ᠰᠢᠯᠢ ᠶᠢᠨ ᠬᠤᠳᠠ 17670 ᠬᠠᠪᠳᠠᠭᠠᠢ ᠳᠥᠷᠪᠡᠯᠵᠢᠨ ᠮᠧᠲᠷ ᠤᠨ ᠵᠠᠮ ᠢ ᠦᠷᠭᠡᠳᠭᠡᠵᠦ ᠵᠠᠮ ᠨᠡᠪᠳᠡᠷᠡᠯᠭᠡ ᠶᠢᠨ ᠦᠷ᠎ᠠ ᠪᠦᠳᠦᠮᠵᠢ ᠶᠢ ᠲᠡᠭᠡᠭᠰᠢᠯᠡᠭᠦᠯᠪᠡ
ᠨᠡᠶᠢᠲᠡᠯᠡᠭᠰᠡᠨ ᠴᠠᠭ᠄
2024/7/16
     ᠡᠨᠡ ᠵᠢᠯ ᠠᠴᠠ ᠨᠠᠭᠠᠰᠢ᠂ ᠰᠢᠯᠢ ᠶᠢᠨ ᠬᠤᠳᠠ ᠵᠠᠮ ᠤᠨ ᠲᠥᠯᠦᠪᠵᠢᠭᠦᠯᠭᠡ ᠶᠢ ᠰᠢᠯᠢᠳᠡᠭᠵᠢᠭᠦᠯᠭᠦ ᠲᠡᠭᠡᠷ᠎ᠠ ᠠᠩᠬᠠᠷᠤᠯ ᠢᠶᠠᠨ ᠲᠦᠪᠯᠡᠷᠡᠭᠦᠯᠵᠦ᠂ ᠣᠷᠣᠨ ᠪᠦᠰᠡ ᠶᠢᠨ ᠴᠢᠨᠠᠷᠲᠠᠢ ᠵᠠᠮ ᠬᠠᠷᠢᠯᠴᠠᠭ᠎ᠠ ᠶᠢ ᠵᠠᠰᠠᠬᠤ ᠪᠠᠷ ᠭᠤᠣᠯᠳᠠᠯᠭ᠎ᠠ ᠪᠣᠯᠭᠠᠨ᠂ ᠤᠯᠠᠨ ᠲᠦᠮᠡᠨ ᠤ ᠠᠩᠬᠠᠷᠴᠤ ᠪᠠᠶᠢᠭ᠎ᠠ ᠵᠠᠮ ᠬᠠᠷᠢᠯᠴᠠᠭᠠᠨ ᠤ ᠲᠦᠭᠵᠢᠷᠡᠯ ᠠᠴᠠ ᠭᠠᠷᠳᠠᠵᠤ᠂ ᠵᠠᠮ ᠨᠡᠪᠲᠡᠷᠡᠯᠭᠡ ᠶᠢᠨ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠦᠨ᠂ ᠰᠢᠯᠢ ᠶᠢᠨ ᠬᠤᠲᠠ ᠶᠢᠨ ᠬᠤᠳᠠ ᠲᠣᠭᠤᠷᠢᠭ ᠤᠨ ᠴᠢᠬᠤᠯᠠ ᠵᠠᠮ ᠤᠨ ᠬᠡᠰᠡᠭ ᠤᠨ ᠵᠠᠮ ᠬᠠᠷᠢᠯᠴᠠᠭᠠᠨ ᠤ ᠲᠦᠭᠵᠢᠷᠡᠯ ᠢ ᠪᠦᠲᠦᠮᠵᠢᠲᠡᠢ ᠨᠠᠮᠳᠠᠭᠤᠯᠪᠡ᠃      ᠣᠲᠤᠬᠠᠨ ᠪᠣᠯᠲᠠᠯ᠎ᠠ᠂ 16000 ᠬᠠᠪᠳᠠᠭᠠᠢ ᠳᠥᠷᠪᠡᠯᠵᠢᠨ ᠮᠧᠲᠷ ᠪᠠᠷᠤᠭᠰᠢᠨ ᠵᠠᠮ ᠢ ᠰᠢᠨ᠎ᠡ ᠪᠠᠷ ᠪᠠᠶᠢᠭᠤᠯᠵᠤ᠂ 17670 ᠬᠠᠪᠳᠠᠭᠠᠢ ᠳᠥᠷᠪᠡᠯᠵᠢᠨ ᠮᠧᠲᠷ ᠵᠠᠮ ᠢ ᠥᠷᠭᠡᠳᠬᠡᠨ᠂ 2800 ᠬᠠᠪᠳᠠᠭᠠᠢ ᠳᠥᠷᠪᠡᠯᠵᠢᠨ ᠮᠧᠲᠷ ᠪᠠᠷᠢᠮᠵᠢᠶᠠᠲᠤ ᠱᠤᠭᠤᠮ ᠵᠢᠷᠤᠵᠤ᠂ 7942 ᠬᠠᠪᠳᠠᠭᠠᠢ ᠳᠥᠷᠪᠡᠯᠵᠢᠨ ᠮᠧᠲᠷ ᠶᠠᠪᠠᠭᠠᠨ ᠤ ᠵᠠᠮ ᠢ ᠰᠢᠨ᠎ᠡ ᠪᠠᠷ ᠪᠠᠶᠢᠭᠤᠯᠤᠨ᠂ 302 ᠲᠡᠷᠭᠡᠨ ᠵᠤᠭᠰᠤᠭᠠᠯ ᠬᠠᠨᠭ᠍ᠭᠠᠪᠡ᠃      ᠣᠶᠢᠯᠠᠭᠠᠭᠰᠠᠨ ᠢᠶᠠᠷ᠂ ᠰᠢᠯᠢ ᠶᠢᠨ ᠬᠤᠳᠠ ᠶᠢᠨ ᠵᠠᠮ ᠢ ᠦᠭᠡᠷᠡᠴᠢᠯᠡᠨ ᠰᠢᠨᠡᠳᠭᠡᠭᠦ ᠢᠨᠵᠧᠨᠧᠷᠢᠩ ᠨᠢ ᠭᠤᠣᠯᠳᠠᠭᠤ ᠰᠢᠯᠢ ᠶᠢᠨ ᠶᠡᠭᠡ ᠵᠡᠭᠡᠯᠢ᠂ ᠱᠠᠩᠬᠠᠢ ᠵᠠᠮ᠂ ᠡᠮᠦᠨ᠎ᠡ ᠬᠤᠶᠠᠳᠤᠭᠠᠷ ᠲᠣᠭᠤᠷᠢᠯ ᠵᠠᠮ ᠵᠡᠷᠭᠡ 4 ᠵᠡᠭᠡᠯᠢ ᠪᠠ 2 ᠵᠠᠮ ᠤᠨ ᠠᠭᠤᠯᠵᠠᠷ ᠲᠤ ᠬᠤᠯᠪᠣᠭᠳᠠᠵᠤ᠂ ᠨᠡᠶᠢᠲᠡ 13 ᠨᠣᠭᠤᠭᠠᠷᠠᠭᠤᠯᠤᠯᠲᠠ ᠶᠢᠨ ᠪᠦᠰᠡ ᠶᠢ ᠥᠭᠡᠷᠡᠴᠢᠯᠡᠨ ᠪᠠᠶᠢᠭᠤᠯᠬᠤ ᠪᠠ ᠵᠠᠮ ᠤᠨ ᠲᠡᠮᠳᠡᠭ ᠵᠢᠷᠤᠭᠠᠰᠤ ᠶᠢ ᠵᠠᠰᠠᠵᠤ ᠵᠠᠭᠠᠭᠯᠠᠨ ᠲᠣᠭᠲᠠᠭᠠᠬᠤ ᠵᠢᠴᠢ 2 ᠲᠡᠷᠭᠡ ᠵᠣᠭᠰᠣᠬᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠤ ᠬᠤᠯᠪᠣᠭᠳᠠᠵᠠᠢ᠃ ᠪᠠᠷᠢᠯᠭ᠎ᠠ ᠶᠢᠨ ᠬᠤᠭᠤᠴᠠᠭᠠᠨ ᠳᠤ ᠬᠤᠲᠠ ᠶᠢᠨ ᠠᠷᠠᠳ ᠤᠨ ᠶᠠᠪᠤᠵᠤ ᠰᠠᠭᠤᠬᠤ ᠳᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠶᠢᠨ ᠲᠤᠯᠠᠳᠠ᠂ ᠴᠢᠬᠢ ᠮᠣᠳᠣ ᠵᠢᠴᠢ ᠵᠠᠮ ᠤᠨ ᠳ᠋ᠧᠩ ᠢ ᠰᠢᠯᠵᠢᠭᠦᠯᠭᠦ ᠳᠤ ᠰᠥᠨᠢ ᠪᠠᠷ ᠠᠵᠢᠯᠯᠠᠵᠦ᠂ ᠵᠠᠮ ᠮᠠᠯᠲᠠᠬᠤ ᠡᠵᠢᠯ ᠢ ᠰᠤᠷᠤᠭᠴᠢᠳ ᠤᠨ ᠰᠤᠷᠭᠠᠭᠤᠯᠢ ᠳᠤ ᠶᠠᠪᠤᠵᠦ ᠰᠠᠭᠤᠬᠤ ᠴᠠᠭ ᠵᠢᠴᠢ ᠭᠦᠮᠦᠰ ᠤᠨ ᠠᠵᠢᠯ ᠳᠤ ᠭᠠᠷᠴᠦ ᠪᠠᠭᠤᠬᠤ ᠣᠷᠭᠢᠯ ᠤᠨ ᠬᠤᠭᠤᠴᠠᠭ᠎ᠠ ᠠᠴᠠ ᠵᠠᠶᠢᠯᠠᠰᠭᠢᠨ ᠶᠠᠪᠤᠬᠳᠠᠭᠤᠯᠵᠦ᠂ ᠲᠡᠷᠭᠡ ᠤᠨᠤᠭ᠎ᠠ ᠶᠢᠨ ᠬᠡᠪ ᠢᠶᠠᠷ ᠨᠡᠪᠲᠡᠷᠡᠬᠦ ᠶᠢ ᠪᠠᠲᠤᠯᠠᠪᠡ᠃ᠬᠤᠲᠠ ᠶᠢᠨ ᠵᠠᠮ ᠢ ᠰᠢᠯᠢᠳᠡᠭᠵᠢᠭᠦᠯᠦᠨ ᠥᠭᠡᠷᠡᠴᠢᠯᠡᠭᠰᠡᠨ ᠤ ᠳᠠᠷᠠᠭ᠎ᠠ᠂ ᠵᠠᠮ ᠨᠡᠪᠲᠡᠷᠡᠯᠭᠡ ᠶᠢᠨ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠵᠦ᠂ ᠰᠢᠯᠢ ᠶᠢᠨ ᠬᠤᠳᠠ ᠶᠢᠨ ᠬᠡᠰᠡᠭ ᠣᠷᠣᠨ ᠪᠦᠰᠡ ᠶᠢᠨ ᠵᠠᠮ ᠬᠠᠷᠢᠯᠴᠠᠭᠠᠨ ᠤ ᠲᠦᠭᠵᠢᠷᠡᠯ ᠤᠨ ᠪᠠᠶᠢᠳᠠᠯ ᠢ ᠪᠦᠲᠦᠮᠵᠢᠲᠡᠶ ᠨᠠᠮᠳᠠᠭᠤᠯᠪᠠ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号