ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 34 ᠳ᠋ᠦ᠋ᠭᠡᠷ ᠬᠤᠭᠤᠴᠠᠭᠠᠨ ᠤ ᠲᠠᠯ᠎ᠠ ᠨᠤᠲᠤᠭ  ᠤᠨ ᠨᠠᠭᠠᠳᠤᠮ ᠡᠬᠢᠯᠡᠯ᠎ᠡ
ᠨᠡᠶᠢᠲᠡᠯᠡᠭᠰᠡᠨ ᠴᠠᠭ᠄
2024/7/16
     ᠦᠵᠡᠰᠬᠦᠯᠡᠩᠲᠦ ᠰᠠᠶᠢᠬᠠᠨ ᠡᠬᠡ ᠣᠷᠣᠨ ᠤ ᠮᠠᠨᠢ ᠤᠮᠠᠷᠠᠲᠤ ᠬᠢᠯᠢ ᠳᠤ ᠪᠠᠶᠢᠷᠢᠯᠠᠵᠤ᠂ ᠥᠷᠭᠡᠨ ᠠᠭᠤᠳᠠᠮ ᠥᠩ ᠰᠢᠮᠡᠯᠢᠭ ᠥᠪᠥᠷ ᠮᠣᠩᠭᠤᠯ ᠤᠨ ᠮᠠᠯ ᠠᠵᠤ ᠠᠬᠤᠢ᠂ ᠡᠨᠧᠷᠭᠢ ᠶᠢᠨ ᠴᠢᠬᠤᠯᠠ ᠰᠠᠭᠤᠷᠢᠨ ᠪᠣᠯᠣᠭᠰᠠᠨ ᠰᠢᠯᠢ  ᠶᠢᠨ ᠭᠤᠣᠯ ᠠᠶᠢᠮᠠᠭ ᠪᠣᠯ ᠥᠨᠢ ᠡᠷᠲᠡᠨ ᠤ ᠲᠡᠦᠬᠡ ᠲᠠᠢ᠂ ᠥᠪᠡᠷᠮᠢᠴᠡ ᠰᠣᠶᠣᠯ ᠤᠨ ᠤᠯᠪᠠᠭ᠎ᠠ ᠲᠠᠢ᠂ ᠦᠨᠳᠦᠰᠦᠲᠡᠨ ᠨᠦᠭᠦᠳ ᠤᠨ ᠠᠷᠠᠳ ᠲᠦᠮᠡᠨ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠭᠰᠡᠨ ︽ᠡᠬᠡ ᠤᠯᠤᠰ  ᠤᠨ ᠤᠮᠠᠷᠠᠲᠤ ᠬᠠᠭᠠᠯᠭ᠎ᠠ︾᠂ ᠨᠡᠶᠢᠰᠯᠡᠯ ᠤᠨ ︽ᠬᠠᠯᠬᠠᠪᠴᠢ︾ ᠭᠡᠰᠡᠨ ᠰᠠᠶᠢᠬᠠᠨ ᠠᠯᠳᠠᠷᠲᠠᠢ ᠪᠢᠯᠡ᠃      ᠥᠨᠥᠳᠥᠷ ᠰᠢᠯᠢ ᠶᠢᠨ ᠭᠤᠣᠯ ᠤᠨ ᠠᠭᠤᠳᠠᠮ ᠨᠤᠲᠤᠭ ᠪᠠᠶᠠᠷ ᠤᠨ ᠳᠠᠯᠠᠢ ᠳᠤ ᠱᠤᠮᠪᠠᠵᠤ᠂ ᠴᠡᠩᠭᠡᠯ ᠤᠨ ᠳᠠᠭᠤᠨ ᠳᠤ ᠴᠠᠯᠭᠢᠵᠤ ᠪᠠᠶᠢᠨ᠎ᠠ᠃ ᠤᠷᠤᠰᠬᠠᠯ ᠲᠤᠩᠭᠠᠯᠠᠭ ᠰᠢᠯᠢ ᠶᠢᠨ ᠭᠤᠣᠯ ᠤᠨ ᠬᠥᠪᠡᠭᠡᠨ ᠳᠠᠬᠢ ᠠᠵᠠ ᠶᠢᠨ ᠬᠤᠷᠸ᠎ᠠ ᠰᠢᠯᠢ ᠶᠢᠨ ᠬᠤᠲᠠ ᠶᠢᠨ ᠰᠢᠷᠠᠲᠠᠯ᠎ᠠ ᠶᠢᠨ ᠨᠣᠭᠤᠭᠠᠨ ᠳᠡᠨᠵᠢᠨ ᠳᠡᠭᠡᠷ᠎ᠡ ᠠᠷᠠᠳ ᠣᠯᠠᠨ ᠤ ᠬᠥᠭᠰᠡᠨ ᠬᠦᠯᠢᠶᠡᠭᠰᠡᠨ ︽ᠲᠠᠯ᠎ᠠ ᠨᠤᠲᠤᠭ ᠤᠨ ᠨᠠᠨᠳᠢᠨ ᠪᠣᠯᠵᠤᠭ᠎ᠠ · ᠲᠠᠩᠰᠤᠭ ᠨᠠᠭᠠᠳᠤᠮ ᠤᠨ ᠪᠠᠶᠠᠷᠲᠤ ᠵᠣᠯᠭᠠᠯᠲᠠ︾ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 34 ᠳ᠋ᠦ᠋ᠭᠡᠷ ᠬᠤᠭᠤᠴᠠᠭᠠᠨ ᠤ ᠲᠠᠯ᠎ᠠ ᠨᠤᠲᠤᠭ ᠤᠨ ᠨᠠᠭᠠᠳᠤᠮ ᠤᠨ ᠡᠬᠢᠯᠡᠯᠲᠡ ᠶᠢᠨ ᠶᠣᠰᠣᠯᠠᠯ ᠤᠳᠬ᠎ᠠ ᠲᠡᠭᠦᠯᠳᠡᠷ ᠡᠬᠢᠯᠡᠯ᠎ᠡ᠃      ᠡᠨᠡ ᠤᠳᠠᠭᠠᠨ ᠤ ᠨᠠᠭᠠᠳᠤᠮ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠠᠶᠠᠯᠠᠯ ᠵᠢᠭᠤᠯᠴᠢᠯᠠᠯ ᠤᠨ ᠲᠢᠩᠬᠢᠮ᠂ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠭᠤᠣᠯᠯᠠᠨ ᠡᠷᠬᠢᠯᠡᠵᠦ᠂ ᠰᠢᠯᠢ  ᠶᠢᠨ ᠭᠤᠣᠯ ᠠᠶᠢᠮᠠᠭ ᠤᠨ ᠰᠣᠶᠣᠯ ᠪᠡᠶ᠎ᠡ ᠶᠢᠨ ᠲᠠᠮᠢᠷ ᠠᠶᠠᠯᠠᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠠᠭᠠᠭᠠᠴᠢᠯᠠᠨ ᠡᠷᠬᠢᠯᠡᠭᠰᠡᠨ ᠪᠥᠭᠡᠳ ᠮᠣᠩᠭᠤᠯ ᠦᠨᠳᠦᠰᠦᠲᠡᠨ ᠤ ᠤᠯᠠᠮᠵᠢᠯᠠᠯᠲᠤ ᠡᠷ᠎ᠡ ᠶᠢᠨ ᠭᠤᠷᠪᠠᠨ ᠨᠠᠭᠠᠳᠤᠮ᠂ ᠬᠡᠦᠬᠡᠳ ᠤᠨ ᠨᠠᠭᠠᠳᠤᠮ᠂ ᠥᠨᠢᠷ ᠰᠦᠷᠦᠭ ᠤᠨ ᠰᠢᠯᠭᠠᠷᠠᠭᠤᠯᠤᠯᠲᠠ᠂ ᠰᠢᠯᠢ ᠶᠢᠨ ᠬᠤᠲᠠ ᠶᠢᠨ ᠭᠤᠷᠪᠠᠳᠤᠭᠠᠷ ᠬᠤᠭᠤᠴᠠᠭᠠᠨ ᠤ ᠴᠠᠭᠠᠨ ᠢᠳᠡᠭᠡᠨ ᠤ ᠰᠣᠶᠣᠯ ᠤᠨ ᠨᠠᠶᠢᠷ᠂ ᠮᠠᠰᠢᠨ ᠲᠡᠷᠭᠡᠨ ᠤ ᠨᠠᠭᠠᠳᠤᠮ᠂ ᠪᠡᠶᠡᠲᠦ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠦᠷ᠎ᠡ ᠪᠦᠲᠦᠭᠡᠯ ᠤᠨ ᠦᠵᠡᠰᠬᠦᠯᠡᠩ᠂ ᠲᠠᠯ᠎ᠠ ᠨᠤᠲᠤᠭ ᠤᠨ ᠳᠠᠭᠤᠤ ᠬᠥᠭᠵᠢᠮ ᠤᠨ ᠪᠠᠶᠠᠷ᠂ ᠰᠢᠯᠢ ᠶᠢᠨ ᠭᠤᠣᠯ ᠤᠨ ᠣᠨᠴᠠᠯᠢᠭᠲᠤ ᠠᠮᠲᠠᠲᠤ ᠢᠳᠡᠭᠡᠨ ᠬᠢᠬᠦ ᠤᠷᠤᠯᠳᠤᠭᠠᠨ ᠵᠡᠷᠭᠡ ᠶᠢ ᠲᠣᠬᠢᠷᠠᠭᠤᠯᠤᠭᠰᠠᠨ ᠪᠥᠭᠡᠳ ᠵᠢᠭᠤᠯᠴᠢᠳ ᠲᠤ ᠵᠣᠷᠢᠭᠤᠯᠤᠭᠰᠠᠨ ᠱᠠᠭ᠎ᠠ ᠲᠣᠭᠯᠠᠭᠠᠮ᠂ ᠲᠡᠷᠯᠢᠭ ᠡᠮᠦᠰᠬᠦ᠂ ᠪᠥᠬᠡ ᠪᠠᠷᠢᠯᠳᠤᠬᠤ ᠦᠨᠳᠦᠰᠦᠲᠡᠨ ᠤ ᠣᠨᠴᠠᠯᠢᠭᠲᠤ ᠨᠠᠭᠠᠳᠤᠮ ᠤᠨ ᠲᠥᠷᠥᠯ ᠢ ᠲᠣᠬᠢᠷᠠᠭᠤᠯᠤᠭᠰᠠᠨ ᠪᠠᠶᠢᠨ᠎ᠠ᠃ ᠡᠭᠦᠨ ᠠᠴᠠ ᠭᠠᠳᠠᠨ᠎ᠠ 2024 ᠣᠨ ᠤ ᠰᠢᠯᠢ ᠶᠢᠨ ᠭᠤᠣᠯ ᠤᠨ ᠴᠠᠬᠢᠮ ᠬᠤᠳᠠᠯᠳᠤᠭᠠᠨ ᠤ ᠠᠵᠢᠯᠯᠠᠭ᠎ᠠ ᠨᠢ ᠰᠢᠯᠢ ᠶᠢᠨ ᠭᠤᠣᠯ ᠤᠨ ᠣᠨᠴᠠᠯᠢᠭᠲᠤ ᠪᠦᠲᠦᠭᠡᠭᠳᠡᠬᠦᠨ ᠢ ᠰᠦᠯᠵᠢᠶ᠎ᠡ ᠪᠠᠷ ᠪᠣᠷᠣᠯᠠᠭᠤᠯᠬᠤ ᠪᠣᠯᠣᠨ᠎ᠠ᠃
 
ᠢᠷᠡᠯᠲᠡ᠄ ᠲᠣᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号