ᠨᠢᠭᠡ ᠵᠦᠢᠯ ᠤᠨ ᠰᠢᠳᠦ ᠶᠢ ᠤᠨᠠᠭᠠᠳᠠᠭ ᠡᠪᠡᠳᠴᠢᠨ
ᠨᠡᠶᠢᠲᠡᠯᠡᠭᠰᠡᠨ ᠴᠠᠭ᠄
2024/7/16
     ᠪᠤᠶᠢᠯᠠ ᠶᠢᠨ ᠦᠷᠪᠢᠰᠦᠯ ᠪᠣᠯ ᠪᠢᠳᠡᠨ ᠤ ᠰᠢᠳᠦ ᠶᠢ ᠠᠮᠠᠷᠬᠠᠨ  ᠤᠨᠠᠭᠠᠳᠠᠭ  ᠬᠡᠷᠡᠭ ᠤᠨ  ᠡᠵᠡᠨ  ᠶᠤᠮ᠃  ᠡᠶᠢᠮᠦ ᠡᠪᠡᠳᠴᠢᠨ ᠢ ᠮᠠᠰᠢ ᠣᠯᠠᠨ ᠬᠥᠮᠦᠨ ᠵᠠᠯᠠᠭᠤ ᠪᠠᠶᠢᠬᠤ ᠳᠠᠭᠠᠨ ᠲᠡᠮᠡᠢ ᠠᠩᠬᠠᠷᠤᠯ ᠳᠠᠭᠠᠨ ᠠᠪᠳᠠᠭ ᠦᠭᠡᠢ᠂ ᠰᠢᠳᠦ ᠨᠢ ᠤᠨᠠᠭᠠᠳ ᠢᠷᠡᠬᠦ ᠲᠠᠢ ᠵᠡᠷᠭᠡ ᠰᠠᠶ᠋ᠢ ᠠᠩᠬᠠᠷᠤᠯ ᠳᠠᠭᠠᠨ ᠠᠪᠳᠠᠭ ᠪᠠᠶᠢᠨ᠎ᠠ᠂ ᠬᠡᠳᠡᠯ᠎ᠡ ᠡᠨᠡ ᠦᠶ᠎ᠡ ᠪᠤᠯᠬᠤ   ᠳᠤ  ᠨᠢᠭᠡᠨᠲᠡ  ᠤᠷᠤᠶᠢᠳᠠᠬᠰᠠᠨ ᠪᠠᠶᠢᠳᠠᠭ᠃ ᠪᠤᠶᠢᠯᠠ ᠶᠢᠨ ᠦᠷᠪᠢᠰᠦᠯ ᠨᠢ ᠰᠠᠶ᠋ᠢ ᠦᠷᠪᠢᠰᠬᠦ ᠦᠶ᠎ᠡ ᠳᠤ ᠮᠠᠰᠢ ᠤᠳᠠᠭᠠᠨ ᠪᠠᠶᠢᠳᠠᠭ ᠶᠤᠮ᠂  ᠰᠠᠶ᠋ᠢ  ᠦᠷᠪᠢᠰᠬᠦ ᠦᠶ᠎ᠡ ᠶᠢᠨ ᠢᠯᠡᠷᠡᠯ ᠬᠡᠪᠡᠯ᠄ ᠪᠤᠶᠢᠯᠠ ᠵᠢᠭᠠᠬᠠᠨ ᠤᠯᠠᠶᠢᠬᠤ᠂  ᠵᠢᠭᠠᠬᠠᠨ ᠴᠢᠰᠤ ᠭᠠᠷᠬᠤ ᠪᠤᠶᠤ ᠡᠰᠡᠬᠦᠯ᠎ᠡ ᠠᠯᠮᠤᠷᠠᠳ ᠢᠳᠡᠬᠦ ᠳᠤ ᠬᠠᠵᠠᠬᠰᠠᠨ ᠬᠡᠰᠡᠭ ᠲᠤᠨᠢ ᠴᠢᠰᠤᠨ  ᠣᠷᠣ  ᠦᠯᠡᠳᠡᠳᠡᠭ᠃  ᠡᠨᠡ ᠦᠶ᠎ᠡ ᠳᠤ ᠰᠢᠳᠦ ᠪᠠᠨ ᠡᠮᠨᠡᠯᠭᠡ ᠳᠤ ᠬᠦᠷᠴᠦ ᠦᠵᠡᠬᠦᠯᠬᠦ ᠦᠭᠡᠢ᠂ ᠵᠥᠪᠬᠡᠨ ᠡᠮ ᠤᠤᠭᠤᠵᠤ ᠡᠪᠡᠳᠬᠦ ᠶᠢ ᠵᠣᠭᠰᠣᠭᠠᠬᠤ ᠶᠢ ᠪᠤᠳᠤᠬᠤ ᠳᠤ ᠬᠦᠷᠪᠡᠯ᠂ ᠦᠨᠡᠨ ᠳᠡᠭᠡᠨ ᠶᠠᠮᠠᠷ ᠴᠤ ᠲᠤᠰᠠ ᠦᠭᠡᠢ ᠶᠤᠮ᠃ ᠰᠢᠳᠦᠨ ᠤ ᠤᠭ ᠨᠢ ᠢᠯᠡᠷᠡᠨ ᠭᠠᠷᠪᠠᠯ᠂  ᠰᠢᠳᠦ  ᠬᠦᠳᠡᠯᠬᠦ   ᠨᠢ ᠤᠯᠠᠮ ᠠᠴᠠ ᠤᠯᠠᠮ ᠬᠦᠨᠳᠦ ᠪᠤᠯᠤᠨ᠎ᠠ᠃             ᠪᠤᠶᠢᠯᠠ ᠶᠢᠨ ᠦᠷᠪᠢᠰᠦᠯ ᠢ ᠶᠠᠭᠠᠬᠢᠵᠤ ᠵᠠᠰᠠᠬᠤ ᠪᠣᠶ︖      1.ᠰᠢᠳᠦ ᠪᠠᠨ ᠤᠬᠢᠶᠠᠬᠤ        2. ᠪᠣᠬᠢᠷᠲᠤᠭᠰᠠᠨ ᠬᠡᠰᠡᠭ ᠢ ᠬᠤᠰᠤᠵᠤ ᠠᠷᠢᠯᠭᠠᠬᠤ        3. ᠪᠤᠶᠢᠯᠠ ᠶᠢᠨ ᠮᠡᠰᠡ ᠵᠠᠰᠠᠯ ᠬᠢᠯᠭᠡᠬᠦ         4. ᠡᠮ ᠢᠶᠠᠷ ᠵᠠᠰᠠᠬᠤ       5. ᠡᠯᠡᠭᠳᠡᠭᠰᠡᠨ ᠰᠢᠳᠦ ᠶᠢ ᠲᠡᠭᠰᠢᠯᠡᠵᠦ ᠵᠠᠰᠠᠬᠤ
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号