ᠵᠡᠭᠦᠨ ᠦᠵᠦᠮᠦᠴᠢᠨ ᠬᠤᠰᠢᠭᠤᠨ ᠤ ᠤᠯᠠᠭᠠᠨᠮᠦ᠋ᠴᠢᠷ ᠨᠢ 1958 ᠣᠨ ᠤ 6 ᠰᠠᠷ᠎ᠠ ᠳᠤ | ᠪᠠᠶᠢᠭᠤᠯᠤᠭᠳᠠᠭᠰᠠᠨ ᠮᠠᠨ ᠤ ᠣᠷᠣᠨ ᠤ ᠨᠡᠯᠢᠶᠡᠳ ᠡᠷᠲᠡ ᠪᠠᠶᠢᠭᠤᠯᠤᠭᠳᠠᠭᠰᠠᠨ ᠤᠯᠠᠭᠠᠨᠮᠦ᠋ᠴᠢᠷ ᠤᠨ ᠨᠢᠭᠡ ᠶᠤᠮ ᠃ | ᠨᠠᠮ ᠤᠨ ᠤᠳᠬ᠎ᠠ ᠤᠷᠠᠯᠢᠭ ᠤᠨ ᠴᠢᠭᠯᠡᠯᠲᠡ ᠶᠢ ᠡᠷᠡᠰ ᠪᠠᠷᠢᠮᠲᠠᠯᠠᠵᠤ᠂ ᠲᠠᠯ᠎ᠠ ᠨᠤᠲᠤᠭ ᠲᠠᠭᠠᠨ ᠦᠨᠳᠦᠰᠦᠯᠡᠨ᠂ | ᠮᠠᠯᠴᠢᠨ ᠲᠦᠮᠡᠨ ᠳᠡᠭᠡᠨ ᠦᠢᠯᠡᠴᠢᠯᠡᠵᠦ᠂ ᠥᠪᠡᠷ ᠤᠨ ᠲᠣᠭᠯᠠᠬᠤ᠂ ᠤᠬᠠᠭᠤᠯᠬᠤ᠂ ᠵᠢᠭᠠᠨ ᠵᠢᠯᠥᠭᠤᠳᠬᠤ᠂ | ᠦᠢᠯᠡᠴᠢᠯᠡᠬᠦ᠂ ᠵᠣᠬᠢᠶᠠᠨ ᠪᠥᠲᠦᠭᠡᠬᠦ᠂ ᠰᠢᠨ᠎ᠡ ᠶᠢ ᠡᠭᠦᠳᠬᠦ᠂ ᠤᠯᠠᠮᠵᠢᠯᠠᠬᠤ᠂ ᠰᠤᠶᠤᠯ ᠤᠨ ᠰᠣᠯᠢᠯᠴᠠᠭ᠎ᠠ ᠬᠢᠬᠦ | ᠪᠦᠷᠢᠨ ᠴᠢᠳᠠᠪᠤᠷᠢ ᠪᠠᠨ ᠭᠦᠢᠴᠡᠳ ᠪᠠᠳᠠᠷᠠᠭᠤᠯᠤᠨ᠂ ᠰᠤᠶᠤᠯ ᠤᠨ ᠡᠩᠨᠡᠭᠡᠨ ᠳᠤ ᠬᠤᠰᠢᠭᠤᠴᠢᠯᠠᠨ ᠶᠠᠪᠤᠭ᠎ᠠ | ᠬᠤᠪᠢᠰᠬᠠᠯᠲᠦ ᠤᠳᠬ᠎ᠠ ᠤᠷᠠᠯᠢᠭ ᠤᠨ ᠬᠥᠩᠭᠡᠨ ᠮᠤᠷᠢᠲᠦ ᠴᠡᠷᠢᠭ ᠪᠢᠯᠡ᠃ ᠤᠯᠠᠭᠠᠨᠮᠥ᠋ᠴᠢᠷ ᠪᠣᠯ ᠦᠨᠳᠦᠰᠦᠨ | ᠱᠠᠲᠤᠨ ᠳᠤ ᠬᠠᠨᠳᠤᠭᠰᠠᠨ᠂ ᠣᠯᠠᠨ ᠲᠦᠮᠡᠨ ᠳᠤ ᠬᠠᠨᠳᠤᠭᠰᠠᠨ ᠲᠡᠷᠢᠭᠦᠨ ᠤ ᠴᠢᠨᠠᠷ᠂ ᠣᠯᠠᠨ ᠲᠦᠮᠡᠨᠴᠢ ᠴᠢᠨᠠᠷ᠂ | ᠦᠨᠳᠦᠰᠦᠲᠡᠨ ᠤ ᠴᠢᠨᠠᠷ᠂ ᠴᠠᠭ ᠦᠶᠡᠴᠢ ᠴᠢᠨᠠᠷ ᠢ ᠪᠦᠷᠢᠯᠳᠦᠭᠦᠯᠦᠭᠰᠡᠨ ᠡᠩᠨᠡᠭᠡ ᠨᠢ ᠴᠣᠮᠬᠠᠨ ᠴᠢᠨᠠᠷᠵᠢᠭᠤᠨ᠂ | ᠲᠣᠭᠯᠠᠭᠴᠢ ᠨᠢ ᠨᠢᠭᠡ ᠳᠤ ᠮᠡᠷᠭᠡᠰᠢᠵᠦ ᠣᠯᠠᠨ ᠳᠤ ᠴᠠᠭᠠᠷᠠᠭᠰᠠᠨ᠂ ᠲᠣᠭᠯᠠᠯᠲᠠ ᠨᠢ ᠣᠬᠤᠷ ᠠᠪᠰᠠᠷᠬᠠᠨ ᠪᠥᠭᠡᠳ | ᠪᠠᠶᠠᠯᠢᠭ ᠠᠭᠤᠯᠭ᠎ᠠ ᠲᠠᠢ ᠤᠳᠬ᠎ᠠ ᠤᠷᠠᠯᠢᠭ ᠤᠨ ᠠᠵᠢᠯ ᠤᠨ ᠪᠦᠯᠬᠦᠮ ᠪᠣᠯᠤᠨ᠎ᠠ᠃ | ᠤᠯᠠᠭᠠᠨᠮᠥ᠋ᠴᠢᠷ ᠭᠡᠳᠡᠭ ᠨᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠬᠠᠤᠯᠢ ᠶᠣᠰᠣᠭᠠᠷ ᠪᠠᠶᠢᠭᠤᠯᠤᠭᠰᠠᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ | ᠦᠢᠯᠡᠰ ᠤᠨ ᠨᠢᠭᠡᠴᠡ ᠳᠤ ᠬᠠᠷᠢᠶᠠᠯᠠᠭᠳᠠᠵᠤ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ | ᠲᠣᠭᠲᠠᠯᠴᠠᠭ᠎ᠠ ᠶᠢᠨ ᠴᠢᠬᠤᠯᠠ ᠪᠦᠷᠢᠯᠳᠦᠬᠦᠨ ᠬᠡᠰᠡᠭ ᠪᠣᠯᠣᠨ᠎ᠠ᠃ | ᠵᠡᠭᠦᠨ ᠦᠵᠦᠮᠦᠴᠢᠨ ᠬᠤᠰᠢᠭᠤᠨ ᠤ ᠤᠯᠠᠭᠠᠨᠮᠦ᠋ᠴᠢᠷ ᠨᠢ ᠣᠳᠣ 32 ᠲᠣᠭᠯᠠᠭᠴᠢ ᠲᠠᠢ᠂ ᠡᠭᠦᠨ ᠳᠤ ᠵᠢᠩᠭᠢᠨᠢ | ᠣᠷᠣᠨ ᠲᠤᠭ᠎ᠠ ᠲᠠᠢ ᠲᠣᠭᠯᠠᠭᠴᠢ 11 ᠬᠦᠮᠦᠨ᠂ 21 ᠣᠷᠣᠨ ᠲᠤᠭ᠎ᠠ ᠠᠴᠠ ᠭᠠᠳᠠᠨ᠎ᠠ ᠡᠳ᠋ ᠤᠨ ᠵᠠᠰᠠᠭ ᠠᠴᠠ | ᠴᠠᠯᠢᠩ ᠤᠯᠭᠤᠵᠤ ᠪᠠᠶᠢᠭ᠎ᠠ ᠲᠣᠭᠯᠠᠭᠴᠢ ᠲᠠᠢ᠃ ᠡᠭᠦᠨ ᠳᠤ᠂ ᠱᠦᠵᠢ 1 ᠨᠡᠷ᠎ᠡ᠂ ᠳᠠᠷᠤᠭ᠎ᠠ 1 ᠨᠡᠷ᠎ᠡ᠂ ᠳᠡᠳ᠋ | ᠳᠠᠷᠤᠭ᠎ᠠ 2 ᠨᠡᠷ᠎ᠡ᠂ ᠪᠥᠵᠢᠭᠴᠢᠨ 14 ᠨᠡᠷ᠎ᠡ ︵ᠡᠷᠡᠭᠲᠡᠢ 6 ᠡᠮᠡᠭᠲᠡᠢ 8 ︶ ᠳᠠᠭᠤᠴᠢᠨ 8 ᠨᠡᠷ᠎ᠡ ︵ | ᠡᠷᠡᠭᠲᠡᠢ 4 ᠡᠮᠡᠭᠲᠡᠢ 4 ︶ ᠂ ᠬᠥᠭᠵᠢᠮᠴᠢᠨ 6 ᠨᠡᠷ᠎ᠡ ︵ᠡᠷᠡᠭᠲᠡᠢ 4 ᠡᠮᠡᠭᠲᠡᠢ 2 ︶ ᠲᠡᠭᠡᠪᠡᠯ ᠲᠤᠰᠬᠠᠢ | ᠮᠡᠷᠭᠡᠵᠢᠯ ᠤᠨ ᠬᠢᠷᠢ ᠬᠡᠮ ᠤᠨ ᠦᠨᠡᠮᠯᠡᠯ ᠲᠠᠢ 25 ᠬᠦᠮᠦᠨ᠂ ︵ᠡᠭᠦᠨ ᠳᠤ ᠥᠨᠳᠦᠷ ᠳᠡᠰ 1 ᠨᠡᠷ᠎ᠡ᠂ ᠳᠡᠳ᠋ | ᠥᠨᠳᠦᠷ ᠳᠡᠰ 1 ᠨᠡᠷ᠎ᠡ᠂ ᠳᠤᠮᠳᠠ ᠳᠡᠰ 10 ᠨᠡᠷ᠎ᠡ᠂ ᠠᠩᠬ᠎ᠠ ᠳᠡᠰ 13 ᠨᠡᠷ᠎ᠡ︶ ᠲᠣᠭᠯᠠᠭᠴᠢ ᠶᠢᠨ | ᠳᠡᠭᠰᠢᠳᠬᠡᠭᠰᠡᠨ ᠨᠠᠰᠤ 28.2 ᠃ | ᠤᠷᠠᠯᠢᠭ ᠤᠨ ᠦᠢᠯᠡᠰ ᠤᠨ ᠵᠢᠷᠠᠭᠠᠳ ᠵᠢᠯ ᠤᠨ ᠵᠠᠮᠨᠠᠯ ᠳᠠᠭᠠᠨ ︽ᠣᠮᠠᠷᠠᠲᠦ ᠬᠢᠯᠢ ᠶᠢᠨ ᠮᠠᠭᠲᠠᠭᠠᠯ︾ | ︽ᠤᠶᠠᠩᠭᠠᠨ ᠬᠡᠶᠢᠮᠤᠷᠢᠲᠦ ᠦᠵᠦᠮᠦᠴᠢᠨ︾ ︽ᠡᠵᠢ ᠨᠠᠭᠤᠷ︾ ︽ᠬᠠᠶᠢᠷ᠎ᠠ ᠪᠢᠯᠬᠠᠭᠰᠠᠨ ᠦᠵᠦᠮᠦᠴᠢᠨ︾ | ︽ᠳᠦᠷᠪᠡᠨ ᠴᠠᠭ ᠤᠨ ᠦᠵᠦᠮᠦᠴᠢᠨ︾ ︽ᠳᠦᠭᠦᠷᠡᠩᠵᠠᠭᠠᠨ᠎ᠠ︾ ︽ᠳᠣᠷᠤᠨ᠎ᠠ ᠶᠢᠨ ᠴᠡᠩᠬᠡᠷ ᠬᠥᠳᠡᠭᠡ︾ ︽ | ᠨᠠᠷᠠᠨ ᠵᠦᠭ ᠤᠨ ᠡᠬᠡ ᠣᠷᠣᠨ︾ ᠵᠡᠷᠭᠡ ᠣᠯᠠᠨ ᠲᠦᠮᠡᠨ ᠳᠡᠭᠡᠨ ᠪᠠᠭ᠋ᠠᠷᠤᠭᠳᠠᠭᠰᠠᠨ ᠮᠠᠰᠢ ᠣᠯᠠᠨ ᠤᠷᠠᠨ ᠪᠦᠲᠦᠭᠡᠯ | ᠢᠶᠠᠨ ᠳᠡᠭᠡᠳᠦᠯᠡᠵᠦ᠂ ᠰᠠᠩᠵᠠᠢ᠂ ᠫᠡ᠊᠂ ᠳᠤᠭᠠᠷ᠂ ᠨᠠᠮᠬᠠᠶᠢᠨᠣᠷᠪᠤ᠂ ᠢᠳᠠᠮᠵᠠᠪ᠂ ᠪᠤᠶᠠᠨ᠂ ᠴᠠᠭᠠᠨᠬᠦᠦ᠂ ᠵᠢᠷᠭᠠᠯᠲᠦ᠂ | ᠰᠤᠶᠤᠯᠭᠡᠷᠡᠯ ᠵᠡᠷᠭᠡ ᠤᠷᠠᠯᠢᠭ ᠤᠨ ᠳᠠᠷᠬᠠᠳ᠂ ᠰᠣᠳᠣᠨ ᠤᠷᠠᠯᠢᠭᠴᠢᠳ ᠢ ᠬᠦᠮᠦᠵᠢᠭᠦᠯᠦᠭᠰᠡᠨ ᠤᠷᠠᠯᠢᠭ ᠤᠨ | ᠥᠯᠥᠭᠡᠢ ᠶᠤᠮ᠃ ᠤᠯᠠᠭᠠᠨᠮᠦ᠋ᠴᠢᠷ ᠮᠠᠨᠢ ᠤᠷᠠᠯᠢᠭ ᠤᠨ ᠳᠠᠪᠴᠠᠩ ᠳᠡᠭᠡᠷ᠎ᠡ ᠣᠳᠣᠨ ᠮᠡᠴᠢᠳ ᠰᠢᠭ ᠭᠢᠯᠠᠯᠵᠠᠨ | ᠤᠯᠤᠰ᠂ ᠣᠷᠣᠨ᠂ ᠠᠶᠢᠮᠠᠭ ᠤᠨ ᠱᠠᠩᠨᠠᠯ ᠬᠦᠬᠢᠭᠦᠯᠦᠯ ᠢ ᠣᠯᠠᠨᠲᠠ ᠬᠦᠷᠲᠡᠵᠦ᠂ ᠶᠠᠫᠣᠨ᠂ ᠮᠤᠩᠭᠤᠯ ᠤᠯᠤᠰ᠂ | ᠹᠷᠠᠨᠼᠢ᠂ ᠠᠮᠧᠷᠢᠺᠡ᠂ ᠰᠢᠶᠠᠩᠭᠠᠩ ᠵᠡᠷᠭᠡ ᠤᠯᠤᠰ ᠣᠷᠣᠨ ᠢᠶᠠᠷ ᠠᠶᠢᠯᠴᠢᠯᠠᠨ ᠲᠤᠭᠯᠠᠵᠤ᠂ ᠮᠤᠩᠭᠤᠯ ᠰᠤᠶᠤᠯ ᠤᠨ | ᠭᠠᠶᠢᠬᠠᠮᠰᠢᠭ ᠢ ᠦᠵᠡᠭᠦᠯᠦᠭᠰᠡᠨ ᠪᠠᠶᠢᠨ᠎ᠠ᠃ | 1997 ᠤᠨ ᠠᠴᠠ ᠡᠳᠦᠭᠡ ᠬᠦᠷᠲᠡᠯ᠎ᠡ ᠪᠦᠬᠦ ᠣᠷᠣᠨ ᠤ ︽ᠨᠢᠭᠡᠳᠦᠭᠡᠷ ᠳᠡᠰ ᠤᠨ ᠤᠯᠠᠭᠠᠨᠮᠦ᠋ᠴᠢᠷ︾ ᠤᠨ | ᠢᠷᠠᠭᠤ ᠠᠯᠳᠠᠷ ᠢᠶᠠᠨ ᠬᠠᠮᠠᠭᠠᠯᠠᠭᠰᠠᠭᠠᠷ ᠢᠷᠡᠭᠰᠡᠨ ᠪᠢᠯᠡ᠃ 2007 ᠣᠨ ᠤ 8 ᠰᠠᠷ᠎ᠠ ᠳᠤ ᠤᠯᠠᠭᠠᠨᠮᠦ᠋ᠴᠢᠷ | ᠪᠠᠶᠢᠭᠤᠯᠤᠭᠳᠠᠭᠰᠠᠨ 50 ᠵᠢᠯ ᠤᠨ ᠣᠢ ᠵᠢᠴᠢ ᠳᠥᠷᠪᠡᠳᠦᠭᠡᠷ ᠬᠤᠭᠤᠴᠠᠭᠠᠨ ᠤ ᠪᠦᠬᠦ ᠣᠷᠣᠨ ᠤ ᠤᠯᠠᠭᠠᠨᠮᠦ᠋ᠴᠢᠷ | ᠤᠨ ᠤᠷᠠᠯᠢᠭ ᠤᠨ ᠨᠠᠶᠢᠷ ᠲᠤ ᠮᠦᠩᠭᠦᠨ ᠮᠧᠳᠠᠯ ᠬᠦᠷᠲᠡᠵᠦ᠂ 2008 ᠣᠨ ᠳᠤ ᠮᠠᠨ ᠤ ᠤᠯᠠᠭᠠᠨᠮᠦ᠋ᠴᠢᠷ ᠤᠨ | ᠮᠤᠷᠢᠨ ᠬᠤᠭᠤᠷᠴᠢᠳ ︽ᠪᠡᠭᠡᠵᠢᠩ ᠤᠨ ᠣᠯᠢᠮᠫᠢᠺ ᠤᠨ ᠴᠤᠭᠯᠠᠭᠠᠨ ᠤ ᠡᠬᠢᠯᠡᠯᠲᠡ ᠶᠢᠨ ᠶᠤᠰᠤᠯᠠᠯ︾ ᠳᠤ ᠮᠤᠷᠢᠨ | ᠬᠤᠭᠤᠷ ᠤᠨ ᠡᠭᠡᠰᠢᠭ ᠢᠶᠠᠨ ᠲᠠᠪᠤᠨ ᠲᠢᠪ ᠲᠤ ᠬᠠᠩᠭᠢᠨᠠᠭᠤᠯᠵᠤ᠂ ᠲᠤᠰ ᠵᠢᠯ ᠳᠤ᠂ ᠪᠦᠬᠦ ᠤᠯᠤᠰ ᠤᠨ | ᠳᠤᠯᠤᠳᠤᠭᠠᠷ ᠤᠳᠠᠭᠠᠨ ᠤ ᠠᠷᠠᠳ ᠤᠨ ᠤᠷᠠᠯᠢᠭ ᠤᠨ ᠨᠠᠶᠢᠷ ᠲᠤ ᠣᠷᠤᠯᠴᠠᠭᠰᠠᠨ ᠪᠦᠭᠡᠳ ᠪᠦᠬᠦ ᠤᠯᠤᠰ ᠤᠨ | ᠠᠩᠬᠠᠳᠠᠭᠴᠢ ᠤᠳᠠᠭᠠᠨ ᠤ ᠲᠠᠷᠢᠶᠠᠴᠢᠨ ᠤ ᠤᠷᠠᠯᠢᠭ ᠤᠨ ᠴᠤᠭᠯᠠᠭᠠᠨ ᠳᠤ ᠣᠷᠤᠯᠴᠠᠨ᠂ ︽ᠠᠯᠲᠠᠨ ᠰᠦᠷᠡᠯ | ᠬᠤᠨᠳᠠᠭ᠎ᠠ︾ ᠲᠤᠰᠤᠭᠰᠠᠨ ᠪᠠᠶᠢᠨ᠎ᠠ ᠃ 2009 ᠣᠨ ᠳᠤ ᠳᠤᠮᠳᠠᠳᠦ ᠮᠤᠩᠭᠤᠯ ᠤᠨ ᠬᠠᠷᠢᠴᠠᠭ᠎ᠠ | ᠪᠠᠶᠢᠭᠤᠯᠤᠭᠳᠠᠭᠰᠠᠨ 60 ᠵᠢᠯ ᠤᠨ ᠣᠢ ᠶᠢᠨ ᠰᠢᠷᠢᠰ ᠠᠵᠢᠯᠯᠠᠭᠠᠨ ᠳᠤᠮᠳᠠ ᠮᠤᠩᠭᠤᠯ ᠤᠯᠤᠰ ᠲᠤ ᠠᠶᠢᠯᠴᠢᠯᠠᠨ | ᠰᠤᠶᠤᠯ ᠤᠷᠠᠯᠢᠭ ᠤᠨ ᠨᠦᠬᠦᠷᠰᠡᠭ ᠲᠤᠭᠯᠠᠯᠲᠠ ᠶᠢᠨ ᠬᠦᠳᠡᠯᠭᠡᠭᠡᠨ ᠢ ᠦᠷᠨᠢᠬᠦᠯᠵᠠᠢ᠃ ᠮᠦᠨᠴᠦ 2009 ᠤᠨ ᠤ | 7 ᠰᠠᠷ᠎ᠠ ᠳᠤ ᠪᠦᠬᠦ ᠠᠶᠢᠮᠠᠭ ᠤᠨ ᠠᠷᠪᠠᠨ ᠲᠠᠪᠤᠳᠤᠭᠠᠷ ᠬᠤᠭᠤᠴᠠᠭᠠᠨ ᠤ ᠤᠯᠠᠭᠠᠨᠮᠦ᠋ᠴᠢᠷ ᠤᠨ ᠤᠷᠠᠯᠢᠭ ᠤᠨ | ᠴᠤᠭᠯᠠᠭᠠᠨ ᠳᠤ ᠠᠯᠲᠠᠨ ᠮᠧᠲᠠᠯ ᠬᠦᠷᠲᠡᠵᠦ᠂ 2010 ᠤᠨ ᠤ 8 ᠰᠠᠷ᠎ᠠ ᠳᠤ ᠲᠠᠪᠤᠳᠤᠭᠠᠷ ᠬᠤᠭᠤᠴᠠᠭᠠᠨ ᠤ ᠪᠦᠬᠦ | ᠣᠷᠣᠨ ᠤ ᠤᠯᠠᠭᠠᠨᠮᠦ᠋ᠴᠢᠷ ᠤᠨ ᠤᠷᠠᠯᠢᠭ ᠤᠨ ᠨᠠᠶᠢᠷ ᠲᠤ ᠬᠠᠮᠲᠦ ᠨᠢᠭᠡᠴᠡ ᠶᠢᠨ ᠮᠦᠩᠭᠦᠨ ᠮᠧᠲᠠᠯ ᠬᠦᠷᠲᠡᠨ᠂ ︽ | ᠦᠨᠳᠦᠰᠦᠨ ᠱᠠᠲᠤᠨ ᠳᠤ ᠦᠢᠯᠡᠴᠢᠯᠡᠬᠦ᠂ ᠣᠯᠠᠨ ᠲᠦᠮᠡᠨ ᠳᠤ ᠦᠢᠯᠡᠴᠢᠯᠡᠬᠦ︾ ᠲᠡᠷᠢᠭᠦᠨ ᠤ ᠤᠯᠠᠭᠠᠨᠮᠦ᠋ᠴᠢᠷ | ᠢᠶᠠᠷ ᠦᠨᠡᠯᠡᠭᠳᠡᠭᠰᠡᠨ ᠪᠠᠶᠢᠨ᠎ᠠ ᠃ 2011ᠣᠨ ᠤ 7 ᠰᠠᠷ᠎ᠠ ᠳᠤ ᠪᠦᠬᠦ ᠠᠶᠢᠮᠠᠭ ᠤᠨ ᠠᠷᠪᠠᠨ ᠵᠢᠷᠭᠤᠳᠤᠭᠠᠷ | ᠬᠤᠭᠤᠴᠠᠭᠠᠨ ᠤ ᠤᠯᠠᠭᠠᠨᠮᠦ᠋ᠴᠢᠷ ᠤᠨ ᠤᠷᠠᠯᠢᠭ ᠤᠨ ᠴᠤᠭᠯᠠᠭᠠᠨ ᠳᠤ ︽ᠬᠠᠶᠢᠷ᠎ᠠ ᠪᠢᠯᠬᠠᠭᠰᠠᠨ ᠦᠵᠦᠮᠦᠴᠢᠨ︾ | ᠭᠡᠬᠦ ᠵᠠᠩ ᠦᠢᠯᠡ ᠶᠢᠨ ᠳᠠᠭᠤᠤ ᠪᠦᠵᠢᠭ ᠨᠢ ᠬᠠᠮᠲᠦ ᠨᠢᠭᠡᠴᠡ ᠶᠢᠨ ᠠᠯᠲᠠᠨ ᠮᠧᠳᠠᠯ ᠬᠦᠷᠲᠡᠪᠡ ᠃ 2012 ᠤᠨ | ᠳᠤ ᠬᠤᠱᠣᠩ ᠵᠦᠴᠦᠭᠡ ︽ᠡᠷᠦᠬᠡ ᠶᠢᠨ ᠴᠡᠷᠢᠭ︾ ᠨᠢ ᠪᠦᠬᠦ ᠣᠷᠤᠨ ᠤ ᠣᠶᠤᠨ ᠤ ᠪᠤᠯᠪᠠᠰᠤᠨ ᠤ ᠪᠦᠲᠦᠭᠡᠨ | ᠪᠠᠶᠢᠭᠤᠯᠤᠯᠲᠠ ᠶᠢᠨ ︽ᠲᠠᠪᠦ ᠨᠢᠭᠡ ᠢᠨᠵᠧᠨᠧᠷᠢᠩ︾ ᠤᠨ ᠰᠤᠩᠭᠤᠭᠳᠠᠭᠰᠠᠨ ᠪᠦᠲᠦᠭᠡᠯ ᠤᠨ ᠱᠠᠩᠨᠠᠯ ᠬᠦᠷᠳᠡᠵᠠᠢ᠃ | 2013 ᠤᠨ ᠤ 8 ᠰᠠᠷ᠎ᠠ ᠳᠤ ᠪᠦᠬᠦ ᠠᠶᠢᠮᠠᠭ ᠤᠨ ᠠᠷᠪᠠᠨ ᠳᠤᠯᠤᠳᠤᠭᠠᠷ ᠬᠤᠭᠤᠴᠠᠭᠠᠨ ᠤ ᠤᠯᠠᠭᠠᠨᠮᠦ᠋ᠴᠢᠷ ᠤᠨ | ᠤᠷᠠᠯᠢᠭ ᠤᠨ ᠴᠤᠭᠯᠠᠭᠠᠨ ᠳᠤ ᠦᠨᠳᠦᠰᠦᠲᠡᠨ ᠤ ᠵᠠᠩ ᠦᠢᠯᠡ ᠶᠢᠨ ᠳᠠᠭᠤᠤ ᠪᠦᠵᠢᠭ ︽ᠳᠦᠷᠪᠡᠨ ᠴᠠᠭ ᠤᠨ | ᠦᠵᠦᠮᠦᠴᠢᠨ︾ ᠬᠠᠮᠲᠦ ᠨᠢᠭᠡᠴᠡ ᠶᠢᠨ ᠠᠯᠲᠠᠨ ᠮᠧᠲᠠᠯ ᠬᠦᠷᠲᠡᠭᠰᠡᠨ ᠪᠠᠶᠢᠨ᠎ᠠ᠃ 2014 ᠤᠨ ᠤ 8 ᠰᠠᠷ᠎ᠠ ᠳᠤ | ᠲᠦᠩᠯᠢᠶᠤᠤ ᠬᠤᠲᠠ ᠶᠢᠨ ᠬᠦᠷᠢᠶ᠎ᠡ ᠬᠤᠰᠢᠭᠤᠨ ᠳᠤ ᠶᠠᠪᠤᠭᠳᠠᠭᠰᠠᠨ ᠵᠢᠷᠭᠤᠳᠤᠭᠠᠷ ᠬᠤᠭᠤᠴᠠᠭᠠᠨ ᠤ ᠪᠦᠬᠦ ᠣᠷᠣᠨ | ᠤ ᠤᠯᠠᠭᠠᠨᠮᠦ᠋ᠴᠢᠷ ᠤᠨ ᠤᠷᠠᠯᠢᠭ ᠤᠨ ᠨᠠᠶᠢᠷ ᠲᠤ ᠮᠦᠨᠴᠦ ᠬᠠᠮᠲᠦ ᠨᠢᠭᠡᠴᠡ ᠶᠢᠨ ᠠᠯᠲᠠᠨ ᠮᠧᠳᠡᠯ ᠬᠦᠷᠲᠡᠪᠡ᠃ | ᠲᠤᠰ ᠵᠢᠯ ᠤᠨ 12 ᠰᠠᠷ᠎ᠠ ᠳᠤ᠂ ᠪᠦᠬᠦ ᠠᠶᠢᠮᠠᠭ ᠤᠨ ︽ᠮᠤᠩᠭᠤᠯ ᠬᠡᠯᠡ ᠪᠢᠴᠢᠭ ᠢ ᠰᠤᠷᠴᠦ ᠬᠡᠷᠡᠭᠯᠡᠭᠰᠡᠨ | ᠲᠡᠷᠢᠭᠦᠨ ᠤ ᠨᠢᠭᠡᠴᠡ︾ ᠪᠠᠷ ᠬᠦᠬᠢᠭᠦᠯᠦᠭᠳᠡᠪᠡ᠃ 2015 ᠤᠨ ᠤ 8 ᠰᠠᠷ᠎ᠠ ᠳᠤ ᠪᠦᠬᠦ ᠠᠶᠢᠮᠠᠭ ᠤᠨ ᠠᠷᠪᠠᠨ | ᠨᠠᠢᠮᠠᠳᠤᠭᠠᠷ ᠬᠤᠭᠤᠴᠠᠭᠠᠨ ᠤ ᠤᠯᠠᠭᠠᠨᠮᠦ᠋ᠴᠢᠷ ᠤᠨ ᠤᠷᠠᠯᠢᠭ ᠤᠨ ᠴᠤᠭᠯᠠᠭᠠᠨ ᠳᠤ ᠮᠤᠩᠭᠤᠯ ᠵᠦᠴᠦᠭᠡ ︽ | ᠳᠦᠭᠦᠷᠡᠩᠵᠠᠭᠠᠨ᠎ᠠ︾ ᠨᠢ ᠵᠦᠴᠦᠭᠡ ᠶᠢᠨ ᠲᠦᠷᠦᠯ ᠤᠨ ᠭᠤᠷᠪᠠᠳᠤᠭᠠᠷ ᠳᠡᠰ ᠤᠨ ᠱᠠᠩᠨᠠᠯ ᠬᠦᠷᠲᠡᠨ᠂ ᠠᠷᠠᠳ | ᠤᠨ ᠬᠥᠭᠵᠢᠮ ᠤᠨ ᠠᠩᠭᠢ ᠨᠢ ᠲᠤᠭᠯᠠᠯᠲᠠ ᠶᠢᠨ ᠨᠢᠭᠡᠳᠦᠭᠡᠷ ᠳᠡᠰ ᠤᠨ ᠱᠠᠩᠨᠠᠯ ᠬᠦᠷᠲᠡᠵᠦ᠂ ᠬᠠᠮᠲᠦ ᠨᠢᠭᠡᠴᠡ ᠨᠢ | ᠰᠢᠯᠢᠳᠡᠭ ᠵᠣᠬᠢᠶᠠᠨ ᠪᠠᠶᠢᠭᠤᠯᠤᠭᠰᠠᠨ ᠱᠠᠩᠨᠠᠯ ᠬᠦᠷᠲᠡᠭᠰᠡᠨ ᠪᠠᠶᠢᠨ᠎ᠠ ᠃ 2016 ᠤᠨ ᠤ 1 ᠰᠠᠷ᠎ᠠ ᠳᠤ ᠮᠠᠨ ᠤ | ᠤᠯᠠᠭᠠᠨᠮᠦ᠋ᠴᠢᠷ ᠨᠢ ᠪᠦᠬᠦ ᠣᠷᠣᠨ ᠤ ︽ᠰᠤᠶᠤᠯ ᠰᠢᠨᠵᠢᠯᠡᠬᠦ ᠤᠬᠠᠭᠠᠨ ᠮᠡᠷᠭᠡᠵᠢᠯ ᠡᠷᠡᠭᠦᠯ ᠬᠠᠮᠠᠭᠠᠯᠠᠯ ᠭᠤᠷᠪᠠ ᠶᠢ | ᠬᠦᠳᠡᠭᠡ ᠬᠦᠷᠭᠡᠭᠰᠡᠨ︾ ᠲᠡᠷᠢᠭᠦᠨ ᠤ ᠬᠠᠮᠲᠦ ᠪᠠᠷ ᠰᠤᠩᠭᠤᠭᠳᠠᠪᠠ᠃ 2017 ᠣᠨ ᠤ 6 ᠰᠠᠷ᠎ᠠ ᠳᠤ ᠮᠠᠨ ᠤ | ᠤᠯᠠᠭᠠᠨᠮᠦ᠋ᠴᠢᠷ ᠨᠢ ᠪᠦᠬᠦ ᠠᠶᠢᠮᠠᠭ ᠤᠨ ᠤᠯᠠᠭᠠᠨᠮᠦ᠋ᠴᠢᠷ ᠪᠠᠶᠢᠭᠤᠯᠤᠭᠳᠠᠭᠰᠠᠨ 60 ᠵᠢᠯ ᠤᠨ ︽ᠲᠡᠷᠢᠭᠦᠨ ᠤ | ᠬᠠᠮᠲᠦ ᠨᠢᠭᠡᠴᠡ︾ ᠪᠠᠷ ᠱᠠᠩᠨᠠᠭᠳᠠᠵᠤ᠂ ᠪᠦᠬᠦ ᠠᠶᠢᠮᠠᠭ ᠤᠨ ᠠᠷᠪᠠ ᠶᠢᠰᠦᠳᠦᠭᠡᠷ ᠬᠤᠭᠤᠴᠠᠭᠠᠨ ᠤ ᠤᠯᠠᠭᠠᠨᠮᠦ᠋ᠴᠢᠷ | ᠤᠨ ᠤᠷᠠᠯᠢᠭ ᠤᠨ ᠴᠤᠭᠯᠠᠭᠠᠨ ᠳᠤ ᠦᠨᠳᠦᠰᠦᠲᠡᠨ ᠤ ᠵᠠᠩ ᠦᠢᠯᠡ ᠶᠢᠨ ᠳᠠᠭᠤᠤ ᠪᠦᠵᠢᠭ ︽ᠳᠤᠷᠤᠨ᠎ᠠ ᠶᠢᠨ | ᠴᠡᠩᠬᠡᠷ ᠬᠦᠳᠡᠭᠡ︾ ᠬᠠᠮᠲᠦ ᠨᠢᠭᠡᠴᠡ ᠶᠢᠨ ᠭᠠᠤᠯᠢᠨ ᠮᠧᠳᠠᠯ ᠬᠦᠷᠲᠡᠪᠡ᠃ 2018 ᠣᠨ ᠳᠤ ᠠᠩᠬᠠᠳᠤᠭᠠᠷ | ᠤᠳᠠᠭᠠᠨ ᠤ ᠰᠢᠯᠢ ᠶᠢᠨ ᠭᠤᠣᠯ ᠤᠯᠠᠭᠠᠨᠮᠦ᠋ᠴᠢᠷ ᠤᠨ ᠤᠷᠠᠯᠢᠭ ᠤᠨ ᠨᠠᠶᠢᠷ ᠵᠢᠴᠢ ᠪᠦᠬᠦ ᠤᠯᠤᠰ ᠤᠨ ᠲᠠᠪᠤᠳᠤᠭᠠᠷ | ᠬᠤᠭᠤᠴᠠᠭᠠᠨ ᠤ ᠮᠣᠩᠭᠤᠯ ᠪᠦᠵᠢᠭ ᠤᠨ ᠤᠷᠤᠯᠳᠤᠭᠠᠨ ᠵᠡᠷᠭᠡ ᠬᠥᠳᠡᠯᠭᠡᠭᠡᠨ ᠳᠤ ᠣᠷᠤᠯᠴᠠᠵᠤ ᠰᠢᠯᠢᠳᠡᠭ | ᠠᠮᠵᠢᠯᠲᠠ ᠣᠯᠣᠭᠰᠠᠨ ᠪᠠᠶᠢᠨ᠎ᠠ᠃ 2019 ᠣᠨ ᠳᠤ ᠬᠤᠶᠠᠳᠤᠭᠠᠷ ᠤᠳᠠᠭᠠᠨ ᠤ ᠰᠢᠯᠢ ᠶᠢᠨ ᠭᠤᠣᠯ | ᠤᠯᠠᠭᠠᠨᠮᠦ᠋ᠴᠢᠷ ᠤᠨ ᠤᠷᠠᠯᠢᠭ ᠤᠨ ᠨᠠᠶᠢᠷ ᠵᠢᠴᠢ ᠪᠦᠬᠦ ᠠᠶᠢᠮᠠᠭ ᠤᠨ ᠬᠤᠷᠢᠳᠤᠭᠠᠷ ᠬᠤᠭᠤᠴᠠᠭᠠᠨ ᠤ ᠤᠯᠠᠭᠠᠨᠮᠦ᠋ᠴᠢᠷ | ᠤᠨ ᠤᠷᠠᠯᠢᠭ ᠤᠨ ᠴᠤᠭᠯᠠᠭᠠᠨ ᠳᠤ ᠳᠠᠭᠤᠤ ᠪᠦᠵᠢᠭ ︽ᠨᠠᠷᠠᠨ ᠵᠦᠭ ᠤᠨ ᠡᠬᠡ ᠣᠷᠣᠨ︾ ᠨᠢ ᠬᠠᠮᠲᠦ ᠨᠢᠭᠡᠴᠡ | ᠶᠢᠨ ᠭᠠᠤᠯᠢᠨ ᠮᠧᠳᠠᠯ ᠬᠦᠷᠲᠡᠪᠡ᠃ | ᠰᠢᠨ᠎ᠡ ᠡᠷᠡᠨ ᠤ ᠰᠢᠵᠢᠷ ᠭᠢᠯᠪᠠᠭᠠᠲᠦ ᠥᠨᠥᠳᠦᠷ᠂ ᠵᠡᠭᠦᠨ ᠦᠵᠦᠮᠦᠴᠢᠨ ᠬᠤᠰᠢᠭᠤᠨ ᠤ ᠤᠯᠠᠭᠠᠨᠮᠦ᠋ᠴᠢᠷ ᠨᠢ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠭᠤᠰᠢᠯᠠᠭᠤᠯᠣᠨ᠂ ᠰᠢ | ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠦ ᠤᠯᠤᠰ ᠤᠨ ᠣᠨᠴᠠᠯᠢᠭ ᠲᠠᠢ ᠨᠡᠶᠢᠭᠡᠮ ᠵᠢᠷᠦᠮ ᠤᠨ ᠦᠵᠡᠯ | ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠤᠯᠠᠭᠠᠨᠮᠦ᠋ᠴᠢᠷ ᠤᠨ ᠳᠤᠬᠠᠢ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠥᠨᠵᠡᠭᠡᠢ ᠲᠣᠭᠤᠰᠢᠯᠠᠭᠤᠯᠵᠣ᠂ ᠤᠯᠠᠭᠠᠨᠮᠦ᠋ᠴᠢᠷ ᠤᠨ ᠨᠠᠮ ᠳᠠᠭᠠᠨ | ᠦᠨᠡᠨᠴᠢ ᠰᠢᠳᠤᠷᠭᠤ᠂ ᠠᠷᠠᠳ ᠲᠦᠮᠡᠨ ᠳᠡᠭᠡᠨ ᠬᠠᠶᠢᠷᠠᠲᠠᠢ᠂ ᠳᠡᠰᠪᠦᠷᠢ ᠬᠠᠲᠠᠭᠤᠵᠢᠯᠲᠠᠢ᠂ ᠬᠠᠷᠠᠮ ᠦᠭᠡᠢ | ᠵᠣᠷᠢᠭᠤᠯᠬᠤ᠂ ᠪᠥᠯᠬᠦᠮᠳᠡᠨ ᠲᠡᠮᠡᠴᠡᠳᠡᠭ᠂ ᠵᠣᠷᠢᠭᠲᠠᠢ ᠪᠠᠷ ᠰᠢᠨ᠎ᠡ ᠶᠢ ᠡᠭᠦᠳᠬᠦ ᠢᠷᠠᠭᠤ ᠠᠯᠳᠠᠷᠲᠦ ᠤᠯᠠᠮᠵᠢᠯᠠᠯ | ᠪᠠ ᠰᠢᠯᠢᠳᠡᠭ ᠰᠤᠷᠲᠠᠯ ᠢ ᠶᠡᠬᠡᠪᠡᠷ ᠪᠠᠳᠠᠷᠠᠭᠤᠯᠵᠤ᠂ ᠨᠡᠶᠢᠭᠡᠮ ᠵᠢᠷᠦᠮ ᠤᠨ ᠭᠤᠣᠯᠯᠠᠬᠤ ᠥᠷᠲᠡᠭ ᠤᠨ ᠦᠵᠡᠯᠲᠡ ᠪᠠᠷ | ᠵᠢᠯᠣᠭᠤᠳᠤᠮᠵᠢ ᠪᠤᠯᠭᠠᠨ᠂ ᠠᠷᠠᠳ ᠲᠦᠮᠡᠨ ᠳᠤ ᠦᠢᠯᠡᠴᠢᠯᠡᠵᠦ᠂ ᠨᠡᠶᠢᠭᠡᠮ ᠵᠢᠷᠦᠮ ᠳᠤ ᠦᠢᠯᠡᠴᠢᠯᠡᠬᠦ ᠶᠢ | ᠪᠠᠷᠢᠮᠲᠠᠯᠠᠨ᠂ ᠠᠮᠢᠳᠤᠷᠠᠯ ᠤᠨ ᠥᠩ ᠰᠢᠮᠡᠯᠢᠭ ᠬᠥᠷᠦᠰᠦᠨ ᠳᠤ ᠦᠨᠳᠦᠰᠦᠯᠡᠵᠦ᠂ ᠦᠨᠳᠦᠰᠦᠨ ᠱᠠᠲᠤᠨ ᠤ ᠣᠯᠠᠨ | ᠲᠦᠮᠡᠨ ᠳᠤ ᠦᠢᠯᠡᠴᠢᠯᠡᠬᠦ ᠶᠢ ᠪᠠᠷᠢᠮᠲᠠᠯᠠᠨ᠂ ᠦᠨᠳᠦᠰᠦᠲᠡᠨ ᠤ ᠰᠢᠯᠢᠳᠡᠭ ᠰᠤᠶᠤᠯ ᠢ ᠨᠡᠩ ᠰᠠᠶᠢᠲᠤᠷ ᠤᠯᠠᠮᠵᠢᠯᠠᠨ | ᠪᠠᠳᠠᠷᠠᠭᠤᠯᠵᠤ᠂ ᠮᠠᠯᠴᠢᠨ ᠲᠠᠷᠢᠶᠠᠴᠢᠨ ᠤ ᠰᠤᠶᠤᠯ ᠤᠨ ᠠᠮᠢᠳᠤᠷᠠᠯ ᠢ ᠨᠡᠩ ᠰᠠᠶᠢᠲᠤᠷ ᠪᠠᠶᠠᠯᠢᠭᠵᠢᠭᠤᠯᠤᠨ᠂ ᠨᠠᠮ ᠤᠨ | ᠳᠠᠭᠤᠨ ᠪᠠ ᠬᠠᠶᠢᠷ᠎ᠠ ᠬᠠᠯᠠᠮᠵᠢ ᠶᠢ ᠨᠡᠩ ᠰᠠᠶᠢᠲᠤᠷ ᠳᠠᠮᠵᠢᠭᠤᠯᠵᠤ᠂ ᠤᠯᠠᠭᠠᠨᠮᠦ᠋ᠴᠢᠷ ᠤᠨ ᠲᠤᠭ ᠢ ᠥᠨᠳᠦᠷ | ᠮᠠᠨᠳᠤᠭᠤᠯᠤᠨ᠂ ᠦᠨᠢ ᠡᠭᠦᠷᠢᠲᠡ ᠭᠡᠷᠡᠯ ᠭᠢᠯᠪᠠᠭ᠎ᠠ ᠰᠠᠴᠤᠷᠠᠭᠤᠯᠬᠤ ᠪᠠᠷ ᠴᠢᠷᠮᠠᠶᠢᠵᠠᠭᠠᠶ᠎ᠠ︕ |