ᠵᠠᠩ ᠪᠠᠢ ᠴᠧᠩ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ ᠶᠢᠨ ᠨᠠᠮ ᠤᠨ ᠬᠤᠷᠢᠶ᠎ᠠ ᠶᠢᠨ ᠱᠦᠵᠢ᠂ ᠪᠠᠩᠬᠢ ᠶᠢᠨ ᠳᠠᠷᠤᠭ᠎ᠠ ᠯᠢᠦ ᠴᠤᠤ ᠨᠠᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2024/7/4
     7 ᠰᠠᠷ᠎ᠠ ᠶᠢᠨ 2 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠪᠠᠢ ᠴᠧᠩ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ ᠶᠢᠨ ᠨᠠᠮ ᠤᠨ ᠬᠤᠷᠢᠶ᠎ᠠ ᠶᠢᠨ ᠱᠦᠵᠢ᠂ ᠪᠠᠩᠬᠢ ᠶᠢᠨ ᠳᠠᠷᠤᠭ᠎ᠠ ᠯᠢᠦ ᠴᠤᠤ ᠨᠠᠷ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠲᠤᠬᠠᠢ ᠶᠠᠷᠢᠯᠴᠠᠵᠦ ᠰᠠᠨᠠᠯ ᠢᠶᠠᠨ ᠰᠣᠯᠢᠯᠴᠠᠪᠠ᠃      ᠵᠠᠩ ᠪᠠᠢ ᠴᠧᠩ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠤᠷᠳᠤ ᠬᠤᠭᠤᠴᠠᠭᠠᠨ ᠤ ᠲᠤᠷᠰᠢ ᠰᠢᠯᠢ ᠶᠢᠨ ᠭᠤᠣᠯ ᠠᠶᠢᠮᠠᠭ ᠢ ᠬᠠᠯᠠᠮᠵᠢᠯᠠᠨ ᠳᠡᠮᠵᠢᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠣᠳᠣᠬᠠᠨ ᠳᠤ ᠪᠢᠳᠡ ᠶᠠᠭ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠨᠢᠭᠡᠳᠭᠡᠵᠦ ᠪᠠᠶᠢᠭᠠᠳ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠯᠠᠪᠳᠠᠭᠤᠨ ᠪᠠᠲᠤᠲᠠᠢ ᠠᠬᠢᠭᠤᠯᠤᠨ᠂ ᠰᠢᠨ᠎ᠡ ᠵᠠᠮ ᠢ ᠨᠡᠭᠡᠭᠡᠵᠦ᠂ ᠳᠤᠮᠳᠠ ᠲᠦᠪᠰᠢᠨ ᠳᠤ ᠣᠷᠣᠬᠤ ᠬᠠᠷᠠᠯᠲᠠ ᠶᠢ ᠪᠡᠶᠡᠯᠡᠭᠦᠯᠬᠦ ᠪᠠᠷ ᠡᠷᠡᠯᠬᠡᠭᠯᠡᠨ ᠤᠷᠤᠭᠰᠢᠯᠠᠵᠤ ᠪᠠᠶᠢᠨ᠎ᠠ᠃ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ ᠤᠳᠤ ᠶᠢᠨ ᠰᠠᠶᠢᠨ ᠰᠠᠶᠢᠬᠠᠨ ᠬᠠᠮᠲᠤᠷᠠᠯᠴᠠᠭ᠎ᠠ ᠶᠢᠨ ᠰᠠᠭᠤᠷᠢᠨ ᠳᠡᠭᠡᠷ᠎ᠡ᠂ ᠲᠤᠬᠠᠶᠢᠯᠠᠭᠰᠠᠨ ᠠᠵᠢᠯ ᠤᠨ ᠬᠦᠷᠢᠶ᠎ᠡ ᠪᠠᠨ ᠴᠢᠨᠠᠭᠰᠢᠳᠠ ᠥᠷᠭᠡᠳᠬᠡᠵᠦ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢᠨ ᠰᠢᠨ᠎ᠡ ᠶᠢ ᠡᠭᠦᠳᠦᠨ᠂ ᠮᠥᠩᠭᠦᠨ ᠭᠦᠢᠯᠭᠡᠭᠡᠨ ᠤ ᠳᠡᠮᠵᠢᠯᠭᠡ ᠪᠠᠨ ᠴᠢᠩᠭᠠᠳᠬᠠᠵᠦ᠂ ᠠᠵᠤ ᠠᠬᠤᠶᠢᠯᠠᠯ ᠪᠣᠯᠣᠨ ᠣᠷᠣᠨ ᠨᠤᠲᠤᠭ ᠤᠨ ᠬᠠᠮᠲᠤᠷᠠᠯᠴᠠᠭ᠎ᠠ ᠶᠢᠨ ᠨᠡᠩ ᠤᠯᠠᠨ ᠬᠦᠷᠢᠶ᠎ᠡ᠂ ᠨᠡᠩ ᠥᠨᠳᠥᠷ ᠲᠦᠪᠰᠢᠨ ᠲᠡᠶᠢᠰᠢ ᠬᠦᠭᠵᠢᠬᠦ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠠᠢ᠃      ᠯᠢᠦ ᠴᠤᠤ ᠢᠯᠡᠷᠭᠡᠶᠢᠯᠡᠬᠦ ᠳᠡᠭᠡᠨ᠂ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ ᠰᠢᠯᠢ ᠶᠢᠨ ᠭᠤᠣᠯ ᠠᠶᠢᠮᠠᠭ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠡᠭᠦᠳᠦᠭᠰᠡᠨ ᠰᠢᠯᠢᠳᠡᠭ ᠰᠠᠶᠢᠨ ᠣᠷᠴᠢᠨ ᠨᠦᠬᠦᠴᠡᠯ ᠢ ᠠᠰᠢᠭᠯᠠᠵᠤ᠂ ᠭᠠᠵᠠᠷ ᠣᠷᠣᠨ ᠤ ᠬᠡᠷᠡᠭᠴᠡᠭᠡ ᠲᠠᠢ ᠤᠶᠠᠯᠳᠤᠭᠤᠯᠤᠨ᠂ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠰᠢᠯᠢ ᠶᠢᠨ ᠭᠤᠣᠯ ᠠᠶᠢᠮᠠᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠶᠡᠭᠡ ᠮᠥᠩᠭᠦᠨ ᠭᠦᠢᠯᠭᠡᠭᠡᠨ ᠤ ᠬᠦᠴᠦᠨ ᠢ ᠨᠡᠮᠡᠷᠢᠯᠡᠨ᠎ᠡ ᠭᠡᠵᠠᠢ᠃                                                        ᠣᠷᠴᠢᠭᠤᠯᠣᠭᠴᠢ᠄ ᠣᠶᠣᠩᠬᠤᠸᠠᠷ
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号