ᠵᠠᠩ ᠪᠠᠢ ᠴᠧᠩ ᠵᠡᠷᠭᠡ ᠨᠠᠮ ᠤᠨ ᠭᠡᠰᠢᠭᠦᠨ ᠤᠳᠤᠷᠢᠳᠬᠤ ᠨᠥᠬᠦᠳ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠳᠤ ᠣᠷᠣᠯᠴᠠᠪᠠ
ᠨᠡᠶᠢᠲᠡᠯᠡᠭᠰᠡᠨ ᠴᠠᠭ᠄
2024/7/2
     ᠠᠶᠢᠮᠠᠭ ᠤᠨ ᠨᠠᠮ ᠤᠨ ᠬᠤᠷᠢᠶ᠎ᠠ ᠶᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠣᠬᠢᠷᠠᠭᠤᠯᠤᠯᠲᠠ ᠶᠣᠰᠣᠭᠠᠷ᠂ 7 ᠰᠠᠷ᠎ᠠ ᠶᠢᠨ 1 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠪᠠᠢ ᠴᠧᠩ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠡᠷᠬᠢᠯᠡᠭᠴᠢ ᠸᠠᠩ ᠶᠦᠩ ᠮᠢᠩ᠂ ᠠᠶᠢᠮᠠᠭ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠵᠤᠤ ᠳ᠋ᠧ ᠶᠦᠩ ᠵᠡᠷᠭᠡ ᠨᠠᠮ ᠤᠨ ᠭᠡᠰᠢᠭᠦᠨ ᠤᠳᠤᠷᠢᠳᠬᠤ ᠨᠥᠬᠦᠳ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠤᠨ ᠲᠥᠪ ᠲᠤ ᠬᠦᠷᠴᠦ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠳᠤ ᠣᠷᠣᠯᠴᠠᠭᠰᠠᠨ ᠪᠥᠭᠡᠳ ᠨᠠᠮ ᠳᠤ ᠣᠷᠣᠬᠤ ᠲᠠᠩᠭᠠᠷᠢᠭ ᠢ ᠳᠠᠬᠢᠨᠲᠠ ᠡᠷᠬᠢᠴᠡᠬᠦᠯᠪᠠ᠃      ᠵᠠᠩ ᠪᠠᠢ ᠴᠧᠩ ᠵᠡᠷᠭᠡ ᠨᠠᠮ ᠤᠨ ᠭᠡᠰᠢᠭᠦᠨ ᠤᠳᠤᠷᠢᠳᠬᠤ ᠨᠥᠬᠦᠳ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠤᠨ ᠲᠥᠪ ᠢ ᠲᠣᠭᠤᠷᠢᠨ ᠦᠵᠡᠵᠦ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠢ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠪᠡ᠃ ᠣᠯᠠᠨ ᠢᠶᠠᠷ ᠢᠶᠠᠨ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠦᠷᠭᠦᠯᠵᠢᠯᠡᠨ ᠭᠦᠨᠵᠡᠭᠡᠢ ᠰᠤᠷᠤᠯᠴᠠᠨ ᠣᠶᠢᠯᠠᠭᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠡᠳᠦᠷ ᠲᠤᠳᠤᠮ ᠤᠨ ᠠᠵᠢᠯ ᠳᠤ ᠠᠭᠤᠰᠤᠯᠴᠠᠭᠤᠯᠤᠨ᠂ ᠪᠠᠶᠢᠩᠭᠤ ᠠᠳᠬᠤᠬᠤ ᠶᠢ ᠠᠬᠢᠭᠤᠯᠵᠦ᠂ ᠲᠦᠷᠦᠭᠦᠯᠡᠨ ᠤᠯᠤᠰ ᠲᠦᠷᠦ ᠶᠢᠨ ᠲᠠᠯ᠎ᠠ ᠪᠠᠷ ᠰᠡᠷᠭᠡᠭ ᠴᠢᠬᠢᠮᠠᠢ᠂ ᠳᠦᠷᠢᠮ ᠢ ᠵᠢᠷᠤᠮᠯᠠᠬᠤ ᠲᠠᠯ᠎ᠠ ᠪᠠᠷ ᠦᠨᠡᠨᠴᠢ ᠰᠢᠳᠤᠷᠭᠤ ᠪᠠᠶᠢᠵᠦ᠂ ᠤᠯᠠᠨ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠬᠰᠠᠨ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠲᠥᠪ ᠴᠢᠬᠡᠴᠢ ᠡᠷᠬᠢᠮ ᠳᠡᠭᠡᠳᠦ ᠬᠥᠮᠥᠨ ᠪᠣᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠰᠢᠨ᠎ᠡ ᠦᠷ᠎ᠡ ᠪᠦᠲᠦᠮᠵᠢ ᠶᠢ ᠠᠵᠢᠯ ᠢᠶᠠᠨ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠤᠨ᠎ᠠ ᠭᠡᠵᠦ ᠢᠯᠡᠷᠭᠡᠶᠢᠯᠡᠵᠡᠭᠡᠪᠡ᠃      ᠲᠤᠭᠤᠷᠢᠨ ᠦᠵᠡᠵᠦ ᠳᠠᠭᠤᠰᠤᠬᠰᠠᠨ ᠤ ᠳᠠᠷᠠᠭ᠎ᠠ᠂ ᠤᠯᠠᠨ ᠢᠶᠠᠷ ᠢᠶᠠᠨ ᠲᠠᠩᠭᠠᠷᠢᠭᠯᠠᠬᠤ ᠲᠢᠩᠬᠢᠮ ᠳᠤ ᠠᠯᠬᠤᠨ ᠤᠷᠤᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠠᠯ ᠤᠯᠠᠭᠠᠨ ᠲᠤᠭ ᠤᠨ ᠡᠮᠦᠨ᠎ᠠ᠂ ᠵᠠᠩ ᠪᠠᠢ ᠴᠧᠩ ᠲᠥᠪ ᠬᠢᠴᠢᠶᠡᠩᠭᠦᠢ ᠪᠠᠷ ᠪᠠᠷᠠᠭᠤᠨ ᠨᠢᠳᠤᠷᠭ᠎ᠠ ᠪᠠᠨ ᠡᠷᠭᠦᠵᠦ᠂ ᠤᠯᠠᠨ ᠢ ᠳᠠᠭᠠᠭᠤᠯᠤᠨ ᠨᠠᠮ ᠳᠤ ᠣᠷᠣᠬᠤ ᠲᠠᠩᠭᠠᠷᠢᠭ ᠢ ᠲᠠᠬᠢᠨ ᠡᠷᠭᠢᠴᠡᠭᠦᠯᠵᠦ᠂ ᠲᠦᠪ ᠴᠢᠩᠭ᠎ᠠ ᠲᠠᠩᠭᠠᠷᠢᠬᠯᠠᠬᠤ ᠳᠠᠭᠤᠨ ᠤᠳᠠᠲᠠᠯ᠎ᠠ ᠴᠤᠤᠷᠢᠶᠠᠲᠤᠪᠠ᠃      ᠠᠶᠢᠮᠠᠭ ᠤᠨ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ᠂ ᠵᠠᠬᠢᠷᠭ᠎ᠠ᠂ ᠤᠯᠤᠰ ᠲᠥᠷᠥ ᠶᠢᠨ ᠵᠥᠪᠯᠡᠯᠭᠡᠨ ᠵᠡᠷᠭᠡ ᠠᠶᠢᠮᠠᠭ ᠤᠨ ᠱᠠᠲᠤᠨ ᠤ ᠨᠠᠮ ᠤᠨ ᠭᠡᠰᠢᠭᠦᠨ ᠤᠳᠤᠷᠢᠳᠬᠤ ᠨᠥᠬᠦᠳ ᠠᠵᠢᠯᠯᠠᠭ᠎ᠠ ᠳᠤ ᠣᠷᠣᠯᠴᠠᠵᠠᠢ᠃                                                             ᠣᠷᠴᠢᠭᠤᠯᠣᠭᠴᠢ᠄ ᠣᠶᠣᠩᠬᠤᠸᠠᠷ    
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号