ᠲᠡᠦᠬᠡ ᠶᠢᠨ ᠳᠤᠷᠠᠰᠬᠠᠯᠲᠤ ᠵᠦᠢᠯᠡᠰ ᠢ ᠠᠩᠬ᠎ᠠ ᠤᠳᠠᠭ᠎ᠠ ᠬᠠᠷᠢᠶ᠎ᠠ ᠭᠠᠵᠠᠷ ᠲᠤ ᠨᠢ ᠰᠢᠯᠵᠢᠭᠦᠯᠦᠨ ᠲᠤᠰᠢᠶᠠᠪᠠ
ᠨᠡᠶᠢᠲᠡᠯᠡᠭᠰᠡᠨ ᠴᠠᠭ᠄
2024/7/16
     ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠬᠠᠭᠤᠴᠢ ᠰᠤᠳᠤᠯᠤᠯ   ᠤᠨ ᠬᠦᠷᠢᠶᠡᠯᠡᠩ ᠮᠠᠯᠲᠠᠵᠤ ᠭᠠᠷᠭᠠᠭᠰᠠᠨ ᠲᠡᠦᠬᠡ ᠶᠢᠨ ᠳᠤᠷᠠᠰᠬᠠᠯᠲᠤ ᠵᠦᠢᠯᠡᠰ   ᠢ ᠬᠠᠷᠢᠶ᠎ᠠ ᠭᠠᠵᠠᠷ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠬᠤ ᠶᠣᠰᠣᠯᠠᠯ ᠲᠦᠷᠦᠬᠦᠬᠡᠨ ᠬᠥᠬᠡᠬᠤᠲᠠ ᠳᠤ ᠶᠠᠪᠤᠭᠳᠠᠪᠠ᠃ ᠡᠨᠡ ᠪᠣᠯ ᠲᠤᠰ ᠬᠦᠷᠢᠶᠡᠯᠡᠩ ᠠᠩᠬ᠎ᠠ ᠤᠳᠠᠭ᠎ᠠ ᠰᠠᠨᠠᠭᠠᠴᠢᠯᠠᠭ᠎ᠠ ᠠᠴᠠ ᠪᠠᠨ ᠲᠡᠤᠬᠡ ᠶᠢᠨ ᠳᠤᠷᠠᠰᠬᠠᠯᠲᠤ ᠵᠦᠢᠯᠡᠰ   ᠢ ᠬᠠᠷᠢᠶ᠎ᠠ ᠭᠠᠵᠠᠷ ᠲᠤ ᠨᠢ ᠰᠢᠯᠵᠢᠭᠦᠯᠦᠨ ᠲᠤᠰᠢᠶᠠᠵᠤ ᠪᠠᠢᠭ᠎ᠠ ᠶᠠᠪᠤᠳᠠᠯ ᠪᠤᠯᠬᠤ ᠶᠤᠮ᠃      ᠲᠣᠰ ᠤᠳᠠᠭ᠎ᠠ ᠶᠢᠨ ᠰᠢᠯᠵᠢᠭᠦᠯᠦᠨ ᠲᠤᠰᠢᠶᠠᠭᠰᠠᠨ ᠲᠡᠦᠬᠡ ᠶᠢᠨ ᠳᠤᠷᠠᠰᠬᠠᠯᠲᠤ ᠵᠦᠢᠯᠡᠰ ᠪᠣᠯ 2023 ᠣᠨ   ᠤ 9 ᠰᠠᠷ᠎ᠠ ᠳᠤ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ   ᠤᠨ ᠬᠠᠭᠤᠴᠢ ᠰᠤᠳᠤᠯᠤᠯ   ᠤᠨ ᠬᠦᠷᠢᠶᠡᠯᠡᠩ ᠰᠢᠯᠢ ᠶᠢᠨ ᠬᠤᠳᠠ ᠶᠢᠨ ᠮᠣᠳᠣᠨ ᠮᠠᠯᠵᠢᠯ   ᠤᠨ ᠲᠠᠯᠠᠪᠠᠶ ᠶᠢᠨ ᠯᠢᠶᠣᠤ ᠤᠯᠤᠰ ᠤᠨ ᠣᠩᠭᠤᠨ   ᠢ ᠠᠪᠤᠷᠠᠯᠳᠠ ᠶᠢᠨ ᠴᠢᠨᠠᠷᠲᠠᠢ ᠪᠠᠷ ᠠᠭᠤᠳᠠᠯᠤᠨ ᠮᠠᠯᠲᠠᠬᠤ ᠦᠶ᠎ᠠ ᠳᠤ ᠤᠯᠳᠠᠭᠰᠠᠨ ᠲᠡᠤᠬᠡ ᠶᠢᠨ ᠲᠤᠷᠠᠰᠬᠠᠯᠳᠤ ᠵᠦᠢᠯᠡᠰ ᠪᠤᠯᠤᠨ᠎ᠠ᠃ ᠡᠭᠦᠨ ᠳᠤ ᠬᠠᠰ ᠡᠳ᠋ᠯᠡᠯ᠂ ᠵᠡᠰ ᠬᠡᠷᠡᠭᠰᠡᠯ ᠵᠡᠷᠭᠡ 12 ᠢᠵᠢ  ᠪᠠᠶᠢᠵᠣ᠂ ᠪᠦᠬᠦᠨ   ᠢ ᠰᠢᠯᠢ ᠶᠢᠨ ᠬᠤᠳᠠ ᠶᠢᠨ ᠲᠡᠦᠬᠡ ᠶᠢᠨ ᠳᠤᠷᠠᠰᠬᠠᠯᠲᠤ ᠵᠦᠢᠯᠡᠰ   ᠤᠨ ᠬᠠᠮᠠᠭᠠᠯᠠᠯᠲᠠ ᠶᠢᠨ ᠲᠥᠪ ᠲᠤ ᠰᠢᠯᠵᠢᠭᠦᠯᠦᠨ ᠥᠭᠴᠦ ᠬᠠᠮᠠᠭᠠᠯᠠᠯᠳᠠ᠂ ᠳᠡᠯᠭᠡᠨ ᠦᠵᠡᠭᠦᠯᠭᠡ ᠪᠠ ᠠᠰᠢᠭᠯᠠᠯᠳᠠ ᠳᠤ ᠤᠷᠤᠭᠤᠯᠪᠠ᠃ ᠤᠢᠯᠠᠭᠠᠭᠰᠠᠨ   ᠢᠶᠠᠷ᠂ ᠥᠪᠡᠷᠲᠡᠭᠡᠨ ᠵᠠᠰᠠᠬᠤ ᠣᠷᠣᠨ   ᠤ ᠲᠡᠦᠬᠡ ᠶᠢᠨ ᠳᠤᠷᠠᠰᠬᠠᠯᠲᠤ ᠵᠦᠢᠯᠡᠰ ᠬᠠᠭᠤᠴᠢ ᠰᠤᠳᠤᠯᠤᠯ   ᠤᠨ ᠬᠦᠷᠢᠶᠡᠯᠡᠩ ︽ᠪᠥᠬᠦᠳᠡ  ᠨᠠᠶᠢᠷᠠᠮᠳᠠᠬᠤ ᠳᠤᠮᠳᠠᠳᠤ ᠠᠷᠠᠳ ᠤᠯᠤᠰ   ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠬᠠᠤᠯᠢ︾ ᠶᠢ ᠦᠨᠳᠦᠰᠦᠯᠡᠨ ᠮᠠᠯᠲᠠᠵᠤ ᠭᠠᠷᠭᠠᠭᠰᠠᠨ ᠲᠡᠦᠬᠡ ᠶᠢᠨ ᠳᠤᠷᠠᠰᠬᠠᠯᠲᠤ ᠵᠦᠢᠯᠡᠰ   ᠢ ᠰᠢᠯᠵᠢᠭᠦᠯᠦᠨ ᠲᠤᠰᠢᠶᠠᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠵᠢᠯᠯᠠᠭᠠᠨ   ᠤ ᠠᠷᠭ᠎ᠠ ᠬᠡᠮᠵᠢᠶ᠎ᠡ ᠶᠢ ᠨᠠᠷᠢᠯᠢᠭᠵᠢᠭᠤᠯᠣᠨ᠂ ᠠᠭᠤᠳᠠᠯᠵᠦ ᠭᠠᠷᠭᠠᠭᠰᠠᠨ ᠲᠡᠦᠬᠡ ᠶᠢᠨ ᠳᠤᠷᠠᠰᠬᠠᠯᠲᠤ ᠵᠦᠢᠯᠡᠰ   ᠢ ᠰᠢᠯᠵᠢᠭᠦᠯᠦᠨ ᠲᠤᠰᠢᠶᠠᠬᠤ ᠠᠵᠢᠯ   ᠤᠨ ᠵᠢᠷᠦᠮᠵᠢᠯᠲᠡ ᠶᠢ ᠠᠬᠢᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ   ᠤᠨ ᠡᠬᠢ ᠪᠠᠶᠠᠯᠢᠭ  ᠢ ᠠᠮᠢᠳᠤᠯᠢᠭ  ᠰᠠᠶᠢᠳᠣᠷ ᠬᠡᠷᠡᠭᠯᠡᠵᠦ᠂ ᠲᠡᠦᠬᠡ ᠶᠢᠨ ᠳᠤᠷᠠᠰᠬᠠᠯᠲᠤ ᠵᠦᠢᠯᠡᠰ   ᠤᠨ  ᠨᠡᠶᠢᠭᠡᠮ ᠤᠨ ᠦᠷ᠎ᠡ  ᠠᠰᠢᠭ ᠢ ᠭᠦᠢᠴᠡᠳ ᠪᠠᠳᠠᠷᠠᠭᠤᠯᠬᠤ ᠪᠣᠯᠣᠨ᠎ᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号