ᠣᠶᠢᠷ᠎ᠠ ᠶᠢᠨ ᠵᠢᠯ ᠠᠴᠠ᠂ ᠰᠢᠯᠢ ᠶᠢᠨ ᠭᠤᠣᠯ ᠠᠶᠢᠮᠠᠭ ︽ᠬᠥᠬᠡᠮᠳᠦᠭ ᠨᠣᠭᠤᠭᠠᠨ ᠠᠭᠤᠯᠠ ᠤᠰᠤ ᠪᠣᠯ | ᠳᠠᠷᠤᠢ ᠠᠯᠳᠠ ᠮᠥᠩᠭᠦᠨ ᠠᠭᠤᠯᠠ ᠮᠦᠨ︾ ᠭᠡᠬᠦ ᠣᠶᠢᠯᠠᠭᠠᠭᠳᠠᠬᠤᠨ ᠢ ᠪᠦᠬᠦ ᠲᠠᠯ᠎ᠠ ᠪᠠᠷ ᠲᠤᠭᠤᠰᠢᠯᠠᠭᠤᠯᠵᠦ᠂ | ᠪᠤᠬᠢᠷᠳᠤᠯ ᠦᠬᠡᠢ ᠬᠦᠭᠵᠢᠯᠲᠡ ᠶᠢᠨ ᠵᠠᠭᠪᠤᠷ ᠢ ᠢᠳᠡᠪᠬᠢᠲᠡᠢ ᠰᠦᠪᠡᠭᠴᠢᠯᠡᠠ᠂ ᠠᠮᠢ ᠠᠬᠤᠢ ᠶᠢᠨ ᠬᠠᠮᠠᠭᠠᠯᠠᠯᠲᠠ ᠶᠢᠨ | ᠣᠶᠢᠯᠠᠭᠠᠭᠳᠠᠬᠤᠨ ᠢ ᠠᠭᠤᠷᠬᠠᠢ ᠶᠢᠨ ᠡᠬᠢ ᠪᠠᠶᠠᠯᠢᠭ ᠢ ᠨᠡᠭᠡᠭᠡᠨ ᠮᠠᠯᠲᠠᠬᠤ᠂ ᠪᠤᠯᠪᠠᠰᠤᠷᠠᠭᠤᠯᠬᠤ᠂ ᠠᠰᠢᠭᠯᠠᠬᠤ ᠪᠦᠬᠦ | ᠶᠠᠪᠤᠴᠠ ᠳᠤ ᠲᠤᠭᠤᠰᠢᠯᠠᠭᠤᠯᠵᠦ᠂ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠳᠤ ᠮᠡᠳᠡᠭᠳᠡᠮ᠎ᠡ | ᠦᠷ᠎ᠡ ᠪᠦᠲᠦᠮᠵᠢ ᠣᠯᠵᠠᠢ᠃ | ᠰᠢᠯᠢ ᠶᠢᠨ ᠭᠤᠣᠯ ᠠᠶᠢᠮᠠᠭ ᠠᠭᠤᠷᠬᠠᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠬᠠᠮᠢᠶᠠᠷᠤᠯᠲᠠ ᠶᠢ | ᠴᠢᠩᠳᠠᠯᠠᠬᠤ᠂ ᠬᠠᠶᠢᠷ ᠴᠢᠯᠠᠭᠤᠨ ᠤ ᠡᠬᠢ ᠪᠠᠶᠠᠯᠢᠭ ᠢ ᠡᠷᠴᠢᠮᠵᠢᠭᠦᠯᠦᠨ ᠥᠨᠳᠥᠷ ᠪᠦᠲᠦᠮᠵᠢᠲᠡᠶ ᠠᠰᠢᠭᠯᠠᠬᠤ ᠶᠢ | ᠠᠬᠢᠭᠤᠯᠬᠤ᠂ ᠡᠵᠡᠨ ᠦᠭᠡᠢ ᠬᠠᠶᠠᠭᠳᠠᠮᠠᠯ ᠨᠦᠬᠡ ᠶᠢ ᠵᠠᠰᠠᠬᠤ ᠵᠡᠷᠭᠡ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠠᠷ | ᠳᠠᠮᠵᠢᠭᠤᠯᠤᠨ᠂ ᠨᠤᠲᠤᠭ ᠪᠡᠯᠴᠢᠭᠡᠷ ᠢ ᠬᠠᠮᠠᠭᠠᠯᠠᠵᠤ᠂ ᠠᠭᠤᠷᠬᠠᠢ ᠶᠢᠨ ᠡᠬᠢ ᠪᠠᠶᠠᠯᠢᠭ ᠢ ᠵᠦᠢ ᠵᠣᠬᠢᠰᠲᠠᠢ ᠨᠡᠭᠡᠭᠡᠨ | ᠠᠰᠢᠭᠯᠠᠬᠤ᠂ ᠪᠦᠲᠦᠮᠵᠢᠲᠡᠶ ᠬᠠᠮᠠᠭᠠᠯᠠᠬᠤ᠂ ᠦᠷᠭᠦᠯᠵᠢᠯᠡᠨ ᠠᠰᠢᠭᠯᠠᠬᠤ ᠶᠢ ᠠᠬᠢᠭᠤᠯᠪᠠ᠃ | 2018 ᠣᠨ ᠠᠴᠠ ᠨᠠᠭᠠᠰᠢ᠂ ᠪᠥᠬᠦ ᠠᠶᠢᠮᠠᠭ ᠤᠨ ᠬᠢᠨ ᠡᠯ᠎ᠡ ᠲᠥᠷᠥᠯ ᠤᠨ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ ᠳᠠᠬᠢ ᠲᠡᠦᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠢ ᠮᠠᠯᠲᠠᠬᠤ ᠡᠷᠬᠡ ᠶᠢ 73᠂ | ᠠᠭᠤᠷᠬᠠᠢ ᠬᠠᠶᠢᠬᠤ ᠡᠷᠬᠡ ᠶᠢ 77 ᠶᠢ ᠬᠦᠴᠦᠨ ᠦᠭᠡᠢ ᠪᠣᠯᠭᠠᠵᠤ᠂ ᠬᠤᠭᠤᠴᠠᠭ᠎ᠠ ᠨᠢ ᠥᠩᠭᠡᠷᠡᠭᠰᠡᠨ ᠪᠥᠭᠡᠳ | ᠨᠥᠬᠦᠴᠡᠯ ᠳᠤ ᠥᠯᠥ ᠨᠡᠶᠢᠴᠡᠬᠦ ᠠᠭᠤᠷᠬᠠᠢ ᠮᠠᠯᠲᠠᠬᠤ ᠡᠷᠬᠡ ᠶᠢ 118 ᠶᠢ ᠢᠯᠭᠠᠷᠠᠭᠤᠯᠤᠨ ᠳᠢᠭᠯᠡᠵᠦ᠂ 180 | ᠵᠢᠵᠢᠭ ᠬᠡᠯᠪᠡᠷᠢ ᠶᠢᠨ ᠠᠭᠤᠷᠬᠠᠢ ᠶᠢᠨ ᠠᠵᠤ ᠠᠬᠤᠶᠢᠯᠠᠯ ᠢ ᠬᠠᠭᠠᠵᠤ ᠬᠦᠴᠦᠨ ᠦᠭᠡᠢ ᠪᠣᠯᠭᠠᠵᠤ᠂ ᠲᠣᠮᠣ ᠳᠤᠮᠳᠠ | ᠬᠡᠯᠪᠡᠷᠢ ᠶᠢᠨ ᠠᠭᠤᠷᠬᠠᠢ ᠶᠢᠨ ᠡᠵᠡᠯᠡᠬᠦ ᠬᠠᠷᠢᠴᠠᠯ ᠢ 18% ᠪᠠᠶᠢᠭᠰᠠᠨ ᠠᠴᠠ 43% ᠪᠣᠯᠭᠠᠨ ᠳᠡᠭᠡᠭᠰᠢᠯᠡᠭᠦᠯᠪᠡ᠃ | 2022 ᠣᠨ ᠳᠤ᠂ ᠪᠠᠷᠢᠯᠭ᠎ᠠ ᠳᠤ ᠬᠡᠷᠡᠭᠯᠡᠬᠦ ᠬᠠᠶᠢᠷ ᠴᠢᠯᠠᠭᠤᠨ ᠤ ᠠᠭᠤᠷᠬᠠᠢ ᠶᠢᠨ ᠬᠠᠤᠯᠢ ᠠᠴᠠ ᠵᠥᠷᠢᠴᠡᠭᠰᠡᠨ | ᠠᠵᠢᠯᠯᠠᠭ᠎ᠠ ᠶᠢ ᠲᠤᠰᠬᠠᠢ ᠴᠡᠭᠴᠡᠯᠡᠨ ᠵᠠᠰᠠᠬᠤ ᠠᠵᠢᠯ ᠢ ᠪᠥᠬᠦ ᠣᠷᠣᠨ ᠳᠤ ᠤᠷᠢᠳ ᠢᠶᠠᠷ ᠥᠷᠨᠢᠭᠦᠯᠵᠦ᠂ ᠪᠥᠬᠦ | ᠠᠶᠢᠮᠠᠭ ᠤᠨ 31 ᠬᠠᠶᠢᠷ ᠴᠢᠯᠠᠭᠤᠨ ᠤ ᠠᠭᠤᠷᠬᠠᠢ ᠭᠠᠷᠳᠠᠮ ᠪᠦᠷᠢᠨ ᠪᠤᠰᠤ᠂ ᠠᠮᠤᠷ ᠲᠦᠪᠰᠢᠨ ᠣᠷᠴᠢᠨ | ᠲᠤᠭᠤᠷᠢᠨ ᠤ ᠬᠠᠮᠠᠭᠠᠯᠠᠯᠲᠠ ᠶᠢᠨ ᠪᠠᠷᠢᠮᠵᠢᠶ᠎ᠠ ᠳᠤ ᠬᠦᠷᠬᠦ ᠦᠭᠡᠢ ᠵᠡᠷᠭᠡ ᠠᠰᠠᠭᠤᠳᠠᠯ ᠠᠴᠠ ᠪᠣᠯᠵᠤ ᠬᠠᠤᠯᠢ ᠶᠣᠰᠣᠭᠠᠷ | ᠤᠬᠤᠷᠢᠨ ᠭᠠᠷᠴᠦ᠂ ᠰᠢᠯᠢ ᠶᠢᠨ ᠬᠤᠲᠠ ᠶᠢᠨ ᠬᠢᠨ ᠪᠥᠬᠦ ᠬᠤᠲᠠ ᠶᠢᠨ 46 ᠬᠠᠶᠢᠷ ᠴᠢᠯᠠᠭᠤᠨ ᠤ ᠠᠭᠤᠷᠬᠠᠢ ᠶᠢ | ᠨᠡᠶᠢᠯᠡᠭᠦᠯᠦᠭᠡᠳ 2 ᠪᠣᠯᠭᠠᠵᠤ᠂ ᠬᠡᠷᠡᠭᠯᠡᠬᠦ ᠭᠠᠵᠠᠷ ᠤᠨ ᠲᠠᠯᠠᠪᠠᠶ ᠶᠢ 2000 ᠭᠠᠷᠤᠢ ᠮᠦ ᠪᠠᠭᠠᠰᠬᠠᠨ᠂ ᠬᠠᠶᠢᠷ | ᠴᠢᠯᠠᠭᠤᠨ ᠤ ᠠᠭᠤᠷᠬᠠᠢ ᠶᠢ ᠴᠡᠭᠴᠡᠯᠡᠨ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠣᠯᠪᠠ᠃ 2023 ᠣᠨ ᠳᠤ | ᠂ ᠪᠠᠷᠢᠯᠭ᠎ᠠ ᠳᠤ ᠬᠡᠷᠡᠭᠯᠡᠬᠦ ᠬᠠᠶᠢᠷ ᠴᠢᠯᠠᠭᠤᠨ ᠤ ᠠᠭᠤᠷᠬᠠᠢ ᠶᠢᠨ ︽ᠴᠡᠪᠡᠷ ᠠᠭᠤᠷᠬᠠᠢ︾ ᠶᠢᠨ ᠲᠤᠷᠰᠢᠯᠲᠠ ᠶᠢᠨ | ᠴᠡᠭ ᠢ ᠪᠥᠬᠦ ᠣᠷᠣᠨ ᠳᠤ ᠤᠷᠢᠳ ᠢᠶᠠᠷ ᠥᠷᠨᠢᠭᠦᠯᠵᠦ᠂ ᠠᠭᠤᠷᠬᠠᠢ ᠳᠤ ᠬᠡᠷᠡᠭᠯᠡᠬᠦ ᠭᠠᠵᠠᠷ ᠤᠨ ᠭᠠᠷᠳᠠᠮ ᠢ | ᠭᠦᠢᠴᠡᠳᠬᠡᠬᠦ ᠨᠢ ᠤᠳᠠᠭᠠᠰᠢᠷᠠᠵᠤ ᠪᠠᠶᠢᠭ᠎ᠠ ᠠᠰᠠᠭᠤᠳᠠᠯ ᠢ ᠦᠨᠳᠦᠰᠦᠨ ᠠᠴᠠ ᠨᠢ ᠰᠶᠢᠳᠪᠦᠷᠢᠯᠡᠪᠡ᠃ 2021 ᠣᠨ | ᠠᠴᠠ ᠨᠠᠭᠠᠰᠢ᠂ ᠨᠡᠶᠢᠲᠡ 10.88 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠲᠡᠦᠬᠡᠨ ᠠᠴᠠ | ᠦᠯᠡᠳᠡᠭᠳᠡᠵᠦ ᠢᠷᠡᠭᠰᠡᠨ 9423 ᠡᠵᠡᠨ ᠦᠭᠡᠢ ᠬᠠᠶᠠᠭᠳᠠᠮᠠᠯ ᠨᠦᠬᠡ ᠶᠢ ᠵᠠᠰᠠᠵᠤ᠂ ᠳᠠᠯᠠᠪᠠᠢ ᠨᠢ 123.23 | ᠬᠠᠪᠲᠠᠭᠠᠢ ᠳᠥᠷᠪᠡᠯᠵᠢᠨ ᠺᠢᠯᠤᠮᠧᠲᠷ ᠲᠤ ᠬᠦᠷᠴᠡᠢ᠂ 2023 ᠣᠨ ᠤ ᠡᠴᠦᠰ ᠪᠣᠯᠬᠤ ᠳᠤ᠂ ᠪᠥᠬᠦ ᠠᠶᠢᠮᠠᠭ ᠤᠨ | ᠲᠡᠦᠬᠡᠨ ᠠᠴᠠ ᠦᠯᠡᠳᠡᠭᠳᠡᠵᠦ ᠢᠷᠡᠭᠰᠡᠨ ᠡᠵᠡᠨ ᠦᠭᠡᠢ ᠬᠠᠶᠠᠭᠳᠠᠮᠠᠯ ᠨᠦᠬᠡ ᠶᠢ ᠪᠦᠬᠦᠨ ᠢ ᠵᠠᠰᠠᠵᠤ ᠳᠠᠭᠤᠰᠬᠠᠭᠠᠳ᠂ | ᠲᠤᠬᠲᠠᠬᠰᠠᠨ ᠬᠠᠷᠠᠯᠲᠠ ᠪᠠᠨ 2 ᠵᠢᠯ ᠤᠷᠢᠳᠴᠢᠯᠠᠨ ᠪᠡᠶᠡᠯᠡᠭᠦᠯᠪᠡ ᠁ ᠰᠢᠯᠢ ᠶᠢᠨ ᠭᠤᠣᠯ ᠠᠶᠢᠮᠠᠭ | ᠠᠭᠤᠷᠬᠠᠢ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠵᠠᠰᠠᠯᠲᠠ ᠶᠢᠨ ᠲᠡᠦᠬᠡᠨ ᠠᠴᠠ ᠦᠯᠡᠳᠡᠭᠳᠡᠵᠦ | ᠢᠷᠡᠭᠰᠡᠨ ᠦᠷᠢ ᠰᠢᠷᠢ ᠤᠯᠠᠨ᠂ ᠵᠠᠰᠠᠬᠤ ᠳᠤ ᠬᠦᠴᠢᠷ ᠵᠡᠷᠭᠡ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ | ︽ᠬᠡᠨ ᠨᠡᠭᠡᠭᠡᠨ ᠠᠰᠢᠬᠯᠠᠪᠠᠯ ᠬᠡᠨ ᠬᠠᠮᠠᠭᠠᠯᠠᠬᠤ᠂ ᠬᠡᠨ ᠪᠣᠬᠢᠷᠲᠤᠭᠤᠯᠪᠠᠯ ᠬᠡᠨ ᠵᠠᠰᠠᠬᠤ︾ ᠵᠠᠷᠴᠢᠮ ᠶᠣᠰᠣᠭᠠᠷ᠂ | ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠬᠦ᠂ ᠵᠠᠰᠠᠯᠲᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ᠂ | ᠵᠠᠰᠠᠯᠲᠠ ᠶᠢᠨ ᠣᠷᠣᠭᠤᠯᠤᠯᠲᠠ ᠶᠢ ᠨᠡᠮᠡᠭᠳᠡᠭᠦᠯᠬᠦ ᠵᠡᠷᠭᠡ ᠬᠠᠮ ᠠᠷᠭ᠎ᠠ ᠬᠡᠮᠵᠢᠶ᠎ᠡ ᠶᠢ ᠠᠪᠴᠤ᠂ ᠠᠭᠤᠷᠬᠠᠢ ᠶᠢᠨ ᠠᠮᠢ | ᠠᠬᠤᠢ ᠣᠷᠴᠢᠨ ᠲᠣᠭᠤᠷᠢᠨ ᠢ ᠰᠡᠷᠭᠦᠭᠡᠨ ᠵᠠᠰᠠᠬᠤ ᠶᠢ ᠰᠢᠰᠲ᠋ᠧᠮ ᠲᠠᠢ ᠠᠬᠢᠭᠤᠯᠪᠠ᠃ | 2018 ᠣᠨ ᠠᠴᠠ ᠨᠠᠭᠠᠰᠢ᠂ ᠪᠥᠬᠦ ᠠᠶᠢᠮᠠᠭ ᠤᠨ ᠡᠯ᠎ᠡ ᠠᠭᠤᠷᠬᠠᠢ ᠶᠢᠨ ᠠᠵᠤ ᠠᠬᠤᠶᠢᠯᠠᠯ ᠤᠳ ᠨᠡᠶᠢᠲᠡ | 56.5 ᠳ᠋ᠦᠩᠰᠢᠭᠤᠷ ᠲᠥᠭᠦᠷᠢᠭ ᠤᠨ ᠵᠠᠰᠠᠯᠲᠠ ᠶᠢᠨ ᠪᠡᠯᠡ ᠮᠥᠩᠭᠦ ᠣᠷᠣᠭᠤᠯᠵᠤ᠂ 350 ᠬᠠᠪᠲᠠᠭᠠᠢ | ᠳᠥᠷᠪᠡᠯᠵᠢᠨ ᠺᠢᠯᠤᠮᠧᠲᠷ ᠲᠠᠯᠠᠪᠠᠶ ᠶᠢ ᠵᠠᠰᠠᠵᠦ᠂ ᠪᠡᠯᠡ ᠮᠥᠩᠭᠦ ᠪᠠ ᠵᠠᠰᠠᠬᠰᠠᠨ ᠲᠠᠯᠠᠪᠠᠶ ᠨᠢ ᠣᠯᠠᠨ ᠵᠢᠯ ᠳᠠᠷᠠᠭᠠᠯᠠᠨ | ᠪᠥᠬᠦ ᠣᠷᠣᠨ ᠤ ᠡᠮᠦᠨ᠎ᠡ ᠡᠩᠨᠡᠭᠡᠨ ᠳᠤ ᠣᠷᠣᠭᠰᠠᠨ ᠪᠠᠶᠢᠨ᠎ᠠ᠃ ᠡᠭᠦᠨ ᠳᠤ᠂ 2021 ᠣᠨ ᠳᠤ ᠨᠡᠶᠢᠲᠡ 16.1 | ᠳ᠋ᠦᠩᠰᠢᠭᠤᠷ ᠲᠥᠭᠦᠷᠢᠭ ᠤᠨ ᠪᠡᠯᠡ ᠮᠦᠡᠭᠭᠦ ᠣᠷᠣᠭᠤᠯᠵᠤ᠂ ᠡᠵᠡᠩᠨᠡᠯᠲᠡ ᠳᠤ ᠪᠠᠶᠢᠭ᠎ᠠ ᠠᠭᠤᠷᠬᠠᠢ ᠶᠢ 60 | ᠬᠠᠪᠲᠠᠭᠠᠢ ᠳᠥᠷᠪᠡᠯᠵᠢᠨ ᠺᠢᠯᠤᠮᠧᠲᠷ ᠵᠠᠰᠠᠵᠤ᠂ ᠪᠡᠯᠡ ᠮᠦᠡᠭᠭᠦ ᠪᠤᠯᠤᠨ ᠵᠠᠰᠠᠭᠰᠠᠨ ᠲᠠᠯᠠᠪᠠᠶ ᠨᠢ ᠲᠣᠰ ᠲᠣᠰ | ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠤ ᠶᠡᠷᠦᠩᠬᠡᠢ ᠬᠡᠮᠵᠢᠶ᠎ᠡ ᠶᠢᠨ 74% | ᠪᠠ 42% ᠪᠤᠯᠪᠠ᠃ | ᠰᠢᠯᠢ ᠶᠢᠨ ᠭᠤᠣᠯ ᠠᠶᠢᠮᠠᠭ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ | ᠪᠠᠷᠢᠮᠵᠢᠶ᠎ᠠ ᠶᠢᠨ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠬᠥᠳᠡᠯᠦᠩᠭᠦᠢ ᠬᠠᠮᠢᠶᠠᠷᠤᠯᠲᠠ ᠶᠢᠨ | ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ | ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠥᠬᠦ ᠬᠦᠴᠦᠨ ᠢᠶᠠᠷ ᠠᠬᠢᠭᠤᠯᠤᠨ᠂ ᠪᠣᠬᠢᠷᠲᠤᠯ | ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠠᠭᠤᠯᠤᠭᠳᠠᠬᠤᠨ ᠢ ᠭᠦᠨᠵᠡᠭᠡᠶᠢᠷᠡᠭᠦᠯᠦᠨ ᠥᠷᠭᠡᠳᠬᠡᠪᠡ᠃ | ᠪᠥᠬᠦ ᠠᠶᠢᠮᠠᠭ ᠲᠤ ᠤᠷᠢᠳ ᠬᠤᠵᠢᠳ 73 ᠠᠭᠤᠷᠬᠠᠢ ᠪᠣᠬᠢᠷᠲᠤᠯ ᠦᠭᠡᠢ ᠠᠭᠤᠷᠬᠠᠢ ᠶᠢᠨ ᠭᠤᠷᠪᠠᠳᠠᠭᠢ | ᠡᠲᠡᠭᠡᠳ ᠤᠨ ᠦᠨᠡᠯᠡᠨ ᠵᠢᠱᠢᠯᠲᠡ ᠶᠢ ᠥᠩᠭᠡᠷᠡᠭᠡᠵᠦ᠂ 48 ᠠᠭᠤᠷᠬᠠᠢ ᠥᠪᠡᠷᠲᠡᠭᠡᠨ ᠵᠠᠰᠠᠬᠤ ᠣᠷᠣᠨ ᠤ ᠲᠠᠰ ᠤᠨ | ᠪᠣᠬᠢᠷᠲᠤᠯ ᠦᠭᠡᠢ ᠠᠭᠤᠷᠬᠠᠢ ᠶᠢᠨ ᠨᠡᠷᠡᠰ ᠤᠨ ᠬᠥᠮᠥᠷᠭᠡ ᠳᠤ ᠣᠷᠣᠵᠤ᠂ 8 ᠠᠭᠤᠷᠬᠠᠢ ᠤᠯᠤᠰ ᠤᠨ ᠲᠠᠰ ᠤᠨ | ᠪᠣᠬᠢᠷᠲᠤᠯ ᠦᠭᠡᠢ ᠠᠭᠤᠷᠬᠠᠢ ᠶᠢᠨ ᠨᠡᠷᠡᠰ ᠤᠨ ᠬᠥᠮᠥᠷᠭᠡ ᠳᠤ ᠣᠷᠣᠬᠰᠠᠨ ᠪᠠᠶᠢᠨ᠎ᠠ᠃ | 2022 ᠣᠨ ᠠᠴᠠ ᠨᠠᠭᠠᠰᠢ᠂ ᠠᠭᠤᠷᠬᠠᠢ ᠶᠢᠨ ᠦᠢᠯᠡᠰ ᠤᠨ ᠡᠷᠬᠡ ᠶᠢ ᠬᠠᠶᠢᠨ ᠪᠠᠶᠢᠴᠠᠭᠠᠵᠤ ᠨᠡᠭᠡᠭᠡᠨ | ᠮᠠᠯᠲᠠᠬᠤ ᠮᠡᠳᠡᠭᠡ ᠵᠠᠩᠭᠢ ᠶᠢᠨ ᠰᠢᠰᠲ᠋ᠧᠮ ᠤᠨ ᠬᠡᠪ ᠤᠨ ᠪᠤᠰᠤ ᠨᠡᠷᠡᠰ ᠤᠨ ᠵᠢᠭᠰᠠᠭᠠᠯᠲᠠ ᠳᠤ ᠤᠷᠤᠬᠰᠠᠨ᠂ | ᠵᠠᠰᠠᠭᠰᠠᠨ ᠦᠷ᠎ᠡ ᠪᠦᠲᠦᠮᠵᠢ ᠨᠢ ᠠᠨᠠᠢ ᠵᠢᠴᠢ ᠬᠠᠤᠯᠢ ᠶᠢ ᠵᠦᠷᠢᠴᠡᠨ ᠭᠠᠵᠠᠷ ᠡᠵᠡᠯᠡᠭᠰᠡᠨ ᠠᠰᠠᠭᠤᠳᠠᠯ ᠲᠠᠢ᠂ | ᠴᠡᠭᠴᠡᠯᠡᠨ ᠰᠠᠶᠢᠵᠢᠷᠠᠭᠤᠯᠤᠬᠰᠠᠨ ᠤ ᠳᠠᠷᠠᠭ᠎ᠠ ᠮᠥᠨ ᠬᠦ ᠪᠠᠷᠢᠮᠵᠢᠶ᠎ᠠ ᠳᠤ ᠬᠦᠷᠬᠦ ᠦᠭᠡᠢ 22 ᠠᠭᠤᠷᠬᠠᠢ ᠶᠢ | ᠪᠣᠬᠢᠷᠲᠤᠯ ᠦᠭᠡᠢ ᠠᠭᠤᠷᠬᠠᠢ ᠶᠢᠨ ᠨᠡᠷᠡᠰ ᠤᠨ ᠵᠢᠭᠰᠠᠭᠠᠯᠲᠠ ᠶᠢᠨ ᠬᠥᠮᠥᠷᠭᠡ ᠠᠴᠠ ᠰᠢᠯᠵᠢᠭᠦᠯᠦᠨ ᠭᠠᠷᠭᠠᠪᠠ᠃ | ᠡᠭᠦᠨ ᠤ ᠬᠠᠮᠲᠤ᠂ ᠤᠶᠤᠨᠴᠢ ᠪᠠ ᠠᠮᠤᠷ ᠲᠦᠪᠰᠢᠨ ᠢ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ | ᠪᠠᠶᠢᠭᠤᠯᠤᠯᠲᠠ ᠳᠤ ᠠᠭᠤᠰᠬᠠᠨ ᠣᠷᠣᠭᠤᠯᠵᠤ᠂ ᠠᠭᠤᠷᠬᠠᠢ ᠶᠢᠨ ᠣᠶᠤᠨᠴᠢᠯᠠᠯᠲᠠ ᠶᠢᠨ ᠪᠦᠲᠦᠭᠡᠨ | ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ︵2021 — 2023 ᠣᠨ︶ ᠶᠢ | ᠬᠡᠷᠡᠭᠵᠢᠭᠦᠯᠪᠡ᠃ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠠᠴᠠ ᠨᠠᠭᠠᠰᠢ᠂ ︽ | ᠮᠠᠰᠢᠨᠴᠢᠯᠠᠯᠲᠠ ᠪᠠᠷ ᠬᠥᠮᠥᠨ ᠢ ᠤᠷᠤᠯᠠᠭᠤᠯᠬᠤ᠂ ᠠᠦ᠋ᠲ᠋ᠣᠴᠢᠯᠠᠯᠲᠠ ᠪᠠᠷ ᠬᠥᠮᠥᠨ ᠢ ᠬᠠᠰᠤᠬᠤ᠂ ᠣᠶᠤᠨᠴᠢᠯᠠᠯᠲᠠ ᠪᠠᠷ | ᠬᠥᠮᠥᠨ ᠬᠡᠷᠡᠭᠰᠡᠬᠦ ᠦᠭᠡᠢ ᠪᠣᠯᠭᠠᠬᠤ︾ ᠪᠠᠷ ᠭᠤᠣᠯ ᠠᠭᠤᠯᠭ᠎ᠠ ᠪᠣᠯᠭᠠᠵᠤ᠂ ᠨᠡᠭᠦᠷᠡᠰᠦᠨ ᠠᠭᠤᠷᠬᠠᠢ ᠶᠢᠨ ᠪᠤᠰᠤ | ᠬᠦᠷᠢᠶᠡᠨ ᠳᠤ 98 ᠣᠶᠤᠨᠴᠢᠯᠠᠭᠰᠠᠨ ᠲᠥᠷᠥᠯ ᠵᠦᠢᠯ ᠢ ᠪᠦᠲᠦᠭᠡᠨ ᠪᠠᠶᠢᠭᠤᠯᠵᠤ᠂ ᠪᠥᠬᠦ ᠠᠶᠢᠮᠠᠭ ᠤᠨ ᠨᠡᠭᠦᠷᠡᠰᠦᠨ | ᠬᠤᠳᠳᠤᠭ ᠤᠨ ᠪᠤᠰᠤ ᠠᠵᠤ ᠦᠢᠯᠡᠳᠪᠦᠷᠢ ᠠᠭᠤᠷᠬᠠᠢ ᠳᠤ ᠰᠠᠯᠬᠢ ᠨᠡᠪᠲᠡᠷᠡᠭᠦᠯᠬᠦ᠂ ᠤᠰᠤ ᠵᠠᠯᠠᠬᠤ᠂ ᠴᠠᠬᠢᠯᠭᠠᠨ | ᠬᠠᠩᠭᠠᠬᠤ᠂ ᠳᠡᠭᠡᠭᠰᠢᠯᠡᠭᠦᠯᠬᠦ ᠰᠢᠰᠲ᠋ᠧᠮ ᠵᠡᠷᠭᠡ ᠲᠣᠭᠲᠠᠮᠠᠯ ᠲᠤᠨᠤᠭ ᠲᠦᠬᠦᠭᠡᠷᠦᠮᠵᠢ ᠳᠤ ᠲᠤᠰᠬᠠᠢ ᠬᠥᠮᠥᠨ | ᠵᠢᠵᠢᠭᠦᠷᠯᠡᠬᠦ ᠦᠭᠡᠢ ᠪᠠᠶᠢᠬᠤ ᠶᠢ ᠪᠡᠶᠡᠯᠡᠭᠦᠯᠵᠦ᠂ ᠬᠤᠳᠳᠤᠭ ᠳᠣᠣᠷᠠᠬᠢ ᠭᠤᠣᠯ ᠪᠣᠯᠬᠤ ᠨᠦᠬᠡᠨ ᠵᠠᠮ ᠳᠤ ᠴᠢᠮᠡᠭᠡ | ᠨᠡᠪᠲᠡᠷᠡᠯᠭᠡ ᠶᠢᠨ ᠳᠣᠬᠢᠶ᠎ᠠ ᠶᠢ ᠵᠠᠯᠭᠠᠠ ᠣᠷᠣᠭᠤᠯᠵᠦ᠂ ᠠᠭᠤᠷᠬᠠᠢ ᠮᠠᠯᠲᠠᠬᠤ᠂ ᠲᠡᠭᠡᠭᠡᠪᠦᠷᠢᠯᠡᠬᠦ ᠵᠡᠷᠭᠡ | ᠭᠤᠭᠴᠤᠭ᠎ᠠ ᠶᠢᠨ ᠮᠠᠰᠢᠨᠴᠢᠯᠠᠯᠲᠠ ᠤᠲ᠋ᠣᠴᠢᠯᠠᠯᠲᠠ ᠶᠢᠨ ᠬᠢᠷᠢ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠪᠠ︔ | ᠨᠡᠭᠦᠷᠡᠰᠦᠨ ᠤ ᠬᠦᠷᠢᠶᠡᠨ ᠳᠠᠬᠢ 201 ᠣᠶᠤᠨᠴᠢᠯᠠᠭᠰᠠᠨ ᠲᠥᠷᠥᠯ ᠵᠦᠢᠯ ᠢ ᠪᠡᠶᠡᠯᠡᠭᠦᠯᠵᠦ᠂ ᠲᠡᠷᠭᠡ ᠬᠥᠰᠬᠡ᠂ | ᠠᠵᠢᠯᠲᠠᠨ ᠤ ᠪᠠᠶᠢᠷᠢ ᠲᠣᠭᠲᠠᠭᠠᠯᠲᠠ ᠵᠡᠷᠭᠡ ᠶᠢ ᠪᠦᠬᠦᠨ ᠢ 5G ᠰᠢᠰᠲ᠋ᠧᠮ ᠳᠤ ᠵᠠᠯᠭᠠᠨ ᠣᠷᠣᠭᠤᠯᠵᠤ᠂ ᠠᠦ᠋ᠲ᠋ᠣ᠋ | ᠬᠢᠨᠠᠨ ᠬᠡᠮᠵᠢᠯᠲᠡ᠂ ᠣᠶᠤᠨᠴᠢ ᠪᠠᠷ ᠲᠣᠬᠢᠷᠠᠭᠤᠯᠬᠤ ᠶᠢ ᠪᠡᠶᠡᠯᠡᠭᠦᠯᠪᠡ᠃ ᠡᠭᠦᠨ ᠠᠴᠠ ᠭᠠᠳᠠᠨ᠎ᠠ᠂ ᠣᠯᠠᠨ | ᠲᠥᠷᠥᠯ ᠤᠨ ᠮᠡᠷᠭᠡᠵᠢᠯ ᠨᠢ ᠠᠵᠢᠯ ᠲᠥᠷᠥᠯ ᠤᠨ ᠳᠤᠮᠳᠠ ᠳᠠᠭᠠᠭᠤᠯᠤᠭᠴᠢ ᠪᠠᠶᠢᠷᠢᠨ ᠳᠤ ᠤᠷᠤᠵᠦ᠂ ᠪᠠᠶᠠᠨᠬᠤᠸᠠ | ᠮᠧᠩ ᠳ᠋ᠦᠩ ᠤᠨ ᠨᠡᠭᠦᠷᠡᠰᠦᠨ ᠤ ᠦᠢᠯᠡᠰ ᠤᠨ ᠺᠣᠮᠫᠠᠨᠢ ᠶᠢᠨ ᠣᠶᠤᠨᠴᠢᠯᠠᠭᠰᠠᠨ ᠠᠮᠤᠷ ᠲᠦᠪᠰᠢᠨ ᠤ | ᠬᠠᠮᠢᠶᠠᠷᠤᠯᠲᠠ ᠶᠢᠨ ᠲᠠᠪᠴᠠᠩ ᠨᠢ ᠳᠤᠮᠳᠠᠳᠤ ᠤᠯᠤᠰ ᠤᠨ ᠨᠡᠭᠦᠷᠡᠰᠦᠨ ᠤ ᠠᠵᠤ ᠦᠢᠯᠡᠳᠪᠦᠷᠢ ᠶᠢᠨ ᠨᠡᠶᠢᠭᠡᠮᠯᠢᠭ ᠤᠨ | 2022 ᠣᠨ ᠤ ᠨᠡᠭᠦᠷᠡᠰᠦᠨ ᠤ ᠠᠵᠢᠯ ᠲᠥᠷᠥᠯ ᠤᠨ ᠬᠡᠪ ᠳᠠᠭᠤᠷᠢᠶᠠᠯ ᠤᠨ ᠬᠡᠷᠡᠭ ᠤᠨ ᠵᠢᠱᠢᠶ᠎ᠡ ᠳᠤ ᠰᠣᠩᠭᠤᠭᠳᠠᠨ | ᠣᠷᠣᠵᠤ᠂ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠪᠦᠯᠦᠭᠯᠡᠯ ᠤᠨ ᠥᠪᠥᠷ ᠮᠣᠩᠭᠤᠯ ᠤᠨ | ᠪᠠᠶᠠᠨᠬᠤᠸᠠ ᠨᠡᠭᠦᠷᠡᠰᠦ ᠴᠠᠬᠢᠯᠭᠠᠨ ᠤ ᠬᠢᠵᠠᠭᠠᠷᠲᠤ ᠺᠣᠮᠫᠠᠨᠢ ᠶᠢᠨ 5G + ᠵᠢᠯᠣᠭᠤᠴᠢ ᠦᠭᠡᠢ ᠲᠥᠷᠥᠯ ᠵᠦᠢᠯ | 2022 ᠣᠨ ᠤ ᠪᠥᠬᠦ ᠤᠯᠤᠰ ᠤᠨ ᠡᠨᠧᠷᠭᠢ ᠶᠢᠨ ᠬᠦᠷᠢᠶᠡᠨ ᠳᠠᠬᠢ 5G ᠤᠨ ᠬᠡᠷᠡᠭᠯᠡᠭᠡᠨ ᠤ ᠰᠢᠯᠢᠳᠡᠭ ᠬᠡᠷᠡᠭ ᠤᠨ | ᠵᠢᠱᠢᠶ᠎ᠡ ᠳᠤ ᠰᠣᠩᠭᠤᠭᠳᠠᠨ ᠣᠷᠣᠵᠠᠢ᠃ | |