ᠰᠤᠶᠤᠯ ᠤᠨ ᠦᠪ ᠠᠴᠠ ᠰᠠᠶᠢᠬᠠᠨ ᠵᠤᠭᠤᠭ ᠤᠨᠳᠤᠷᠤᠨ᠎ᠠ
ᠨᠡᠶᠢᠲᠡᠯᠡᠭᠰᠡᠨ ᠴᠠᠭ᠄
2024/7/16
     ︽ᠤᠮᠠᠷᠠᠲᠤ ᠬᠢᠯᠢ ᠢᠢᠨ ᠰᠣᠶᠣᠯ ᠢ ᠪᠠᠳᠠᠷᠠᠭᠤᠯᠵᠤ ᠰᠣᠶᠣᠯ ᠵᠢᠭᠤᠯᠴᠢᠯᠠᠯ ᠤᠨ ᠬᠡᠷᠡᠭᠯᠡᠭᠡ ᠶᠢ ᠠᠬᠢᠭᠤᠯᠬᠤ︾ ᠪᠠᠷ ᠭᠤᠤᠯ ᠰᠡᠳᠤᠪ ᠪᠤᠯᠭᠠᠭᠰᠠᠨ ᠤᠮᠠᠷᠠᠲᠤ ᠬᠢᠯᠢ   ᠶᠢᠨ ᠪᠣᠳᠠᠰ ᠤᠨ ᠪᠤᠰᠤ ᠰᠣᠶᠣᠯ ᠤᠨ ᠥᠪ ᠤᠨ ᠰᠣᠳᠣᠨ ᠪᠦᠲᠦᠭᠡᠯ ᠤᠨ ᠦᠵᠡᠬᠦᠯᠬᠡ ᠬᠦᠬᠡᠬᠤᠳᠠ ᠳᠠᠬᠢ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠳᠤ ᠬᠦᠷ ᠬᠦᠭᠵᠢᠶᠡᠨ ᠲᠠᠢ ᠦᠷᠬᠦᠯᠵᠢᠯᠡᠵᠤ᠂ ᠳᠠᠭᠤᠤ ᠬᠤᠭᠤᠷ ᠬᠦᠭᠯᠡᠨ ᠳᠠᠭᠤᠷᠢᠰᠬᠠᠯᠳᠦ ᠲᠡᠥᠬᠡ ᠲᠠᠯᠬᠡᠭᠳᠡᠵᠤ᠂ ᠰᠤᠶᠤᠯ ᠤᠨ ᠰᠢᠮ᠎ᠠ ᠶᠢ ᠲᠦᠮᠡᠨ ᠤᠯᠠᠨ ᠳᠤ ᠲᠦᠭᠡᠭᠡᠨ᠎ᠠ᠃      ᠦᠨᠳᠦᠰᠦᠲᠡᠨ ᠤ ᠪᠦᠯᠬᠦᠮᠳᠡᠯ ᠨᠢᠭᠳᠠᠷᠠᠯ ᠢ ᠲᠠᠭᠤᠯᠠᠭᠰᠠᠨ ᠸᠠᠩ ᠵᠣᠣ ᠵᠢᠶᠦ᠋ᠨ ᠤ ᠦᠯᠢᠬᠡᠷ ᠲᠤᠭᠯᠠᠯᠳᠠ᠂ ᠡᠷᠬᠡ ᠲᠡᠭᠰᠢ ᠪᠠᠷ ᠥᠷᠢᠰᠦᠯᠳᠦᠬᠦ ᠪᠡᠶ᠎ᠡ ᠲᠠᠮᠢᠷ ᠤᠨ ᠵᠣᠷᠢᠭ ᠰᠠᠨᠠᠭ᠎ᠠ ᠶᠢ ᠢᠯᠡᠷᠡᠭᠦᠯᠦᠭᠰᠡᠨ ᠲᠠᠯ᠎ᠠ ᠨᠤᠳᠤᠭ ᠤᠨ ᠨᠠᠭᠠᠳᠤᠮ ᠤᠨ ᠬᠤᠷᠠᠯ᠂ ᠲᠡᠰᠪᠦᠷᠢ ᠬᠠᠲᠠᠭᠤᠵᠢᠯᠲᠠᠢ ᠪᠠᠷ ᠲᠡᠮᠡᠴᠡᠬᠦ᠂ ᠬᠠᠷᠠᠮ ᠦᠭᠡᠢ ᠵᠣᠷᠢᠭᠤᠯᠬᠤ᠂ ᠴᠥᠬᠦᠷᠡᠰᠢ ᠦᠭᠡᠢ ᠴᠢᠷᠮᠠᠶᠢᠬᠤ ︽ᠤᠮᠠᠷᠠᠲᠤ   ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠶᠢ ᠬᠠᠷᠠᠭᠤᠯᠤᠭᠰᠠᠨ ᠭᠠᠷ ᠤᠷᠠᠯᠠᠯ ᠭᠦᠨ ᠵᠤᠵᠠᠭᠠᠨ ᠤᠮᠠᠷᠠᠲᠤ ᠬᠢᠯᠢ ᠶᠢᠨ ᠣᠨᠴᠠᠯᠢᠭ ᠲᠠᠢ ᠴᠢᠯᠠᠭᠤᠨ ᠰᠡᠶᠢᠯᠦᠮᠡᠯ᠂ ᠬᠠᠰ ᠰᠡᠶᠢᠯᠦᠮᠡᠯ ᠤᠨ ᠤᠷ᠎ᠠ ᠮᠡᠷᠭᠡᠵᠢᠯ᠂ ᠠᠷᠠᠳ ᠤᠨ ᠠᠮᠢᠳᠤᠷᠠᠯ ᠨᠤᠲᠤᠭ ᠤᠰᠤᠨ ᠤ ᠵᠠᠩ ᠦᠢᠯᠡ ᠶᠢ ᠬᠠᠷᠠᠭᠤᠯᠤᠭᠰᠠᠨ ᠰᠡᠭᠦᠳᠡᠷ︔ ᠤᠮᠠᠷᠠᠲᠤ ᠬᠢᠯᠢ   ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠭᠤᠳᠠᠮ ᠪᠠᠭᠲᠠᠭᠠᠮᠵᠢ᠂ ᠡᠭᠡᠯ ᠪᠣᠷᠣᠭᠵᠢᠭᠤᠨ ᠵᠠᠩ ᠠᠭᠠᠰᠢ ᠪᠠ ᠭᠤᠸ᠎ᠠ ᠲᠠᠭᠠᠰᠢᠶᠠᠯ ᠤᠨ ᠳᠤᠷ᠎ᠠ ᠰᠣᠨᠢᠷᠬᠠᠯ ᠢ ᠢᠯᠡᠷᠡᠭᠦᠯᠵᠦ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠲᠤᠰᠬᠠᠭᠰᠠᠨ ᠬᠤᠪᠴᠠᠰᠤ ᠵᠠᠰᠠᠯ ᠤᠨ ᠰᠣᠶᠣᠯ︔ ᠡᠬᠡ ᠪᠠᠶᠢᠭᠠᠯᠢ   ᠶᠢᠨ ᠥᠩᠭᠡᠲᠦ ᠡᠯᠡᠰᠦ ᠪᠠᠷ ᠬᠤᠷᠴᠠ ᠲᠣᠳᠣ ᠵᠢᠷᠤᠭᠠᠰᠤ ᠪᠠ ᠤᠶᠠᠨ ᠵᠥᠭᠡᠯᠡᠨ ᠪᠤᠷᠤᠭᠵᠢᠭᠤᠨ ᠥᠩᠭᠡ ᠪᠤᠳᠤᠭ ᠢᠶᠠᠷ ᠨᠤᠲᠤᠭ ᠤᠰᠤᠨ ᠤ ᠪᠠᠨ ᠥᠯᠢᠭᠡᠷ ᠢ ᠶᠠᠷᠢᠵᠤ᠂ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠮᠦᠷᠦᠭᠡᠳᠦᠯ ᠢᠶᠠᠨ ᠪᠢᠴᠢᠭᠯᠡᠭᠰᠡᠨ ᠡᠯᠡᠰᠦᠨ ᠵᠢᠷᠤᠭ︔ ᠣᠬᠢ ᠰᠢᠯᠢᠳᠡᠭ᠂ ᠰᠢᠮ᠎ᠡ ᠲᠡᠵᠢᠭᠡᠯ ᠲᠠᠢ᠂ ᠴᠤᠯ ᠪᠠᠶᠢᠭᠠᠯᠢ ᠶᠢᠨ᠂ ᠪᠣᠬᠢᠷᠲᠤᠯ ᠦᠭᠡᠢ᠂ ᠠᠮᠢᠳᠤᠷᠠᠯ ᠤᠨ ᠣᠶᠤᠨ ᠤᠬᠠᠭᠠᠨ ᠢᠶᠠᠷ ᠪᠢᠯᠬᠠᠭᠰᠠᠨ ᠢᠳᠡᠭᠡᠨ ᠤᠮᠳᠠᠭᠠᠨ ᠤ ᠲᠥᠷᠥᠯ ᠤᠨ ᠪᠣᠳᠠᠰ ᠤᠨ ᠪᠤᠰᠤ ᠰᠣᠶᠣᠯ ᠤᠨ ᠥᠪ ᠵᠡᠷᠭᠡ ᠰᠤᠳᠤᠨ ᠰᠠᠶᠢᠬᠠᠨ ᠰᠤᠶᠤᠯ ᠤᠨ ᠦᠪ ᠤᠨ ᠪᠦᠳᠦᠭᠡᠯ ᠨᠦᠭᠦᠳ ᠨᠢ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠨ᠂ ᠡᠬᠡ ᠤᠯᠤᠰ ᠤᠨ ᠬᠢᠯᠢ ᠬᠢᠵᠠᠭᠠᠷ ᠤᠨ ᠠᠮᠤᠷ ᠲᠦᠪᠰᠢᠨ ᠢ ᠬᠠᠮᠲᠤ ᠪᠠᠷ ᠪᠠᠳᠤᠯᠠᠵᠦ᠂ ᠡᠬᠡ ᠤᠯᠤᠰ ᠤᠨ ᠨᠤᠲᠤᠭ ᠳᠡᠪᠢᠰᠬᠡᠷ ᠤᠨ ᠪᠦᠷᠢᠨ ᠪᠦᠲᠦᠨ ᠢ ᠬᠠᠮᠲᠤ ᠪᠠᠷ ᠬᠠᠮᠠᠭᠠᠯᠠᠭᠰᠠᠨ ᠲᠡᠮᠡᠴᠡᠯ ᠤᠨ ᠥᠩᠭᠡᠷᠡᠯᠲᠡ ᠪᠠ ᠤᠯᠤᠰ ᠢᠶᠠᠨ ᠬᠠᠶᠢᠷᠠᠯᠠᠵᠤ ᠦᠨᠡᠨᠴᠢ ᠰᠢᠳᠤᠷᠭᠤ ᠪᠠᠷ ᠬᠤᠪᠢ ᠨᠡᠮᠡᠷᠢ ᠦᠵᠡᠭᠦᠯᠬᠦ᠂ ᠬᠢᠯᠢ ᠬᠢᠵᠠᠭᠠᠷ ᠢ ᠰᠠᠬᠢᠵᠤ ᠬᠢᠯᠢ ᠬᠢᠵᠠᠭᠠᠷ ᠢ ᠬᠠᠮᠠᠭᠠᠯᠠᠬᠤ ᠰᠢᠯᠢᠳᠡᠭ ᠤᠯᠠᠮᠵᠢᠯᠠᠯ ᠪᠠ ᠦᠨᠳᠦᠰᠦᠲᠡᠨ ᠤ ᠪᠦᠯᠬᠦᠮᠳᠡᠯ ᠤᠨ ᠡᠷᠬᠢᠮ ᠨᠠᠨᠳᠢᠨ ᠵᠠᠩ ᠴᠢᠨᠠᠷ ᠵᠢᠴᠢ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠴᠣᠭᠴᠠᠯᠠᠬᠤ ᠠᠮᠢᠳᠤᠯᠢᠭ ᠵᠢᠷᠤᠭ ᠤᠳ ᠢ ᠨᠢᠭᠡᠳ ᠨᠢᠭᠡ ᠪᠠᠷ ᠲᠠᠯᠬᠡᠨ᠎ᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号