ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 34 ᠳ᠋ᠤᠭᠡᠷ ᠬᠤᠭᠤᠴᠠᠭᠠᠨ ᠤ ᠲᠠᠯ᠎ᠠ ᠨᠤᠲᠤᠭ ᠤᠨ ᠨᠠᠭᠠᠳᠤᠮ 7 ᠰᠠᠷ᠎ᠠ ᠶᠢᠨ 14᠎ ᠤ ᠡᠳᠦᠷ ᠮᠠᠨ ᠤ ᠠᠶᠢᠮᠠᠭ ᠲᠤ ᠶᠠᠪᠤᠭᠳᠠᠨ᠎ᠠ
ᠨᠡᠶᠢᠲᠡᠯᠡᠭᠰᠡᠨ ᠴᠠᠭ᠄
2024/7/5
     ᠰᠤᠷᠪᠤᠯᠵᠢᠯᠠᠭᠴᠢ ᠪᠡᠭᠡᠵᠢᠩ ᠳᠤ ᠬᠤᠷᠠᠯᠳᠤᠬᠰᠠᠨ ︽ᠲᠠᠯ᠎ᠠ ᠨᠤᠲᠤᠭ ᠤᠨ ᠨᠠᠨᠳᠢᠨ ᠪᠤᠯᠵᠤᠭ᠎ᠠ ᠲᠠᠩᠰᠤᠭ ᠨᠠᠭᠠᠳᠤᠮ ᠤᠨ ᠪᠠᠶᠠᠷᠲᠦ ᠵᠤᠯᠭᠠᠯᠲᠠ︾ 2024 ᠣᠨ ᠤ ᠥᠪᠥᠷ ᠮᠣᠩᠭᠤᠯ ᠤᠨ ᠵᠤᠨ ᠤ ᠤᠯᠠᠷᠢᠯ ᠤᠨ ᠵᠢᠭᠤᠯᠴᠢᠯᠠᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 34 ᠳ᠋ᠤᠭᠡᠷ ᠬᠤᠭᠤᠴᠠᠭᠠᠨ ᠤ ᠲᠠᠯ᠎ᠠ ᠨᠤᠲᠤᠭ ᠤᠨ ᠨᠠᠭᠠᠳᠤᠮ 7 ᠰᠠᠷ᠎ᠠ ᠶᠢᠨ 14᠎ ᠤ ᠦᠳᠡ ᠶᠢᠨ ᠡᠮᠦᠨᠡᠬᠢ 9 ᠴᠠᠭ ᠲᠤ ᠰᠢᠯᠢ ᠶᠢᠨ ᠭᠤᠣᠯ ᠠᠶᠢᠮᠠᠭ ᠤᠨ ᠰᠢᠯᠢ ᠶᠢᠨ ᠬᠤᠲᠠ ᠳᠤ ᠦᠪᠡᠳᠡᠭᠰᠢ ᠶᠡᠬᠡᠪᠡᠷ ᠡᠬᠢᠯᠡᠨ᠎ᠡ᠃      ︽ᠲᠠᠯ᠎ᠠ ᠨᠤᠲᠤᠭ ᠤᠨ ᠨᠠᠨᠳᠢᠨ ᠪᠤᠯᠵᠤᠭ᠎ᠠ ᠲᠠᠩᠰᠤᠭ ᠨᠠᠭᠠᠳᠤᠮ ᠤᠨ ᠪᠠᠶᠠᠷᠲᠦ ᠵᠤᠯᠭᠠᠯᠲᠠ︾ ᠭᠤᠣᠯ ᠰᠡᠳᠦᠪ ᠤᠨ ᠲᠣᠭᠤᠷᠢᠨ ᠳᠤ᠂ ᠲᠤᠰ ᠬᠤᠭᠤᠴᠠᠭᠠᠨ ᠤ ᠨᠠᠭᠠᠳᠤᠮ ᠳᠤ ᠨᠡᠶᠢᠳᠡ 10 ᠭᠠᠷᠤᠢ ᠵᠦᠢᠯ ᠤᠨ ᠰᠣᠶᠣᠯ ᠵᠢᠭᠤᠯᠴᠢᠯᠠᠯ ᠤᠨ ᠠᠵᠢᠯᠯᠠᠭ᠎ᠠ ᠲᠣᠬᠢᠷᠠᠭᠤᠯᠵᠠᠢ᠃ ᠡᠨᠡ ᠵᠢᠯ ᠤᠨ ᠡᠬᠢᠯᠡᠯᠲᠡ ᠶᠢᠨ ᠶᠣᠰᠣᠯᠠᠯ ᠳᠤ ᠵᠢᠭᠤᠯᠴᠢᠯᠠᠬᠰᠡᠳ ᠢ ᠨᠠᠭᠠᠳᠤᠮ ᠤᠨ ᠭᠤᠤᠯ ᠲᠦᠷᠢ ᠪᠣᠯᠭᠠᠵᠤ᠂ ᠵᠢᠭᠤᠯᠴᠢᠯᠠᠬᠰᠡᠳ ᠤᠨ ᠣᠷᠣᠯᠴᠠᠬᠤ ᠢᠳᠡᠪᠬᠢᠵᠢᠯ ᠢ ᠲᠠᠶᠢᠴᠢᠯᠠᠨ᠂ ᠢᠯᠡᠷᠡᠭᠦᠯᠬᠦ ᠠᠷᠭ᠎ᠠ ᠬᠡᠯᠪᠡᠷᠢ᠂ ᠲᠣᠭᠯᠠᠯᠲᠠ ᠶᠢᠨ ᠬᠡᠯᠪᠡᠷᠢ ᠳᠤ ᠰᠢᠨ᠎ᠡ ᠶᠢ ᠡᠭᠦᠳᠴᠦ᠂ ᠨᠠᠭᠠᠳᠤᠮ ᠤᠨ ᠲᠠᠯᠠᠪᠠᠢ ᠳᠤ ᠣᠷᠣᠬᠤ᠂ ᠡᠬᠢᠯᠡᠯᠲᠡ ᠶᠢᠨ ᠶᠤᠰᠤᠯᠠᠯ᠂ ᠤᠷᠠᠨ ᠰᠠᠶᠢᠬᠠᠨ ᠤ ᠲᠣᠭᠯᠠᠯᠲᠠ ᠵᠡᠷᠭᠡ ᠭᠤᠭᠴᠤᠭ᠎ᠠ ᠶᠢ ᠠᠩᠬ᠎ᠠ ᠠᠯᠬᠤᠮ ᠲᠣᠬᠢᠷᠠᠭᠤᠯᠤᠭᠰᠠᠨ ᠪᠥᠭᠡᠳ ᠲᠥᠪ ᠲᠧᠯᠸᠢᠰ ᠤᠨ ᠬᠢᠨ ᠢ ᠠᠪᠴᠢᠷᠠᠵᠥ ᠡᠬᠢᠯᠡᠯᠲᠡ ᠶᠢᠨ ᠶᠣᠰᠣᠯᠠᠯ ᠤᠨ ᠰᠢᠭᠤᠳ ᠨᠡᠪᠲᠡᠷᠡᠭᠦᠯᠭᠡ ᠬᠢᠯᠬᠡᠬᠦ ᠶᠢᠨ ᠬᠠᠮᠲᠦ ᠲᠥᠪ ᠲᠧᠯᠸᠢᠰ ᠤᠨ ᠬᠥᠲᠥᠯᠥᠭᠴᠢ ᠨᠡᠪᠳᠡᠷᠡᠭᠦᠯᠦᠭᠴᠢ ᠶᠢ ᠲᠤᠬᠠᠢ ᠶᠢᠨ ᠲᠠᠯᠠᠪᠠᠢ ᠶᠢᠨ ᠬᠦᠲᠦᠯᠦᠭᠴᠢ ᠪᠠᠷ ᠤᠷᠢᠬᠰᠠᠨ ᠪᠠᠶᠢᠨ᠎ᠠ᠃ ᠨᠠᠭᠠᠳᠤᠮ ᠤᠨ ᠬᠤᠭᠤᠴᠠᠭᠠᠨ ᠳᠤ ᠪᠥᠬᠡ ᠶᠢᠨ ᠪᠠᠷᠢᠯᠳᠤᠭᠠᠨ᠂ ᠰᠤᠷ ᠬᠠᠷᠪᠤᠯᠲᠠ᠂ ᠮᠣᠷᠢᠨ ᠤᠷᠤᠯᠳᠤᠭᠠᠨ ᠵᠡᠷᠭᠡ ᠤᠯᠠᠮᠵᠢᠯᠠᠯᠲᠤ ᠨᠠᠭᠠᠳᠤᠮ ᠤᠨ ᠠᠵᠢᠯᠯᠠᠭ᠎ᠠ ᠠᠴᠠ ᠭᠠᠳᠠᠨ᠎ᠠ ᠪᠠᠰᠠ ᠰᠢᠯᠢ ᠢᠢᠨ ᠭᠤᠣᠯ ᠤᠨ ᠠᠮᠲᠠᠲᠤ ᠢᠳᠡᠭᠡᠨ ᠢ ᠠᠮᠲᠠᠯᠠᠬᠤ᠂ ᠪᠣᠳᠠᠰ ᠤᠨ ᠪᠤᠰᠤ ᠰᠣᠶᠣᠯ ᠤᠨ ᠥᠪ ᠤᠨ ᠦᠷ᠎ᠡ ᠪᠦᠲᠦᠭᠡᠯ ᠤᠨ ᠦᠵᠡᠭᠦᠯᠭᠡ᠂ ᠰᠣᠶᠣᠯ ᠵᠢᠭᠤᠯᠴᠢᠯᠠᠯ ᠤᠨ ᠲᠠᠸᠠᠷ ᠤᠨ ᠳᠡᠯᠭᠡᠨ ᠪᠣᠷᠣᠯᠠᠭᠤᠯᠭ᠎ᠠ᠂ ᠲᠠᠯ᠎ᠠ ᠨᠤᠲᠤᠭ ᠢᠶᠠᠷ ᠵᠢᠭᠤᠯᠴᠢᠯᠠᠨ ᠰᠡᠭᠦᠳᠡᠷᠯᠡᠬᠦ ᠵᠢᠴᠢ ᠪᠥᠬᠡ᠂ ᠰᠤᠷ ᠬᠠᠷᠪᠤᠯᠲᠠ᠂ ᠱᠠᠭ᠎ᠠ ᠶᠢᠨ ᠲᠤᠬᠯᠠᠭᠠᠮ ᠢ ᠪᠡᠶᠡᠴᠢᠯᠡᠨ ᠣᠶᠢᠯᠠᠭᠠᠬᠤ ᠵᠡᠷᠭᠡ ᠡᠯᠪᠡᠭ ᠪᠠᠶᠠᠯᠢᠭ ᠠᠭᠤᠯᠭ᠎ᠠ ᠲᠠᠢ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠲᠤᠬᠢᠷᠠᠭᠤᠯᠵᠦ᠂ ᠵᠢᠭᠤᠯᠴᠢᠯᠠᠬᠰᠡᠳ ᠲᠤ ᠰᠢᠯᠢ ᠶᠢᠨ ᠭᠤᠣᠯ ᠤᠨ ᠲᠠᠯ᠎ᠠ ᠨᠤᠲᠤᠭ ᠤᠨ ᠷᠢᠳᠢ ᠰᠢᠳᠢ ᠶᠢ ᠤᠶᠢᠯᠠᠭᠠᠭᠤᠯᠬᠤ ᠪᠣᠯᠣᠨ᠎ᠠ᠃      ᠰᠢᠯᠢ ᠶᠢᠨ ᠭᠤᠣᠯ ᠠᠶᠢᠮᠠᠭ ᠤᠨ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠳᠠᠷᠤᠭ᠎ᠠ ᠾᠧ ᠮᠢᠩ ᠵᠢᠶᠠᠨ ᠲᠠᠨᠢᠯᠴᠠᠭᠤᠯᠬᠤ ᠳᠠᠭᠠᠨ᠄ ︽ᠡᠨᠡ ᠤᠳᠠᠭᠠᠨ ᠤ ᠨᠠᠭᠠᠳᠤᠮ ᠳᠤ ᠭᠤᠷᠪᠠᠨ ᠶᠡᠭᠡ ᠬᠢᠯᠠᠰ ᠴᠡᠭ ᠢ ᠳᠣᠪᠤᠶᠢᠯᠭᠠᠨ᠎ᠠ᠂ ᠨᠢᠭᠡᠳᠦᠭᠡᠷ ᠬᠢᠯᠡᠰ ᠴᠡᠭ ᠭᠡᠪᠡᠯ᠂ ᠵᠢᠭᠤᠯᠴᠢᠯᠠᠬᠰᠠᠳ ᠢᠶᠠᠷ ᠭᠤᠤᠯ ᠪᠣᠯᠭᠠᠵᠦ᠂ ᠵᠢᠭᠤᠯᠴᠢᠯᠠᠬᠰᠠᠳ ᠢ ᠲᠠᠲᠠᠬᠤ ᠳᠤ ᠠᠩᠬᠠᠷᠤᠯ ᠢᠶᠠᠨ ᠲᠦᠪᠯᠡᠷᠡᠭᠦᠯᠤᠨ᠎ᠠ᠂ ᠤᠳᠤᠬᠠᠨ ᠳᠤ 13 ᠨᠠᠭᠠᠳᠤᠮ ᠤᠨ ᠵᠢᠭᠤᠯᠴᠢᠯᠠᠯ ᠤᠨ ᠪᠦᠲᠦᠭᠡᠭᠳᠡᠬᠦᠨ ᠢ ᠨᠢᠭᠡᠨᠲᠡ OTA ᠲᠠᠪᠴᠠᠩ ᠳᠤ ᠭᠠᠷᠭᠠᠵᠤ᠂ ᠦᠨ᠎ᠡ ᠬᠠᠩᠰᠢ ᠨᠢ ᠬᠡᠳᠦᠨ ᠵᠠᠭᠤᠨ ᠲᠥᠭᠦᠷᠢᠭ ᠠᠴᠠ ᠬᠤᠶᠠᠷ ᠲᠦᠮᠡᠨ ᠲᠥᠭᠦᠷᠢᠭ ᠤᠨ ᠬᠤᠭᠤᠷᠣᠨᠳᠤ ᠪᠠᠶᠢᠨ᠎ᠠ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠷᠭ᠎ᠠ ᠮᠠᠶ᠋ᠢᠭ ᠢ ᠤᠶᠠᠯᠳᠤᠭᠤᠯᠵᠦ ᠪᠠᠶᠢᠭᠠᠳ ᠵᠢᠭᠤᠯᠴᠢᠯᠠᠬᠰᠠᠳ ᠢ ᠪᠦᠬᠦ ᠲᠠᠯ᠎ᠠ ᠪᠠᠷ ᠨᠠᠭᠠᠳᠤᠮ ᠳᠤ ᠣᠷᠣᠯᠴᠠᠭᠤᠯᠤᠨ᠂ ᠮᠠᠯᠴᠢᠨ ᠲᠠᠷᠢᠶᠠᠴᠢᠨ ᠲᠠᠢ ᠬᠠᠮᠲᠤ ᠲᠠᠩᠰᠤᠭ ᠨᠠᠭᠠᠳᠤᠮ ᠤᠨ ᠥᠪᠡᠷᠮᠢᠴᠡ ᠷᠢᠳᠢ ᠰᠢᠳᠢ ᠶᠢ ᠮᠡᠳᠡᠷᠡᠭᠦᠯᠵᠦ᠂ ᠵᠢᠭᠤᠯᠴᠢᠯᠠᠯ ᠤᠨ ᠲᠦᠷᠦᠯ ᠵᠦᠢᠯ ᠢ ᠪᠠᠶᠠᠴᠢᠯᠠᠨ ᠤᠶᠢᠯᠠᠭᠠᠭᠤᠯᠤᠨ᠎ᠠ︔ ᠬᠤᠶᠠᠳᠤᠭᠠᠷ ᠭᠢᠯᠠᠰ ᠴᠡᠭ ᠭᠡᠪᠡᠯ᠂ ᠨᠠᠭᠠᠳᠤᠮ ᠤᠨ ᠲᠠᠯᠠᠪᠠᠶ ᠳᠤ ᠮᠠᠨ ᠤ ᠣᠨᠴᠠᠯᠢᠭᠲᠤ ᠪᠦᠲᠦᠭᠡᠭᠳᠡᠬᠦᠨ ᠢᠶᠠᠨ ᠪᠣᠷᠣᠯᠠᠭᠤᠯᠵᠤ᠂ ᠥᠷᠭᠡᠨ ᠣᠯᠠᠨ ᠮᠠᠯᠴᠢᠨ ᠲᠠᠷᠢᠶᠠᠴᠢᠨ ᠪᠠ ᠵᠢᠭᠤᠯᠴᠢᠯᠠᠬᠰᠡᠳ ᠲᠤ ᠲᠠᠪᠴᠠᠩ ᠬᠠᠩᠭᠠᠠ᠂ ᠰᠢᠯᠢ ᠶᠢᠨ ᠭᠤᠣᠯ ᠤᠨ ᠭᠠᠷ ᠪᠡᠯᠡᠭ ᠵᠡᠷᠭᠡ ᠤᠨᠴᠠᠯᠢᠬᠲᠦ ᠪᠦᠲᠦᠭᠡᠭᠳᠡᠬᠦᠨ ᠢ ᠴᠥᠮ ᠨᠠᠭᠠᠳᠤᠮ ᠤᠨ ᠬᠤᠭᠤᠴᠠᠭᠠᠨ ᠳᠤ ᠪᠣᠷᠣᠯᠠᠭᠤᠯᠵᠤ᠂ ᠥᠪᠥᠷ ᠮᠣᠩᠭᠤᠯ ᠤᠨ ᠣᠨᠴᠠᠯᠢᠭᠲᠤ ᠵᠢᠭᠤᠯᠴᠢᠯᠠᠯ ᠤᠨ ᠪᠦᠲᠦᠭᠡᠭᠳᠡᠬᠦᠨ ᠤ ᠪᠣᠷᠤᠯᠠᠭᠤᠯᠭ᠎ᠠ ᠶᠢᠨ ᠬᠠᠯᠠᠭᠤᠨ ᠥᠷᠨᠢᠯᠲᠡ ᠶᠢ ᠪᠣᠶ ᠪᠣᠯᠭᠠᠨ᠎ᠠ᠃ ᠡᠭᠦᠨ ᠤ ᠬᠠᠮᠲᠤ ᠪᠠᠰᠠ ᠰᠦᠯᠵᠢᠶᠡᠨ ᠳᠡᠭᠡᠷ᠎ᠡ ᠬᠦᠳᠡᠭᠡ ᠠᠵᠥ ᠠᠬᠤᠢ ᠶᠢᠨ ᠲᠤᠰᠠᠯᠠᠬᠤ ᠪᠦᠲᠦᠭᠡᠭᠳᠡᠬᠦᠨ᠂ ᠰᠣᠶᠣᠯ ᠵᠢᠭᠤᠯᠴᠢᠯᠠᠯ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ᠂ ᠪᠤᠳᠠᠰ ᠤᠨ ᠪᠤᠰᠦ ᠰᠤᠶᠤᠯ ᠤᠨ ᠦᠪ ᠤᠨ ᠪᠦᠲᠦᠭᠡᠭᠳᠡᠬᠦᠨ ᠢ ᠪᠣᠷᠣᠯᠠᠭᠤᠯᠤᠨ᠎ᠠ︔ ᠭᠤᠷᠪᠠᠳᠤᠭᠠᠷ ᠭᠢᠯᠠᠰ ᠴᠡᠭ ᠭᠡᠪᠡᠯ᠂ ᠲᠥᠪ ᠲᠧᠯᠸᠢᠰ ᠤᠨ ᠨᠡᠪᠳᠡᠷᠡᠭᠦᠯᠦᠭᠴᠢ ᠵᠡᠷᠭᠡ ᠬᠥᠲᠥᠯᠥᠭᠴᠢ ᠶᠢ ᠨᠠᠭᠠᠳᠤᠮ ᠤᠨ ᠲᠠᠯᠠᠪᠠᠶ ᠳᠤ ᠤᠷᠢᠠ ᠠᠪᠴᠢᠷᠠᠵᠦ᠂ ᠦᠵᠡᠭᠴᠢᠳ ᠲᠠᠢ ᠬᠠᠮᠲᠤ ᠪᠠᠷ ᠲᠠᠯ᠎ᠠ ᠨᠤᠲᠤᠭ ᠤᠨ ᠪᠠᠶᠠᠷᠲᠦ ᠨᠠᠭᠠᠳᠤᠮ ᠢ ᠰᠤᠨᠢᠷᠬᠠᠠ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠢ ᠬᠦᠭᠵᠢᠭᠡᠨ᠎ᠠ︾ ᠭᠡᠵᠡᠢ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号