2024 ᠣᠨ ᠤ ᠰᠢᠯᠢ ᠶᠢᠨ ᠭᠤᠣᠯ ᠤᠨ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ ᠤ ᠰᠶᠢᠳᠪᠦᠷᠢᠲᠦ ᠤᠷᠤᠯᠳᠤᠭᠠᠨ ᠶᠠᠪᠤᠬᠳᠠᠪᠠ
ᠨᠡᠶᠢᠲᠡᠯᠡᠭᠰᠡᠨ ᠴᠠᠭ᠄
2024/7/4
     7 ᠰᠠᠷ᠎ᠠ ᠶᠢᠨ 3 ᠤ ᠡᠳᠦᠷ᠂ 2024 ᠣᠨ ᠤ ᠰᠢᠯᠢ ᠶᠢᠨ ᠭᠤᠣᠯ ᠤᠨ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ ᠤ ᠰᠶᠢᠳᠪᠦᠷᠢᠲᠦ ᠤᠷᠤᠯᠳᠤᠭᠠᠨ ︽ᠳᠤᠮᠳᠠᠳᠤ ᠤᠯᠤᠰ ᠤᠨ ᠴᠠᠭᠠᠨ ᠠᠳᠤᠭᠤᠨ ᠤ ᠨᠤᠲᠤᠭ︾ ᠪᠠᠷᠠᠭᠤᠨ ᠦᠵᠦᠮᠦᠴᠢᠨ ᠬᠤᠰᠢᠭᠤᠨ ᠳᠤ ᠶᠠᠪᠤᠬᠳᠠᠪᠠ᠃ ᠬᠡᠳᠦᠨ ᠱᠠᠲᠤᠨ ᠤ ᠥᠷᠢᠰᠦᠯᠳᠦᠭᠡᠨ ᠢᠶᠠᠷ ᠲᠠᠮᠵᠢᠨ᠂ ᠪᠦᠬᠦ ᠠᠶᠢᠮᠠᠭ ᠤᠨ ᠡᠯ᠎ᠡ ᠭᠠᠵᠠᠷ ᠠᠴᠠ ᠢᠷᠡᠭᠰᠡᠨ 500 ᠭᠠᠷᠤᠢ ᠤᠷᠤᠯᠴᠠᠬᠴᠢ ᠰᠶᠢᠳᠪᠦᠷᠢᠲᠦ ᠤᠷᠤᠯᠳᠤᠭᠠᠨ ᠳᠤ ᠤᠷᠤᠯᠴᠠᠵᠦ᠂ ᠬᠦᠯᠦᠭ ᠮᠤᠷᠢᠳ ᠤᠨ ᠢᠶᠠᠨ ᠰᠢᠨᠳᠠᠰᠦ ᠶᠢ ᠰᠢᠯᠭᠠᠠ᠂ ᠪᠦᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ 2000 ᠭᠠᠷᠤᠢ ᠵᠢᠭᠤᠯᠴᠢᠯᠠᠬᠰᠡᠳ ᠤᠷᠤᠯᠳᠤᠭᠠᠨ ᠢ ᠰᠤᠨᠢᠷᠬᠠᠪᠠ᠃      ᠡᠬᠢᠯᠡᠯᠲᠡ ᠶᠢᠨ ᠶᠣᠰᠣᠯᠠᠯ ᠳᠡᠭᠡᠷ᠎ᠡ᠂ ᠰᠦᠷ ᠵᠢᠪᠬᠤᠯᠠᠩᠲᠦ ᠬᠥᠭᠵᠢᠮ ᠤᠨ ᠠᠶᠠᠰ ᠪᠣᠯᠣᠨ ᠦᠵᠡᠭᠴᠢᠳ ᠤᠨ ᠤᠤᠬᠠᠶᠢᠯᠠᠬᠤ ᠲᠠᠭᠤᠨ ᠳᠤᠮᠳᠠ᠂ 99 ᠴᠠᠭᠠᠨ ᠮᠤᠷᠢᠲᠠᠨ ᠤᠯᠤᠰ ᠤᠨ ᠲᠤᠭ ᠢ ᠬᠠᠮᠠᠭᠠᠯᠠᠨ ᠲᠠᠯᠠᠪᠠᠢ ᠳᠤ ᠣᠷᠣᠵᠤ᠂ ᠳᠠᠷᠠᠭ᠎ᠠ ᠨᠢ ᠪᠥᠬᠦ ᠠᠶᠢᠮᠠᠭ ᠤᠨ 13 ᠬᠤᠰᠢᠭᠤ ᠰᠢᠶᠠᠨ ᠬᠤᠲᠠ ︵ᠤᠷᠤᠨ︶ ᠶᠢᠨ ᠲᠥᠯᠥᠭᠡᠯᠡᠭᠴᠢᠳ ᠤᠨ ᠵᠢᠭᠰᠠᠭᠠᠯ ᠤᠨ ᠡᠩᠨᠡᠭᠡ ᠵᠠᠯᠭᠠᠪᠠᠷ ᠲᠠᠯᠠᠪᠠᠶ ᠳᠤ ᠣᠷᠣᠪᠠ᠃ ᠡᠭᠦᠨ ᠤ ᠵᠡᠷᠭᠡ ᠳᠤ᠂ 108 ᠵᠢᠭᠤᠯᠴᠢᠯᠠᠬᠴᠢ ᠪᠠᠷ ᠪᠦᠷᠢᠯᠳᠦᠭᠰᠡᠨ ᠵᠢᠭᠤᠯᠴᠢᠯᠠᠬᠰᠡᠳ ᠤᠨ ᠡᠩᠨᠡᠭᠡ ᠲᠠᠯᠠᠪᠠᠢ ᠳᠤ ᠣᠷᠣᠵᠤ ᠢᠷᠡᠪᠡ᠃      ᠡᠭᠦᠨ ᠠᠴᠠ ᠭᠠᠳᠠᠨ᠎ᠠ᠂ ᠲᠣᠰ ᠤᠳᠠᠭᠠᠨ ᠤ ᠰᠢᠯᠢ ᠶᠢᠨ ᠭᠤᠣᠯ ᠤᠨ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ ᠤ ᠰᠶᠢᠳᠪᠦᠷᠢᠲᠦ ᠤᠷᠤᠯᠳᠤᠭᠠᠨ ᠳᠤ ᠪᠠᠰᠠ ᠪᠠᠶᠠᠯᠢᠭ ᠠᠭᠤᠯᠭ᠎ᠠ ᠲᠠᠢ ᠠᠵᠢᠯᠯᠠᠭ᠎ᠠ ᠶᠢ ᠲᠣᠬᠢᠷᠠᠭᠤᠯᠤᠭᠰᠠᠨ ᠶᠤᠮ᠃ ᠳᠡᠯᠭᠡᠨ ᠦᠵᠡᠭᠦᠯᠭᠡ ᠶᠢᠨ ᠲᠣᠭᠤᠷᠢᠭ ᠲᠤ᠂ ᠬᠦᠮᠦᠰ ᠤᠨ ᠬᠠᠷᠠᠭ᠎ᠠ ᠶᠢ ᠪᠤᠯᠢᠶᠠᠬᠰᠠᠨ ᠪᠣᠳᠠᠰ ᠤᠨ ᠪᠤᠰᠤ ᠰᠣᠶᠣᠯ ᠤᠨ ᠥᠪ ᠨᠢ ᠤᠮᠠᠷᠠᠲᠤ ᠬᠢᠯᠢ ᠶᠢᠨ ᠰᠣᠶᠣᠯ ᠤᠨ ᠥᠪᠡᠷᠮᠢᠴᠡ ᠷᠢᠳᠢ ᠰᠢᠳᠢ ᠶᠢ ᠠᠮᠢᠳᠤᠯᠢᠭ ᠢᠶᠠᠷ ᠢᠯᠡᠷᠡᠭᠦᠯᠦᠨ᠎ᠠ︔ ᠠᠮᠲᠠᠲᠤ ᠢᠳᠡᠭᠡᠨ ᠤ ᠲᠣᠭᠤᠷᠢᠭ ᠲᠤ᠂ ᠵᠢᠭᠤᠯᠴᠢᠯᠠᠬᠰᠡᠳ ᠰᠢᠯᠢ ᠶᠢᠨ ᠭᠤᠣᠯ ᠤᠨ ᠤᠷᠤᠨ ᠨᠤᠲᠤᠭ ᠤᠨ ᠤᠨᠴᠠᠯᠢᠬᠲᠦ ᠠᠮᠲᠠᠲᠤ ᠢᠳᠡᠭᠡᠨ ᠢ ᠠᠮᠲᠠᠯᠠᠵᠤ ᠪᠣᠯᠣᠨ᠎ᠠ︔ ᠪᠠᠶᠡᠴᠢᠯᠡᠨ ᠤᠶᠢᠯᠠᠭᠠᠬᠤ ᠲᠣᠭᠤᠷᠢᠭ ᠲᠤ᠂ ᠵᠢᠭᠤᠯᠴᠢᠯᠠᠬᠰᠡᠳ ᠪᠠᠰᠠ ᠮᠣᠷᠢ ᠤᠨᠤᠬᠤ᠂ ᠳᠡᠭᠡᠰᠦ ᠲᠠᠲᠠᠬᠤ ᠵᠡᠷᠭᠡ ᠰᠤᠨᠢᠷᠬᠠᠯᠲᠦ ᠠᠵᠢᠯᠯᠠᠭ᠎ᠠ ᠳᠤ ᠣᠷᠣᠯᠴᠠᠵᠦ ᠪᠣᠯᠣᠨ᠎ᠠ᠃      ᠲᠣᠰ ᠬᠤᠭᠤᠴᠠᠭᠠᠨ ᠤ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ ᠢ 5 ᠰᠠᠷ᠎ᠠ ᠶᠢᠨ 19 ᠤ ᠡᠳᠦᠷ ᠠᠴᠠ ᠵᠢᠩᠬᠢᠨᠢ ᠪᠠᠷ ᠡᠬᠢᠯᠡᠭᠦᠯᠵᠦ᠂ 60 ᠭᠠᠵᠠᠷ ᠤᠨ ᠠᠯᠤᠰ ᠤᠨ ᠮᠤᠷᠢᠨ ᠤ ᠤᠷᠤᠯᠳᠤᠭᠠᠨ᠂ 30 ᠭᠠᠵᠠᠷ ᠤᠨ ᠬᠦᠴᠦᠨ ᠵᠠᠯᠭᠠᠬᠤ ᠤᠷᠤᠯᠳᠤᠭᠠᠨ᠂ ᠮᠤᠷᠢᠨ ᠳᠡᠭᠡᠷ᠎ᠠ ᠠᠴᠠ ᠬᠠᠳᠠᠭ ᠰᠢᠭᠦᠷᠡᠬᠦ ᠤᠷᠤᠯᠳᠤᠭᠠᠨ᠂ ᠨᠠᠮᠨᠠᠬᠤ ᠤᠷᠤᠯᠳᠤᠭᠠᠨ᠂ ᠭᠠᠨᠭ᠍ᠭᠠᠠᠭ ᠬᠦᠯᠦᠭ ᠤᠨ ᠰᠢᠯᠭᠠᠷᠠᠭᠤᠯᠤᠯᠲᠠ᠂ ᠮᠣᠷᠢ ᠪᠠᠨ ᠬᠥᠲᠥᠯᠵᠦ ᠰᠠᠭᠠᠳ ᠳᠠᠪᠠᠭ᠋ᠤ ᠤᠷᠤᠯᠳᠤᠭᠠᠨ ᠵᠡᠷᠭᠡ 8 ᠲᠦᠷᠦᠯ ᠤᠨ ᠤᠷᠤᠯᠳᠤᠭᠠᠨ ᠢ ᠪᠠᠭᠲᠠᠭᠠᠵᠠᠢ᠃ ᠭᠠᠴᠠᠭ᠎ᠠ᠂ ᠰᠢᠶᠠᠩ ᠪᠠᠯᠭᠠᠰᠤ᠂ ᠬᠤᠰᠢᠭᠤ ᠰᠢᠶᠠᠨ ᠭᠤᠷᠪᠠᠨ ᠱᠠᠲᠤᠨ ᠤ ᠦᠷᠢᠰᠦᠯᠳᠦᠬᠡᠨ ᠢᠶᠠᠷ ᠳᠡᠮᠵᠢᠨ᠂ 500 ᠭᠠᠷᠤᠢ ᠤᠷᠤᠯᠴᠠᠬᠴᠢ ᠠᠶᠢᠮᠠᠭ ᠤᠨ ᠲᠠᠰ ᠤᠨ ᠰᠶᠢᠳᠪᠦᠷᠢᠲᠦ ᠤᠷᠤᠯᠳᠤᠭᠠᠨ ᠳᠤ ᠤᠷᠤᠯᠴᠠᠬᠰᠠᠨ ᠶᠤᠮ᠃      ᠰᠢᠯᠢ ᠶᠢᠨ ᠭᠤᠣᠯ ᠠᠶᠢᠮᠠᠭ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ ᠢ ᠡᠷᠬᠢᠯᠡᠨ ᠶᠠᠪᠤᠬᠳᠠᠭᠤᠯᠤᠬᠰᠠᠨ ᠨᠢ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠤᠨ᠂ ᠤᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠶᠢ ᠠᠬᠢᠭᠤᠯᠬᠤ ᠵᠤᠷᠢᠯᠲᠠ ᠲᠠᠢ ᠪᠢᠯᠡ᠃ ᠣᠶᠢᠷ᠎ᠠ ᠶᠢᠨ ᠵᠢᠯ ᠳᠤ᠂ ᠰᠢᠯᠢ ᠶᠢᠨ ᠭᠤᠣᠯ ᠠᠶᠢᠮᠠᠭ ᠡᠯᠪᠡᠭ ᠪᠠᠶᠠᠯᠢᠭ ᠠᠳᠤᠭᠤᠨ ᠰᠣᠶᠣᠯ ᠤᠨ ᠡᠬᠢ ᠪᠠᠶᠠᠯᠢᠭ ᠪᠠ ᠠᠳᠤᠭᠤᠨ ᠤ ᠠᠵᠤ ᠦᠢᠯᠡᠰ ᠤᠨ ᠪᠠᠲᠤ ᠰᠠᠭᠤᠷᠢ ᠳᠤ ᠲᠦᠰᠢᠭᠯᠡᠵᠦ᠂ ᠠᠳᠤᠭᠤᠨ ᠤ ᠰᠣᠶᠣᠯ ᠵᠢᠭᠤᠯᠴᠢᠯᠠᠯ ᠤᠨ ᠲᠥᠷᠥᠯ ᠵᠦᠢᠯ ᠤᠨ ᠡᠵᠡᠩᠨᠡᠯᠲᠡ ᠶᠢᠨ ᠬᠡᠯᠪᠡᠷᠢ ᠶᠢ ᠲᠠᠰᠤᠷᠠᠯᠲᠠ ᠦᠭᠡᠢ ᠥᠷᠭᠡᠳᠬᠡᠠ᠂ ᠠᠳᠤᠭᠤᠨ ᠤ ᠭᠤᠣᠯ ᠰᠡᠳᠦᠪᠲᠦ ᠵᠢᠭᠤᠯᠴᠢᠯᠠᠯ ᠤᠨ ᠪᠦᠲᠦᠭᠡᠭᠳᠡᠬᠦᠨ ᠲᠠᠸᠠᠷ ᠢ ᠢᠳᠡᠪᠬᠢᠲᠡᠢ ᠪᠠᠷ ᠰᠤᠳᠤᠯᠤᠨ ᠨᠡᠭᠡᠭᠡᠵᠦ᠂ ᠠᠳᠤᠭᠤᠨ ᠤ ᠭᠤᠣᠯ ᠰᠡᠳᠦᠪᠲᠦ ᠵᠢᠭᠤᠯᠴᠢᠯᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠴᠢᠷᠮᠠᠶᠢᠨ ᠳᠡᠭᠡᠭᠰᠢᠯᠡᠭᠦᠯᠵᠦ᠂ ᠠᠳᠤᠭᠤᠨ ᠤ ᠠᠵᠤ ᠦᠢᠯᠡᠰ ᠵᠢᠴᠢ ᠠᠳᠤᠭᠤᠨ ᠤ ᠭᠤᠣᠯ ᠰᠡᠳᠦᠪᠲᠦ ᠵᠢᠭᠤᠯᠴᠢᠯᠠᠯ ᠤᠨ ᠪᠦᠲᠦᠴᠡ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠤᠨ᠂ ᠪᠦᠬᠦ ᠠᠶᠢᠮᠠᠭ ᠤᠨ ᠠᠳᠤᠭᠤᠨ ᠤ ᠠᠵᠤ ᠦᠢᠯᠡᠰ ᠤᠨ ᠬᠦᠭᠵᠢᠯᠲᠡ ᠶᠢ ᠲᠦᠷᠭᠡᠳᠬᠡᠵᠦ᠂ ᠬᠠᠨᠠᠭᠠᠷ ᠲᠠᠯ᠎ᠠ ᠰᠢᠯᠢ ᠶᠢᠨ ᠭᠤᠣᠯ ᠤᠨ ᠨᠡᠷ᠎ᠠ ᠠᠯᠳᠠᠷᠰᠢᠯ ᠪᠠ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠵᠠᠢ᠃      2024 ᠤᠨ ᠤ ᠰᠢᠯᠢ ᠶᠢᠨ ᠭᠤᠣᠯ ᠤᠨ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ ᠤ ᠰᠶᠢᠳᠪᠦᠷᠢᠲᠦ ᠤᠷᠤᠯᠳᠤᠭᠠᠨ ᠤ ᠲᠠᠷᠠᠭ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 34 ᠳ᠋ᠤᠭᠡᠷ ᠬᠤᠭᠤᠴᠠᠭᠠᠨ ᠤ ᠲᠠᠯ᠎ᠠ ᠨᠤᠲᠤᠭ ᠤᠨ ᠨᠠᠭᠠᠳᠤᠮ ᠢ 7 ᠰᠠᠷ᠎ᠠ ᠶᠢᠨ 14 ᠤ ᠡᠳᠦᠷ ᠰᠢᠯᠢ ᠶᠢᠨ ᠭᠤᠣᠯ ᠳᠤ ᠦᠪᠡᠳᠡᠭᠰᠢ ᠶᠡᠬᠡᠪᠡᠷ ᠶᠠᠪᠤᠭᠳᠠᠭᠤᠯᠵᠤ᠂ ᠰᠢᠯᠢ ᠶᠢᠨ ᠭᠤᠣᠯ ᠠᠶᠢᠮᠠᠭ ᠪᠠᠰᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ ᠢ ᠳᠠᠭᠠᠭᠠᠴᠢᠯᠠᠨ ᠡᠷᠬᠢᠯᠡᠬᠦ ᠪᠤᠯᠤᠨ᠎ᠠ᠂ ᠡᠭᠦᠨ ᠠᠴᠠ ᠭᠠᠳᠠᠨ᠎ᠠ ᠪᠠᠰᠠ ᠲᠣᠮᠣ ᠬᠡᠯᠪᠡᠷᠢ ᠶᠢᠨ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠬᠠᠨᠠᠭᠠᠷ ᠲᠠᠯ᠎ᠠ ᠰᠢᠯᠢ ᠶᠢᠨ ᠭᠤᠣᠯ ᠳᠤ ᠶᠠᠪᠤᠬᠳᠠᠭᠤᠯᠵᠦ᠂ ᠳᠡᠯᠭᠡᠷ  ᠵᠤᠨ  ᠤ  ᠬᠦᠭᠵᠢᠶᠡᠨᠲᠦ  ᠤᠯᠠᠷᠢᠯ  ᠳᠤ  ᠬᠦᠷ  ᠨᠠᠷᠬᠢᠶᠠᠨ  ᠨᠠᠮᠠᠷᠢᠯᠡᠨ᠎ᠠ᠃                                            ᠣᠷᠴᠢᠭᠤᠯᠣᠭᠴᠢ᠄ ᠣᠶᠣᠩᠬᠤᠸᠠᠷ
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号