ᠠᠶᠢᠮᠠᠭ ᠤᠨ ᠨᠠᠮ ᠤᠨ ᠬᠤᠷᠢᠶ᠎ᠠ 2024 ᠣᠨ ᠤ ᠬᠤᠷᠢᠨ ᠵᠢᠷᠭᠤᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/3
     7 ᠰᠠᠷ᠎ᠠ ᠶᠢᠨ 2 ᠤᠨ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢ ᠶᠢᠨ ᠭᠤᠣᠯ ᠠᠶᠢᠮᠠᠭ ᠤᠨ ᠬᠤᠷᠢᠶ᠎ᠠ 2024 ᠣᠨ ᠤ ᠬᠤᠷᠢᠨ ᠵᠢᠷᠭᠤᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠪᠠᠢ ᠴᠧᠩ ᠬᠤᠷᠠᠯ ᠢ ᠡᠷᠬᠢᠯᠡᠪᠡ᠃      ᠬᠤᠷᠠᠯ ᠠᠴᠠ 6 ᠰᠠᠷ᠎ᠠ ᠶᠢᠨ 27 ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠬᠠᠷᠠᠯᠲᠠ ᠡᠭᠦᠷᠭᠡ ᠪᠠ ︽ᠵᠢᠷᠭᠤᠭ᠎ᠠ ᠶᠢ ᠪᠠᠷᠢᠮᠲᠠᠯᠠᠬᠤ︾ ᠴᠢᠬᠤᠯᠠ ᠵᠠᠷᠴᠢᠮ ᠢ ᠣᠨᠣᠪᠴᠢᠲᠠᠶ ᠡᠵᠡᠮᠳᠡᠵᠦ᠂ ᠥᠭᠡᠷᠡᠴᠢᠯᠡᠯᠲᠡ ᠶᠢᠨ ᠠᠷᠭ᠎ᠠ ᠶᠢ ᠪᠠᠷᠢᠮᠲᠠᠯᠠᠨ ᠬᠡᠷᠡᠭᠯᠡᠵᠦ ᠪᠠᠶᠢᠭᠠᠳ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠪᠡᠷᠬᠡ ᠰᠡᠳᠦᠪ ᠢ ᠰᠶᠢᠳᠪᠦᠷᠢᠯᠡᠠ᠂ ᠭᠤᠣᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠡᠯ᠎ᠡ ᠵᠦᠢᠯ ᠤᠨ ᠭᠤᠣᠯᠳᠠᠯᠭ᠎ᠠ ᠲᠠᠢ ᠥᠭᠡᠷᠡᠴᠢᠯᠡᠯᠲᠡ ᠶᠢᠨ ᠡᠭᠦᠷᠭᠡ ᠶᠢ ᠪᠤᠳᠠᠲᠠᠢ ᠳᠤ ᠨᠠᠶᠢᠳᠠᠪᠤᠷᠢᠵᠢᠭᠤᠯᠬᠤ ᠶᠢ ᠬᠦᠴᠦᠲᠡᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠠᠷᠪᠠᠨ ᠲᠠᠪᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠦᠨᠡᠨ ᠬᠦ ᠪᠠᠲᠤ ᠡᠭᠦᠷᠭᠡᠯᠡᠠ᠂ ᠵᠣᠬᠢᠶᠠᠨ ᠪᠠᠶᠢᠭᠤᠯᠤᠯᠲᠠ ᠶᠢᠨ  ᠰᠢᠰᠲ᠋ᠧᠮ᠂ ᠬᠥᠮᠦᠵᠢᠯ ᠤᠨ ᠰᠢᠰᠲ᠋ᠧᠮ᠂ ᠬᠢᠨᠠᠯᠲᠠ ᠬᠠᠮᠢᠶᠠᠷᠤᠯᠲᠠ ᠶᠢᠨ  ᠰᠢᠰᠲ᠋ᠧᠮ᠂ ᠳᠦᠷᠢᠮ ᠤᠨ  ᠰᠢᠰᠲ᠋ᠧᠮ᠂ ᠬᠠᠷᠢᠭᠤᠴᠠᠯᠭ᠎ᠠ ᠶᠢᠨ  ᠰᠢᠰᠲ᠋ᠧᠮ ᠢ ᠲᠠᠰᠤᠷᠠᠯᠲᠠ ᠦᠭᠡᠢ ᠪᠦᠷᠢᠨᠰᠢᠭᠦᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ  ᠬᠥᠭᠵᠢᠭᠦᠯᠬᠦ  ᠶᠢ  ᠠᠬᠢᠭᠤᠯᠬᠤ  ᠬᠡᠷᠡᠭᠲᠡᠢ  ᠭᠡᠵᠦ  ᠴᠢᠬᠤᠯᠠᠴᠢᠯᠠᠪᠠ᠃      ᠬᠤᠷᠠᠯ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 34 ᠳ᠋ᠤᠭᠡᠷ ᠬᠤᠭᠤᠴᠠᠭᠠᠨ ᠤ ᠲᠠᠯ᠎ᠠ ᠨᠤᠲᠤᠭ ᠤᠨ ᠨᠠᠭᠠᠳᠤᠮ ᠤᠨ ᠪᠡᠯᠡᠳᠬᠡᠯ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠭᠠᠵᠠᠷ ᠣᠷᠣᠨ ᠪᠣᠯᠣᠨ ᠰᠠᠯᠠᠭ᠎ᠠ ᠮᠥᠴᠢᠷ ᠢ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠦ᠂ ᠡᠳᠦᠷ ᠲᠤᠲᠤᠮ ᠤᠨ ᠲᠣᠬᠢᠷᠠᠭᠤᠯᠤᠯᠲᠠ ᠶᠢ ᠴᠢᠩᠭᠠᠳᠬᠠᠠ᠂ ᠡᠯ᠎ᠡ ᠵᠦᠢᠯ ᠤᠨ ᠪᠡᠯᠡᠳᠬᠡᠯ ᠠᠵᠢᠯ ᠢ ᠨᠠᠷᠢᠨ ᠨᠢᠮᠪᠠᠢ ᠰᠠᠶᠢᠳᠤᠷ ᠬᠢᠵᠦ᠂ ᠠᠵᠢᠯᠯᠠᠭ᠎ᠠ ᠶᠢᠨ ᠠᠮᠤᠷ ᠲᠦᠪᠰᠢᠨ ᠪᠥᠭᠡᠳ ᠡᠮᠬᠢ ᠵᠢᠷᠤᠮ ᠲᠠᠢ ᠥᠷᠨᠢᠵᠦ᠂ ᠲᠡᠭᠦᠰ ᠠᠮᠵᠢᠯᠲᠠ ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃                                                 ᠣᠷᠴᠢᠭᠤᠯᠣᠭᠴᠢ᠄ ᠣᠶᠣᠩᠬᠤᠸᠠᠷ
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号