ᠠ ᠪᠠᠶᠢᠵᠦ᠂ ᠨᠥᠬᠦᠴᠡᠯ ᠳᠤ ᠨᠡᠶᠢᠴᠡᠬᠦ ᠮᠠᠰᠢᠨ ᠲᠡᠷᠭᠡᠨ ᠤ ᠬᠠᠭᠤᠴᠢᠨ ᠢᠶᠠᠷ ᠰᠢᠨ᠎ᠡ ᠶᠢ ᠰᠣᠯᠢᠬᠤ ᠳᠤ ᠨᠥᠬᠦᠪᠦᠷᠢ ᠮᠥᠩᠭᠦ ᠭᠤᠶᠤᠴᠢᠯᠠᠬᠤ ᠬᠡᠷᠡᠭᠯᠡᠭᠴᠢᠳ ᠪᠥᠬᠦ ᠤᠯᠤᠰ ᠤᠨ ᠮᠠᠰᠢᠨ ᠲᠡᠷᠭᠡᠨ ᠤ ᠭᠦᠢᠯᠭᠡᠭᠡᠨ ᠤ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠤᠨ ᠰᠦᠯᠵᠢᠶ᠎ᠡ ᠪᠤᠶᠤ ︽ᠮᠠᠰᠢᠨ ᠲᠡᠷᠭᠡᠨ ᠤ ᠬᠠᠭᠤᠴᠢᠨ ᠢᠶᠠᠷ ᠰᠢᠨ᠎ᠡ ᠶᠢ ᠰᠣᠯᠢᠬᠤ︾ ᠵᠢᠵᠢᠭ ᠫᠷᠤᠭ᠍ᠷᠠᠮ ᠢᠶᠠᠷ ᠳᠠᠮᠵᠢᠨ ᠭᠤᠶᠤᠴᠢᠯᠠᠬᠤ ᠮᠠᠲ᠋ᠧᠷᠢᠶᠠᠯ ᠢᠶᠠᠨ ᠲᠠᠭᠯᠠᠵᠤ ᠪᠣᠯᠣᠨ᠎ᠠ᠃      ᠮᠠᠨ ᠤ ᠠᠶᠢᠮᠠᠭ ᠨᠢᠭᠡᠳᠦᠭᠡᠷ ᠪᠦᠯᠦᠭ ᠤᠨ ᠠᠶᠢᠮᠠᠭ ᠤᠨ ᠳᠡᠰ ᠤᠨ ᠢᠵᠢ ᠪᠦᠷᠢᠳᠦᠭᠦᠯᠬᠦ ᠨᠥᠬᠦᠪᠦᠷᠢ ᠮᠥ᠋ᠩᠭᠦ ᠶᠢ ᠤᠷᠢᠳᠠᠪᠠᠷ ᠪᠠᠭᠤᠯᠭᠠᠵᠦ᠂ ᠨᠥᠬᠦᠪᠦᠷᠢ ᠣᠯᠭᠤᠬᠤ ᠴᠠᠭ ᠬᠤᠭᠤᠴᠠᠭ᠎ᠠ ᠶᠢ ᠵᠠᠪᠳᠤᠨ᠂ ᠡᠯ᠎ᠡ ᠱᠠᠲᠤᠨ ᠤ ᠬᠤᠳᠠᠯᠳᠤᠭᠠᠨ ᠤ ᠶᠠᠪᠤᠳᠠᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠡᠳ᠋ ᠤᠨ ᠵᠠᠰᠠᠭ᠂ ᠳᠣᠲᠣᠭᠠᠳᠤ ᠶᠢ ᠬᠠᠮᠠᠭᠠᠯᠠᠬᠤ᠂ ᠭᠠᠶᠢᠯᠢ ᠶᠢᠨ ᠶᠠᠪᠤᠳᠠᠯ ᠵᠡᠷᠭᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ᠂ ᠡᠯ᠎ᠡ ᠠᠵᠢᠯ ᠲᠥᠷᠥᠯ ᠤᠨ ᠬᠦᠷᠢᠶ᠎ᠡ ᠴᠠᠷᠠᠭ᠎ᠠ ᠳᠤ ᠮᠠᠰᠢᠨ ᠲᠡᠷᠭᠡᠨ ᠤ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ᠂ ᠬᠠᠭᠤᠴᠢᠨ ᠲᠡᠷᠭᠡ ᠶᠢ ᠬᠡᠷᠡᠭᠯᠡᠭᠡᠨ ᠠᠴᠠ ᠭᠠᠷᠭᠠᠬᠤ ᠪᠠ ᠰᠢᠨ᠎ᠡ ᠲᠡᠷᠭᠡ ᠬᠤᠳᠠᠯᠳᠤᠨ ᠠᠪᠬᠤ᠂ ᠨᠥᠬᠦᠪᠦᠷᠢ ᠣᠯᠭᠤᠬᠤ ᠵᠡᠷᠭᠡ ᠠᠵᠢᠯ ᠳᠤ ᠬᠠᠮᠵᠢᠯᠴᠠᠵᠤ᠂ ᠨᠥᠬᠦᠪᠦᠷᠢ ᠮᠥ᠋ᠩᠭᠦ ᠶᠢᠨ ᠬᠠᠮᠢᠶᠠᠷᠤᠯᠲᠠ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠬᠠᠮᠲᠦ ᠴᠠᠭ ᠲᠤᠬᠠᠢ ᠳᠤᠨᠢ ᠲᠠᠷᠬᠠᠭᠠᠬᠤ ᠶᠢ ᠪᠡᠶᠡᠯᠡᠭᠦᠯᠪᠡ᠃ ᠡᠭᠦᠨ ᠤ ᠬᠠᠮᠲᠤ ᠮᠠᠰᠢᠨ ᠲᠡᠷᠭᠡᠨ ᠤ ᠬᠠᠭᠤᠴᠢᠨ ᠢᠶᠠᠷ ᠰᠢᠨ᠎ᠡ ᠶᠢ ᠰᠣᠯᠢᠵᠤ ᠬᠡᠷᠡᠭᠯᠡᠭᠡᠨ ᠠᠴᠠ ᠭᠠᠷᠭᠠᠬᠤ ᠪᠠ ᠰᠢᠨ᠎ᠡ ᠲᠡᠷᠭᠡ ᠬᠤᠳᠠᠯᠳᠤᠨ ᠠᠪᠬᠤ ᠭᠤᠭᠴᠤᠭ᠎ᠠ ᠶᠢ ᠪᠥᠬᠦ ᠬᠦᠴᠦᠨ ᠢᠶᠠᠷ ᠨᠠᠪᠲᠠᠷᠡᠭᠦᠯᠵᠦ᠂ ᠠᠶᠢᠮᠠᠭ ᠤᠨ ᠳᠣᠲᠣᠷᠠᠬᠢ ᠭᠤᠣᠯᠳᠠᠯᠭ᠎ᠠ ᠲᠠᠢ ᠮᠠᠰᠢᠨ ᠲᠡᠷᠭᠡ ᠡᠵᠡᠩᠨᠡᠨ ᠪᠣᠷᠣᠯᠠᠭᠤᠯᠬᠤ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠮᠠᠰᠢᠨ ᠲᠡᠷᠭᠡᠨ ᠤ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠠᠷᠢᠯᠴᠠᠬᠤ ᠬᠤᠷᠠᠯ ᠬᠤᠷᠠᠯᠳᠤᠭᠤᠯᠵᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠴᠠᠭ ᠲᠤᠬᠠᠢ ᠳᠤᠨᠢ ᠬᠠᠷᠢᠭᠤ ᠥᠭᠴᠦ᠂ ᠬᠢᠨᠠᠨ ᠬᠠᠷᠭᠤᠭᠤᠯᠬᠤ ᠴᠠᠭ ᠬᠤᠭᠤᠴᠠᠭ᠎ᠠ ᠶᠢ ᠪᠥᠬᠦ ᠲᠠᠯ᠎ᠠ ᠪᠠᠷ ᠪᠣᠭᠤᠨᠢᠰᠬᠠᠨ᠂ ᠬᠡᠷᠡᠭᠯᠡᠭᠴᠢᠳ ᠲᠤ ᠨᠥᠬᠦᠪᠦᠷᠢ ᠮᠥ᠋ᠩᠭᠦ ᠶᠢ ᠡᠷᠲᠡᠬᠡᠨ ᠤᠯᠭᠤᠬᠤ ᠶᠢ ᠦᠨᠡᠨ ᠬᠦ ᠪᠠᠲᠤᠯᠠᠪᠠ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号