ᠡᠨᠡ ᠵᠢᠯ ᠰᠦᠨᠢᠳ ᠪᠠᠷᠠᠭᠤᠨ ᠬᠤᠰᠢᠭᠤᠨ ᠤ ᠲᠤᠨᠳᠠᠰᠤᠨ ᠤ ᠭᠡᠮᠵᠢᠶ᠎ᠠ ᠪᠠᠭ᠎ᠠ᠂ ᠠᠭᠠᠷ ᠤᠨ ᠲᠤᠯᠠᠭᠠᠨ | ᠦᠨᠳᠦᠷ᠂ ᠶᠡᠭᠡ ᠰᠠᠯᠬᠢ᠂ ᠡᠯᠡᠰᠦᠨ ᠰᠢᠭᠤᠷᠭ᠎ᠠ ᠲᠠᠢ ᠡᠳᠦᠷ ᠮᠡᠳᠡᠭᠳᠡᠮ᠎ᠠ ᠤᠯᠠᠰᠢᠷᠠᠵᠦ᠂ ᠤᠯᠠᠩᠭᠢ ᠭᠠᠵᠠᠷ | ᠭᠠᠨᠭ᠍ᠳᠠᠭᠰᠠᠨ ᠪᠠᠶᠢᠨ᠎ᠠ᠃ ᠰᠦᠨᠢᠳ ᠪᠠᠷᠠᠭᠤᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠦᠨ | ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠪᠠᠶᠢᠷᠢᠯᠠᠭᠤᠯᠤᠯᠳᠠ ᠱᠠᠭᠠᠷᠳᠠᠯᠭ᠎ᠠ ᠶᠤᠰᠤᠭᠠᠷ ᠭᠤᠷᠪᠠᠳᠤᠭᠠᠷ | ᠲᠡᠰ ᠤᠨ ᠭᠠᠨᠭ᠌ ᠲᠠᠢ ᠲᠡᠮᠡᠴᠡᠵᠦ ᠪᠠᠴᠢᠮ ᠪᠠᠶᠢᠳᠠᠯ ᠢ ᠠᠷᠭᠠᠴᠠᠭᠠᠬᠤ ᠠᠷᠭ᠎ᠠ ᠭᠡᠮᠵᠢᠶ᠎ᠠ ᠶᠢ ᠭᠡᠷᠡᠭᠵᠢᠭᠦᠯᠵᠦ᠂ ᠡᠪᠡᠰᠦ | ᠪᠤᠷᠳᠤᠭ᠎ᠠ ᠨᠦᠭᠡᠴᠡᠯᠡᠭᠦ᠂ ᠡᠳ᠋ ᠪᠤᠳᠠᠰ ᠬᠠᠨᠳᠢᠪᠯᠠᠬᠤ᠂ ᠬᠤᠳᠳᠤᠭ ᠤᠰᠤ ᠶᠢᠨ ᠪᠦᠳᠦᠭᠡᠨ ᠪᠠᠶᠢᠭᠤᠯᠤᠯᠳᠠ᠂ | ᠪᠠᠴᠢᠮ ᠪᠠᠶᠢᠳᠠᠯ ᠢ ᠠᠷᠭᠠᠴᠠᠭᠠᠬᠤ ᠡᠳ᠋ ᠪᠤᠳᠠᠰ ᠤᠨ ᠨᠦᠭᠡᠴᠡ ᠶᠢ ᠪᠠᠳᠤᠯᠠᠬᠤ ᠵᠡᠷᠭᠡ ᠠᠵᠢᠯ ᠢ ᠰᠠᠶᠢᠳᠤᠷ ᠬᠢᠵᠦ | ᠪᠠᠶᠢᠨ᠎ᠠ᠃ | 2023 ᠤᠨ ᠤ 8 ᠰᠠᠷ᠎ᠠ ᠠᠴᠠ ᠨᠠᠭᠠᠰᠢ᠂ ᠲᠡᠭᠡᠳᠦ ᠱᠠᠳᠤᠨ ᠠᠴᠠ ᠰᠦᠨᠢᠳ ᠪᠠᠷᠠᠭᠤᠨ ᠬᠤᠰᠢᠭᠤᠨ ᠳᠤ | ᠲᠠᠷᠢᠶᠠᠯᠡᠩ ᠮᠠᠯ ᠠᠵᠤ ᠠᠬᠤᠢ ᠶᠢᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠪᠡᠯᠡ ᠮᠦᠡᠭᠭᠦ ᠪᠠ ᠤᠰᠤᠨ | ᠠᠰᠢᠭᠯᠠᠯᠳᠠ ᠶᠢᠨ ᠭᠠᠨᠭ᠌ ᠢ ᠡᠰᠡᠷᠭᠦᠴᠡᠭᠦ ᠪᠡᠯᠡ ᠮᠦᠡᠭᠭᠦ 1433.2 ᠲᠦᠮᠡᠨ ᠲᠦᠭᠦᠷᠢᠭ ᠪᠠᠭᠤᠯᠭᠠᠵᠦ᠂ ᠪᠦᠬᠦᠨ ᠢ | ᠡᠪᠡᠰᠦ ᠪᠤᠷᠳᠤᠭ᠎ᠠ ᠨᠦᠭᠡᠴᠡᠯᠡᠭᠦ᠂ ᠨᠦᠭᠦᠪᠦᠷᠢ ᠮᠦᠡᠭᠭᠦ ᠦᠭᠭᠦ ᠵᠡᠷᠭᠡ ᠠᠵᠢᠯ ᠳᠤ ᠵᠠᠷᠤᠴᠠᠭᠤᠯᠵᠦ ᠪᠤᠢ᠃ ᠤᠳᠤᠬᠠᠨ | ᠪᠤᠯᠳᠠᠯ᠎ᠠ᠂ ᠲᠤᠰ ᠬᠤᠰᠢᠭᠤ ᠨᠢᠭᠡᠨᠳᠡ 3331.79 ᠲᠤᠨ ᠡᠪᠡᠰᠦ ᠪᠤᠷᠳᠤᠭ᠎ᠠ ᠲᠤᠬᠢᠷᠠᠭᠤᠯᠤᠨ ᠵᠦᠭᠡᠭᠡᠪᠦᠷᠢᠯᠡᠵᠦ᠂ | ᠪᠦᠭᠦ ᠬᠤᠰᠢᠭᠤᠨ ᠤ 11 ᠬᠤᠯᠢᠮᠠᠭ ᠪᠤᠷᠳᠤᠭ᠎ᠠ ᠦᠢᠯᠡᠳᠪᠦᠷᠢᠯᠡᠭᠦ ᠰᠠᠭᠤᠷᠢᠨ ᠳᠤ ᠲᠦᠰᠢᠭᠯᠡᠵᠦ᠂ ᠲᠤᠨ ᠪᠦᠷᠢ ᠳᠤ | 300 ᠲᠦᠭᠦᠷᠢᠭ ᠨᠦᠭᠦᠪᠦᠷᠢᠯᠡᠭᠦ ᠠᠷᠭ᠎ᠠ ᠪᠠᠷ ᠬᠤᠯᠢᠮᠠᠭ ᠪᠤᠷᠳᠤᠭ᠎ᠠ ᠦᠢᠯᠡᠳᠪᠦᠷᠢᠯᠡᠭᠦ ᠶᠢ ᠲᠡᠮᠵᠢᠨ ᠵᠤᠷᠢᠭᠵᠢᠭᠤᠯᠵᠦ | ᠮᠠᠯᠴᠢᠳ ᠤᠨ ᠡᠪᠡᠰᠦ ᠪᠤᠷᠳᠤᠭ᠎ᠠ ᠠᠪᠬᠤ ᠳᠤ ᠲᠤᠰᠠᠯᠠᠮᠵᠢ ᠦᠵᠡᠭᠦᠯᠵᠠᠢ᠃ | ᠵᠢᠷᠤᠭᠡ ᠪᠠᠯᠭᠠᠰᠤᠨ ᠤ ᠴᠠᠭᠠᠬᠠᠭᠤᠯᠠ ᠭᠠᠴᠠᠭᠠᠨ ᠳᠠᠬᠢ ᠬᠤᠳᠳᠤᠭ ᠮᠠᠯᠳᠠᠬᠤ ᠠᠬᠤᠢ ᠳᠠᠯᠠᠪᠠᠢ ᠳᠤ ᠮᠠᠰᠢᠨ ᠤ | ᠳᠠᠭᠤᠨ ᠬᠦᠷᠴᠢᠬᠢᠨᠡᠵᠦ᠂ ᠠᠵᠢᠯᠴᠢᠳ ᠴᠠᠭ ᠢ ᠵᠠᠪᠳᠤᠨ ᠬᠤᠳᠳᠤᠭ ᠮᠠᠯᠳᠠᠨ ᠶᠠᠭᠠᠷᠠᠵᠦ ᠪᠠᠶᠢᠯ᠎ᠠ᠃ ᠰᠦᠨᠢᠳ | ᠪᠠᠷᠠᠭᠤᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠤᠪᠴᠢᠶᠠᠨ ᠤ ᠲᠡᠳ᠋ ᠲᠠᠷᠤᠭ᠎ᠠ ᠷᠧᠨ ᡁᠢ ᠵᠦᠡᠭ ᠭᠡᠯᠡᠬᠦ ᠳᠡᠭᠡᠨ᠄ ︽ᠪᠢᠳᠡ ᠬᠤᠰᠢᠭᠤᠨ ᠤ ᠨᠠᠮ ᠤᠨ ᠬᠤᠷᠢᠶ᠎ᠠ᠂ | ᠵᠠᠰᠠᠭ ᠤᠨ ᠤᠷᠳᠦᠨ ᠤ ᠪᠠᠶᠢᠷᠢᠯᠠᠭᠤᠯᠤᠯᠳᠠ ᠪᠠᠷ ᠭᠠᠨᠭ᠌ ᠬᠠᠭᠰᠠᠷᠠᠭᠠᠨ ᠲᠠᠢ ᠳᠡᠮᠡᠴᠡᠵᠦ ᠭᠠᠮᠰᠢᠬ ᠠᠴᠠ ᠠᠪᠤᠷᠠᠬᠤ | ᠤᠰᠤᠨ ᠠᠰᠢᠬᠯᠠᠯᠳᠡ ᠶᠢᠨ ᠳᠦᠷᠦᠯ ᠵᠦᠢᠯ ᠢ ᠢᠳᠡᠪᠬᠢᠳᠠᠢ ᠭᠡᠷᠡᠭᠵᠢᠭᠦᠯᠵᠦ ᠪᠤᠢ᠃ ᠳᠡᠭᠡᠷ᠎ᠠ ᠬᠠᠭᠠᠰ ᠵᠢᠯ ᠳᠤ | ᠤᠰᠤᠨ ᠠᠰᠢᠬᠯᠠᠯᠳᠡ ᠶᠢᠨ ᠪᠡᠯᠡ ᠮᠦᠡᠭᠬᠦ ᠶᠢ 970 ᠳᠦᠮᠡᠨ ᠳᠦᠭᠦᠷᠢᠭ ᠤᠷᠤᠭᠤᠯᠵᠦ᠂ ᠬᠤᠳᠳᠤᠭ 68 ᠶᠢ | ᠮᠠᠯᠳᠠᠵᠦ᠂ ᠤᠰᠤ ᠬᠠᠳᠠᠭᠠᠯᠠᠬᠤ ᠵᠤᠭᠤᠷᠢ 30 ᠶᠢ ᠪᠠᠶᠢᠭᠤᠯᠵᠦ᠂ ᠤᠰᠤ ᠳᠠᠳᠠᠬᠤ ᠳᠦᠭᠦᠭᠡᠷᠤᠮᠵᠢ ᠶᠢ 190 ᠢᠵᠢ | ᠰᠦᠯᠢᠶᠤᠤ ᠳᠦᠡᠭᠰᠠ 500 ᠶᠢ ᠳᠠᠷᠬᠠᠭᠠᠪᠠ᠃ ᠤᠳᠤᠬᠠᠨ ᠳᠤ 10 ᠬᠤᠳᠳᠤᠭ ᠮᠠᠯᠳᠠᠵᠦ᠂ 22 ᠡᠷᠦᠭᠡ ᠳᠤ | ᠤᠰᠤ ᠳᠠᠳᠠᠬᠤ ᠳᠦᠭᠦᠭᠡᠷᠤᠮᠵᠢ ᠤᠬᠰᠠᠷᠠᠬᠤ ᠳᠦᠷᠦᠯ ᠵᠦᠢᠯ ᠢ ᠶᠠᠭ ᠬᠦᠢᠴᠡᠳᠭᠡᠵᠦ ᠪᠠᠶᠢᠨ᠎ᠠ︾ ᠭᠡᠵᠠᠢ᠃ | ᠮᠠᠯᠴᠢᠳ ᠤᠨ ᠰᠦᠢᠳᠦᠯ ᠬᠤᠬᠢᠷᠠᠯ ᠢ ᠪᠠᠭᠠᠰᠬᠠᠬᠤ ᠶᠢᠨ ᠲᠤᠯᠠᠳᠠ ᠡᠨᠡ ᠵᠢᠯ ᠰᠦᠨᠢᠳ ᠪᠠᠷᠠᠭᠤᠨ ᠬᠤᠰᠢᠭᠤ | ᠲᠠᠷᠢᠶᠠᠯᠡᠩ ᠮᠠᠯ ᠠᠵᠤ ᠠᠬᠤᠢ ᠶᠢᠨ ᠲᠦᠷᠦ ᠶᠢᠨ ᠪᠤᠳᠤᠯᠭ᠎ᠠ ᠶᠢᠨ ᠴᠢᠨᠠᠷ ᠲᠠᠢ ᠲᠠᠭᠠᠳᠬᠠᠯ ᠲᠤᠰᠢᠶᠠᠬᠤ ᠳᠤ ᠤᠯᠤᠰ᠂ | ᠦᠪᠡᠷᠳᠡᠭᠡᠨ ᠵᠠᠰᠠᠬᠤ ᠤᠷᠤᠨ᠂ ᠠᠶᠢᠮᠠᠭ ᠵᠢᠴᠢ ᠬᠤᠰᠢᠭᠤᠨ ᠤ ᠡᠳ᠋ ᠤᠨ ᠵᠠᠰᠠᠭ ᠠᠴᠠ ᠮᠠᠯ ᠠᠵᠤ ᠠᠬᠤᠢ ᠶᠢᠨ | ᠲᠠᠭᠠᠳᠬᠠᠯ ᠤᠨ 80% ᠶᠢ ᠲᠤᠰᠢᠶᠠᠵᠦ᠂ ᠮᠠᠯᠴᠢᠳ ᠲᠠᠭᠠᠳᠬᠠᠯ ᠤᠨ ᠢᠶᠠᠨ 20% ᠶᠢ ᠲᠤᠰᠢᠶᠠᠬᠤ ᠭᠡᠯᠪᠡᠷᠢ ᠪᠠᠷ | ᠰᠠᠭᠠᠯᠢ ᠶᠢᠨ ᠦᠨᠢᠶᠠᠨ ᠤ ᠲᠠᠭᠠᠳᠬᠠᠯ ᠤᠨ ᠲᠦᠷᠦ ᠶᠢᠨ ᠪᠤᠳᠤᠯᠭ᠎ᠠ ᠶᠢ ᠭᠡᠷᠡᠭᠵᠢᠭᠦᠯᠵᠠᠢ᠃ ᠲᠤᠮᠳᠠᠳᠤ ᠶᠢᠨ | ᠬᠠᠮᠳᠤᠷᠠᠬᠰᠠᠨ ᠡᠳ᠋ ᠬᠦᠷᠦᠩᠭᠡ ᠶᠢᠨ ᠲᠠᠭᠠᠳᠬᠠᠯ ᠤᠨ ᠬᠤᠪᠢ ᠤᠷᠤᠭᠤᠯᠤᠬᠰᠠᠨ ᠬᠢᠵᠠᠭᠠᠷᠳᠦ ᠺᠤᠮᠫᠠᠨᠢ ᠶᠢᠨ | ᠬᠠᠷᠢᠭᠤᠴᠠᠯᠭᠠᠳᠠᠨ ᠵᠢᠶᠠ ᠷᠦᠢ ᠰᠢᠩ ᠰᠤᠷᠪᠤᠯᠵᠢᠯᠠᠬᠴᠢ ᠳᠤ᠄ ︽ᠮᠠᠨ ᠤ ᠺᠤᠮᠫᠠᠨᠢ ᠡᠨᠡ ᠵᠢᠯ ᠤᠨ ᠭᠠᠨᠭ᠌ ᠤᠨ | ᠪᠠᠶᠢᠳᠠᠯ ᠳᠤ ᠬᠠᠨᠳᠤᠭᠤᠯᠤᠨ ᠲᠦᠯᠦᠪᠦᠷᠢ ᠶᠢᠨ ᠪᠠᠷᠢᠮᠵᠢᠶ᠎ᠠ ᠪᠠᠨ ᠲᠤᠷᠤᠭᠰᠢᠯᠠᠭᠤᠯᠬᠤ ᠦᠭᠡᠢ᠂ ᠮᠠᠯᠴᠢᠳ ᠲᠤ ᠲᠤᠭ᠎ᠠ | ᠶᠤᠰᠤᠭᠠᠷ ᠲᠦᠯᠦᠵᠦ᠂ ᠮᠠᠯᠴᠢᠳ ᠤᠨ ᠵᠤᠷᠢᠭ ᠢ ᠭᠦᠪᠴᠢᠯᠡᠵᠦ᠂ ᠮᠠᠯ ᠠᠵᠤ ᠠᠬᠤᠢ ᠶᠢᠨ ᠦᠷᠭᠦᠯᠵᠢᠯᠡᠨ | ᠲᠤᠭᠳᠠᠭᠤᠨ ᠢᠶᠠᠷ ᠭᠦᠭᠵᠢᠭᠦ ᠶᠢ ᠠᠬᠢᠭᠤᠯᠤᠨ᠎ᠠ︾ ᠭᠡᠵᠦ ᠶᠠᠷᠢᠯ᠎ᠠ᠃ ᠰᠠᠶᠢᠬᠠᠨᠳᠠᠯ᠎ᠠ ᠪᠠᠯᠭᠠᠰᠤᠨ ᠤ ᠲᠦᠭᠦᠮ | ᠭᠠᠴᠠᠭᠠᠨ ᠤ ᠮᠠᠯᠴᠢᠨ ᠯᠢ ᠯᠢᠶᠠᠩ᠄ ︽ᠦᠡᠭᠭᠡᠷᠡᠭᠦ ᠵᠢᠯ ᠮᠠᠨ ᠤ ᠬᠢᠨ ᠦᠨᠢᠶᠠᠨ ᠤ ᠲᠠᠭᠠᠳᠬᠠᠯ ᠲᠤᠰᠢᠶᠠᠭᠰᠠᠨ | ᠪᠤᠯᠬᠤᠷ ᠡᠪᠡᠳᠴᠢᠨ ᠭᠡᠮ ᠢᠶᠠᠷ ᠰᠦᠢᠳᠦᠭᠰᠡᠨ ᠦᠨᠢᠶ᠎ᠠ ᠪᠠᠨ ᠲᠠᠭᠠᠳᠬᠠᠯ ᠢᠶᠠᠷ ᠲᠦᠯᠦᠭᠦᠯᠵᠠᠢ᠃ ᠡᠨᠡ ᠵᠢᠯ ᠴᠦ | ᠲᠠᠭᠠᠳᠬᠠᠯ ᠤᠨ ᠺᠤᠮᠫᠠᠨᠢ ᠶᠢᠨ ᠠᠵᠢᠯᠳᠠᠳ ᠲᠤᠰᠬᠠᠶᠢᠯᠠᠨ ᠢᠷᠡᠵᠦ ᠪᠢᠳᠡᠨ ᠳᠤ ᠪᠠᠰᠠ ᠲᠦᠷᠦ ᠶᠢᠨ ᠪᠤᠳᠤᠯᠭ᠎ᠠ ᠶᠢᠨ | ᠲᠠᠯ᠎ᠠ ᠳᠤ ᠤᠯᠠᠨ ᠲᠠᠶᠢᠯᠤᠮᠵᠢ ᠬᠢᠭᠰᠡᠨ᠃ ᠡᠨᠡ ᠪᠤᠯ ᠶᠤᠰᠤᠳᠠᠢ ᠮᠠᠯᠴᠢᠳ ᠲᠤ ᠠᠰᠢᠭᠳᠠᠢ ᠲᠦᠷᠦ ᠶᠢᠨ ᠪᠤᠳᠤᠯᠭ᠎ᠠ | ᠰᠢᠦ︾ ᠭᠡᠯ᠎ᠠ᠃ | ᠤᠶᠢᠯᠠᠭᠠᠭᠰᠠᠨ ᠢᠶᠠᠷ᠂ ᠤᠳᠤᠬᠠᠨ ᠪᠤᠯᠳᠠᠯ᠎ᠠ ᠲᠤᠮᠳᠠᠳᠤ ᠶᠢᠨ ᠬᠠᠮᠳᠤᠷᠠᠬᠰᠠᠨ ᠡᠳ᠋ ᠬᠦᠷᠦᠩᠭᠡ ᠶᠢᠨ | ᠲᠠᠭᠠᠳᠬᠠᠯ ᠤᠨ ᠬᠤᠪᠢ ᠤᠷᠤᠭᠤᠯᠤᠬᠰᠠᠨ ᠬᠢᠵᠠᠭᠠᠷᠳᠦ ᠺᠤᠮᠫᠠᠨᠢ ᠶᠢᠨ ᠰᠦᠨᠢᠳ ᠪᠠᠷᠠᠭᠤᠨ ᠬᠤᠰᠢᠭᠤᠨ ᠤ ᠬᠤᠪᠢᠶᠠᠷᠢ | ᠺᠤᠮᠫᠠᠨᠢ ᠪᠤᠯᠤᠨ ᠠᠨ ᠬᠤᠸᠠ ᠲᠠᠷᠢᠶᠠᠯᠡᠩ ᠦᠢᠯᠡᠰ ᠤᠨ ᠲᠠᠭᠠᠳᠬᠠᠯ ᠤᠨ ᠬᠤᠪᠢ ᠤᠷᠤᠭᠤᠯᠤᠬᠰᠠᠨ ᠬᠢᠵᠠᠭᠠᠷᠳᠦ | ᠺᠤᠮᠫᠠᠨᠢ ᠪᠦᠭᠦ ᠬᠤᠰᠢᠭᠤᠨ ᠤ 7 ᠰᠤᠮᠤ ᠪᠠᠯᠭᠠᠰᠤ ᠶᠢᠨ 811 ᠮᠠᠯᠵᠢᠬᠤ ᠡᠷᠦᠭᠡ ᠶᠢᠨ 25850 ᠦᠨᠢᠶ᠎ᠠ ᠶᠢ | ᠲᠠᠭᠠᠳᠬᠠᠯ ᠳᠤ ᠤᠷᠤᠭᠤᠯᠤᠭᠰᠠᠨ ᠪᠠᠶᠢᠨ᠎ᠠ᠃ |