ᠦᠢᠷ᠎ᠠ ᠶᠢᠨ ᠡᠳᠦᠷ᠂ ︽ᠪᠡᠬᠡᠰ ᠤᠨ ᠤᠶᠠᠩᠭ᠎ᠠ ᠲᠠᠢ ᠤᠮᠠᠷᠠᠲᠤ ᠬᠢᠯᠢ — ᠰᠢᠯᠢ ᠶᠢᠨ ᠭᠤᠤᠯ︾ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠬᠦ | ᠵᠢᠷᠭᠤᠭᠠᠨ ᠤᠷᠠᠨ ᠪᠢᠴᠢᠯᠭᠡᠳᠡᠨ ᠤ ᠪᠦᠳᠦᠭᠡᠯ ᠤᠨ ᠦᠵᠡᠰᠬᠦᠯᠡᠩ ᠰᠢᠯᠢ ᠶᠢᠨ ᠬᠤᠳᠠ ᠳᠤ ᠶᠠᠪᠤᠭᠳᠠᠪᠠ᠃ | ᠲᠤᠰ ᠤᠳᠠᠭᠠᠨ ᠤ ᠦᠵᠡᠭᠦᠯᠭᠡ ᠶᠢ ᠦᠪᠦᠷ ᠮᠤᠩᠭᠤᠯ ᠤᠨ ᠤᠷᠠᠨ ᠪᠢᠴᠢᠯᠭᠡᠳᠡᠳ ᠤᠨ ᠨᠡᠶᠢᠭᠡᠮᠯᠢᠭ ᠵᠢᠴᠢ | ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠮᠤᠩᠭᠤᠯ ᠤᠷᠠᠨ ᠪᠢᠴᠢᠯᠭᠡᠳᠡᠳ ᠤᠨ ᠨᠡᠶᠢᠭᠡᠮᠯᠢᠭ ᠠᠴᠠ | ᠵᠢᠭᠠᠨ ᠵᠢᠯᠤᠭᠤᠳᠴᠦ᠂ ᠰᠢᠯᠢ ᠢᠢᠨ ᠭᠤᠤᠯ ᠠᠶᠢᠮᠠᠭ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ ᠪᠠ ᠰᠢᠯᠢ | ᠢᠢᠨ ᠭᠤᠤᠯ ᠠᠶᠢᠮᠠᠭ ᠤᠨ ᠰᠤᠶᠤᠯ ᠤᠨ ᠤᠷᠳᠤᠨ ᠠᠴᠠ ᠭᠤᠤᠯᠯᠠᠨ ᠡᠷᠬᠢᠯᠡᠵᠦ᠂ ᠰᠢᠯᠢ ᠶᠢᠨ ᠭᠤᠤᠯ ᠠᠶᠢᠮᠠᠭ ᠤᠨ | ᠤᠷᠠᠨ ᠪᠢᠴᠢᠯᠭᠡᠳᠡᠳ ᠤᠨ ᠨᠡᠶᠢᠭᠡᠮᠯᠢᠭ ᠳᠠᠭᠠᠭᠠᠴᠢᠯᠠᠨ ᠡᠷᠬᠢᠯᠡᠪᠡ᠃ ᠦᠵᠡᠰᠬᠦᠯᠡᠩ ᠳᠤ ᠤᠷᠤᠯᠴᠠᠭᠰᠠᠨ ᠵᠢᠷᠭᠤᠭᠠᠨ | ᠤᠷᠠᠨ ᠪᠢᠴᠢᠯᠭᠡᠳᠡᠨ ᠪᠤᠯ ᠲᠤᠰ ᠲᠤᠰ ᠬᠦᠨᠡᠰᠦᠲᠦ᠂ ᠰᠢ ᠵᠢᠨᠵᠤᠤᠷ᠂ ᠵᠠᠩ ᠶᠠᠨ ᠱᠧᠩ᠂ ᠡᠦ ᠷᠦᠢ᠂ ᠲᠦᠪᠰᠢᠨ᠂ | ᠪᠤᠤ ᠱᠠᠨ ᠨᠠᠷ ᠪᠤᠯᠤᠨ᠎ᠠ᠃ ᠲᠡᠳᠡ ᠪᠦᠲᠦᠭᠡᠯ ᠢᠶᠠᠨ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ | ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠬᠦ ᠪᠠᠷ ᠭᠤᠤᠯ ᠰᠡᠳᠦᠪ ᠪᠤᠯᠭᠠᠵᠦ᠂ ︽ᠮᠤᠩᠭᠤᠯ ᠮᠤᠷᠢᠨ ᠤ | ᠵᠤᠷᠢᠭ ᠰᠠᠨᠠᠭ᠎ᠠ︾᠂ ︽ᠮᠤᠩᠭᠤᠯ ᠮᠤᠷᠢ ᠮᠤᠯᠤᠷ ᠡᠷᠳᠡᠨᠢ︾᠂ ︽ᠦᠯᠡᠮᠵᠢ ᠶᠢᠨ ᠴᠢᠨᠠᠷ︾᠂ ︽ᠬᠠᠪᠤᠷ ᠵᠤᠨ | ᠨᠠᠮᠤᠷ ᠡᠪᠦᠯ︾᠂ ︽ᠦᠨᠢᠷ ᠪᠠᠶᠠᠯᠢᠭ ᠨᠤᠲᠤᠭ ᠦᠪᠦᠷ ᠮᠤᠩᠭᠤᠯ ᠮᠢᠨᠢ︾ ᠵᠡᠷᠬᠡ ᠮᠠᠨ ᠤ ᠠᠶᠢᠮᠠᠭ ᠤᠨ ᠤᠨᠴᠠᠯᠢᠭ ᠢ | ᠢᠯᠡᠷᠡᠭᠦᠯᠦᠭᠰᠠᠨ 90 ᠬᠤᠪᠢ ᠪᠦᠲᠦᠭᠡᠯ ᠢᠶᠠᠨ ᠲᠡᠯᠭᠡᠨ ᠦᠵᠡᠬᠦᠯᠵᠠᠢ᠃ | ᠨᠡᠷᠡᠳᠦ ᠤᠷᠠᠨ ᠪᠢᠴᠢᠯᠭᠡᠳᠡᠨ ᠰᠢ ᠵᠢᠨᠵᠤᠤᠷ᠄ ︽ᠡᠨᠡ ᠤᠳᠠᠭᠠᠨ ᠤ ᠦᠵᠡᠭᠦᠯᠭᠡ ᠳᠤ 30 ᠬᠤᠪᠢ | ᠤᠯᠤᠰ ᠤᠨ ᠨᠡᠶᠢᠲᠡᠮ ᠭᠡᠷᠡᠭᠯᠡᠬᠦ ᠦᠭᠡ ᠭᠡᠯᠡ ᠦᠰᠦᠭ ᠪᠢᠴᠢᠭ ᠤᠨ ᠪᠠ 60 ᠬᠤᠪᠢ ᠮᠤᠩᠭᠤᠯ ᠤᠷᠠᠨ | ᠪᠢᠴᠢᠯᠭᠡ ᠶᠢᠨ ᠪᠦᠲᠦᠭᠡᠯ ᠢ ᠳᠡᠯᠭᠡᠨ ᠦᠵᠡᠭᠦᠯᠪᠠ᠃ ᠮᠢᠨᠤ ᠬᠤᠪᠢ ᠳᠤ ᠮᠤᠩᠭᠤᠯ ᠤᠷᠠᠨ ᠪᠢᠴᠢᠯᠭᠡ ᠶᠢᠨ | ᠭᠦᠶᠦᠯᠭᠡᠨ ᠲᠢᠭ ᠪᠠ ᠲᠦᠪ ᠪᠢᠴᠢᠯᠭᠡ ᠶᠢᠨ ᠪᠦᠳᠦᠭᠡᠯ ᠢᠶᠠᠨ ᠦᠵᠡᠬᠦᠯᠭᠡ ᠳᠤ ᠳᠡᠯᠭᠡᠯᠠ᠃ ᠡᠳᠡᠭᠡᠷ ᠪᠦᠲᠦᠭᠡᠯ ᠤᠳ | ᠪᠦᠷ ᠡᠬᠡ ᠤᠯᠤᠰ ᠢᠶᠠᠨ ᠮᠠᠭᠲᠠᠨ ᠳᠠᠭᠤᠯᠠᠭᠰᠠᠨ ᠪᠤᠶᠤ ᠳᠤᠮᠳᠠᠳᠤ ᠶᠢᠨ ᠦᠨᠳᠦᠰᠦᠲᠡᠨ ᠤ ᠬᠠᠮᠲᠦ ᠶᠢᠨ | ᠴᠤᠭᠴᠠ ᠶᠢᠨ ᠤᠬᠠᠮᠰᠠᠷ ᠢ ᠬᠠᠷᠠᠭᠤᠯᠤᠭᠰᠠᠨ ᠠᠭᠤᠯᠭ᠎ᠠ ᠲᠠᠢ ᠪᠠᠶᠢᠭ᠎ᠠ ᠪᠠᠷ ᠢᠶᠠᠨ ᠤᠨᠴᠠᠯᠢᠭᠳᠠᠨ᠎ᠠ︾ ᠭᠡᠯ᠎ᠠ᠃ | ᠲᠤᠰ ᠤᠳᠠᠭᠠᠨ ᠤ ᠦᠵᠡᠭᠦᠯᠭᠡ ᠨᠢ 7 ᠰᠠᠷ᠎ᠠ ᠶᠢᠨ 11 ᠤ ᠡᠳᠦᠷ ᠠᠴᠠ 8 ᠰᠠᠷ᠎ᠠ ᠶᠢᠨ 10 ᠤ ᠡᠳᠦᠷ | ᠪᠤᠯᠲᠠᠯ᠎ᠠ ᠰᠢᠯᠢ ᠶᠢᠨ ᠭᠤᠤᠯ ᠠᠶᠢᠮᠠᠭ ᠤᠨ ᠮᠦᠽᠸᠢ ᠳᠤ ᠨᠢᠭᠡ ᠰᠠᠷ᠎ᠠ ᠶᠢᠨ ᠬᠤᠭᠤᠴᠠᠭ᠎ᠠ ᠲᠠᠢ ᠦᠷᠭᠦᠯᠵᠢᠯᠡᠨ᠎ᠡ᠃ | |