ᠢᠳᠡᠭᠡᠨ ᠤ ᠲᠣᠰᠣ ᠲᠡᠭᠡᠭᠡᠪᠦᠷᠢᠯᠡᠬᠦ ᠲᠡᠷᠭᠡ ᠶᠢᠨ ᠡᠷᠦᠶ ᠬᠤᠷᠤᠶ ᠥᠬᠡᠶ ᠪᠠᠶᠢᠬᠤ ᠪᠠᠶᠢᠳᠠᠯ ᠤᠨ ᠲᠤᠬᠠᠢ ᠠᠰᠠᠭᠤᠳᠠᠯ
ᠨᠡᠶᠢᠲᠡᠯᠡᠭᠰᠡᠨ ᠴᠠᠭ᠄
2024/7/16
    ︽ᠢᠳᠡᠭᠡᠨ ᠤ ᠲᠣᠰᠣ ᠲᠡᠭᠡᠭᠡᠪᠦᠷᠢᠯᠡᠬᠦ ᠲᠡᠷᠭᠡ ᠶᠢᠨ ᠡᠷᠦᠶ ᠬᠤᠷᠤᠶ ᠥᠬᠡᠶ ᠪᠠᠶᠢᠬᠤ ᠪᠠᠶᠢᠳᠠᠯ ᠤᠨ ᠲᠤᠬᠠᠢ ᠠᠰᠠᠭᠤᠳᠠᠯ︾ ᠢ ᠲᠥᠷᠥ ᠶᠢᠨ ᠶᠠᠪᠤᠳᠠᠯ ᠤᠨ ᠬᠤᠷᠢᠶᠠᠨ ᠤ ᠢᠳᠡᠭᠡᠨ ᠤ ᠠᠮᠤᠷ ᠲᠦᠪᠰᠢᠨ ᠤ ᠠᠵᠢᠯ ᠤᠨ ᠠᠯᠪᠠᠨ ᠬᠡᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ᠂ ᠳᠣᠲᠣᠭᠠᠳᠤ ᠶᠢ ᠬᠠᠮᠠᠭᠠᠯᠠᠬᠤ ᠶᠠᠮᠤᠨ᠂ ᠵᠠᠮ ᠲᠡᠭᠡᠭᠡᠪᠦᠷᠢ ᠶᠢᠨ ᠶᠠᠮᠤᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ᠂ ᠤᠯᠤᠰ ᠤᠨ ᠠᠮᠤ ᠪᠤᠳᠠᠭ᠎ᠠ ᠪᠠ ᠨᠥᠭᠡᠴᠡᠯᠡᠯᠳᠡ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠲᠤᠰᠬᠠᠶ ᠬᠤᠷᠠᠯ ᠬᠤᠷᠠᠯᠳᠤᠭᠤᠯᠵᠤ᠂ ᠬᠠᠮᠲᠤᠷᠠᠭᠰᠠᠨ ᠪᠠᠶᠢᠴᠠᠭᠠᠬᠤ ᠳᠤᠭᠤᠶᠢᠯᠠᠩ ᠪᠠᠶᠢᠭᠤᠯᠵᠦ ᠢᠳᠡᠭᠡᠨ ᠤ ᠲᠣᠰᠣ ᠲᠡᠭᠡᠭᠡᠪᠦᠷᠢᠯᠡᠬᠦ ᠲᠡᠷᠭᠡ ᠶᠢᠨ ᠵᠠᠩᠭᠢᠯᠠᠭ᠎ᠠ ᠶᠢᠨ ᠬᠤᠯᠪᠣᠭᠳᠠᠯ ᠪᠥᠬᠦᠶ ᠠᠰᠠᠭᠤᠳᠠᠯ ᠢ ᠲᠦᠢᠯᠪᠤᠷᠢᠲᠠᠶ ᠪᠠᠶᠢᠴᠠᠭᠠᠨ᠎ᠡ᠃ ᠬᠠᠤᠯᠢ ᠶᠢ ᠵᠥᠷᠢᠴᠡᠭᠰᠡᠨ ᠠᠵᠤ ᠠᠬᠤᠶᠢᠯᠠᠯ ᠪᠣᠯᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠢ ᠬᠠᠤᠯᠢ ᠶᠣᠰᠣᠭᠠᠷ ᠴᠢᠩᠭ᠎ᠠ ᠰᠢᠢᠳᠬᠡᠵᠦ᠂ ᠶᠠᠭᠠᠬᠢᠭᠰᠠᠨ  ᠴᠤ  ᠢᠯᠳᠠᠷ  ᠬᠠᠶᠠᠬᠤ  ᠦᠭᠡᠢ᠃ ᠡᠭᠦᠨ ᠤ ᠬᠠᠮᠲᠤ ᠨᠢᠭᠡ ᠠᠴᠠ ᠵᠦᠢᠴᠢᠯᠡᠨ ᠨᠥᠭᠦᠭᠡ ᠶᠢ ᠮᠡᠳᠡᠵᠦ᠂ ᠢᠳᠡᠰᠢᠨ ᠲᠣᠰᠣᠨ ᠤ ᠠᠶᠤᠯ ᠲᠦᠭᠰᠢᠭᠦᠷᠢ ᠶᠢᠨ ᠳᠠᠯᠳᠠ ᠬᠡᠮ ᠢ ᠲᠤᠰᠬᠠᠶ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠪᠠᠶᠢᠴᠠᠭᠠᠨ ᠰᠢᠢᠳᠪᠦᠷᠢᠯᠡᠭᠰᠡᠨ ᠦᠷ᠎ᠡ ᠳ᠋ᠦᠩ ᠢ ᠴᠠᠭ ᠲᠤᠬᠠᠶ ᠳᠤᠨᠢ ᠨᠡᠶᠢᠲᠡᠯᠡᠨ᠎ᠡ ᠬᠡᠪᠡ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号