2024 ᠣᠨ ᠤ ᠰᠢᠯᠢ ᠶᠢᠨ ᠭᠤᠣᠯ ᠤᠨ ᠮᠣᠩᠭᠤᠯ ᠮᠤᠷᠢᠨ ᠤ ᠬᠤᠯᠪᠣᠭᠠᠲᠤ ᠤᠷᠤᠯᠳᠤᠭᠠᠨ ᠤ ᠰᠢᠯᠢ ᠶᠢᠨ ᠬᠤᠲᠠ ᠥᠷᠲᠡᠭᠡ ᠠᠪᠠᠭ᠎ᠠ ᠥᠷᠲᠡᠭᠡ ᠶᠢᠨ ᠤᠷᠤᠯᠳᠤᠭᠠᠨ ᠶᠠᠪᠤᠬᠳᠠᠪᠠ
ᠨᠡᠶᠢᠲᠡᠯᠡᠭᠰᠡᠨ ᠴᠠᠭ᠄
2024/7/5
     6 ᠰᠠᠷ᠎ᠠ ᠶᠢᠨ 23᠎ ᠤ ᠡᠳᠦᠷ᠂ 2024 ᠣᠨ ᠤ ᠰᠢᠯᠢ ᠶᠢᠨ ᠭᠤᠣᠯ ᠤᠨ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ ᠤ ᠰᠢᠯᠢ ᠶᠢᠨ ᠬᠤᠳᠠ ᠦᠷᠲᠡᠭᠡ ᠳᠠᠬᠢ ᠤᠷᠤᠯᠳᠤᠭᠠᠨ ᠡᠭᠢᠯᠡᠯ᠎ᠠ᠃ ᠤᠷᠤᠯᠳᠤᠭᠠᠨ ᠨᠢ ᠰᠢᠯᠢ ᠶᠢᠨ ᠬᠤᠳᠠ ᠶᠢᠨ ᠪᠤᠯᠠᠭᠠᠨ ᠰᠤᠮᠤ ᠶᠢᠨ ᠰᠢᠷᠠᠲᠠᠯ᠎ᠠ ᠭᠠᠴᠠᠭ᠎ᠠ ᠳᠤ ᠶᠠᠪᠤᠭᠳᠠᠵᠤ᠂ 60 ᠭᠠᠵᠠᠷ ᠤᠨ ᠠᠯᠤᠰ ᠤᠨ ᠮᠤᠷᠢᠨ ᠤ ᠤᠷᠤᠯᠳᠤᠭᠠᠨ ᠪᠠ 30 ᠭᠠᠵᠠᠷ ᠤᠨ ᠭᠦᠴᠦᠨ ᠵᠠᠯᠭᠠᠬᠤ ᠤᠷᠤᠯᠳᠤᠭᠠᠨ ᠢ ᠲᠤᠬᠢᠷᠠᠭᠤᠯᠵᠦ᠂ 45 ᠤᠶᠠᠭᠠᠴᠢ ᠮᠤᠷᠢ ᠪᠠᠨ ᠬᠤᠷᠳᠤᠯᠠᠭᠤᠯᠪᠠ᠃ ᠰᠢᠷᠦᠭᠦᠨ ᠥᠷᠢᠰᠦᠯᠳᠦᠭᠡᠨ ᠢᠶᠠᠷ ᠲᠠᠮᠵᠢᠨ᠂ ᠰᠢᠯᠢ ᠶᠢᠨ ᠬᠤᠳᠠ ᠶᠢᠨ ᠪᠠᠶᠠᠨᠰᠢᠯᠢ ᠮᠠᠯᠵᠢᠯ ᠤᠨ ᠲᠠᠯᠠᠪᠠᠶ ᠶᠢᠨ ᠵᠣᠣ ᠵᠢᠶᠠᠨ ᠫᠢᠩ ᠤᠨ ᠮᠤᠷᠢ 60 ᠭᠠᠵᠠᠷ ᠤᠨ ᠠᠯᠤᠰ ᠤᠨ ᠮᠤᠷᠢᠨ ᠤ ᠤᠷᠤᠯᠳᠤᠭᠠᠨ ᠳᠤ ᠲᠡᠷᠢᠭᠦᠯᠡᠪᠡ᠃      ᠲᠤᠬᠠᠢ ᠶᠢᠨ ᠡᠳᠦᠷ᠂ 2024 ᠣᠨ ᠤ ᠰᠢᠯᠢ ᠶᠢᠨ ᠭᠤᠣᠯ ᠤᠨ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ ᠤ ᠠᠪᠠᠭ᠎ᠠ ᠥᠷᠲᠡᠭᠡᠨ ᠤ ᠰᠶᠢᠳᠪᠦᠷᠢᠲᠦ ᠤᠷᠤᠯᠳᠤᠭᠠᠨ ᠵᠢᠴᠢ ᠡᠮᠨᠢᠭ ᠰᠤᠷᠭᠠᠭᠴᠢ ᠶᠢᠨ ᠨᠡᠶᠢᠭᠡᠮᠯᠢᠭ ᠤᠨ ᠬᠢᠨ ᠤ ᠬᠤᠶᠠᠳᠤᠭᠠᠷ ᠤᠳᠠᠭ᠎ᠠ ᠶᠢᠨ ᠠᠯᠤᠰ ᠤᠨ ᠮᠤᠷᠢᠨ ᠤ ᠤᠷᠤᠯᠳᠤᠭᠠᠨ ᠡᠬᠢᠯᠡᠵᠡᠢ᠃ ᠤᠷᠤᠯᠳᠤᠭᠠᠨ ᠳᠤ ᠨᠡᠶᠢᠲᠡ 60 ᠭᠠᠵᠠᠷ ᠤᠨ ᠠᠯᠤᠰ ᠤᠨ ᠮᠤᠷᠢᠨ ᠤ ᠤᠷᠤᠯᠳᠤᠭᠠᠨ᠂ 30 ᠭᠠᠵᠠᠷ ᠤᠨ ᠭᠦᠴᠦᠨ ᠵᠠᠯᠭᠠᠬᠤ ᠤᠷᠤᠯᠳᠤᠭᠠᠨ᠂ 40 ᠭᠠᠵᠠᠷ ᠤᠨ ᠠᠯᠤᠰ ᠤᠨ ᠮᠤᠷᠢᠨ ᠤ ᠤᠷᠤᠯᠳᠤᠭᠠᠨ ᠪᠠ ᠲᠠᠭ᠎ᠠ ᠶᠢᠨ ᠤᠷᠤᠯᠳᠤᠭᠠᠨ ᠲᠣᠬᠢᠷᠠᠭᠤᠯᠪᠠ᠃ ᠠᠯᠤᠰ ᠤᠨ ᠮᠤᠷᠢᠨ ᠤ ᠤᠷᠤᠯᠳᠤᠭᠠᠨ ᠳᠤ 70 ᠤᠶᠠᠭᠠᠴᠢ ᠤᠷᠤᠯᠴᠠᠨ᠂ ᠭᠦᠴᠦᠨ ᠵᠠᠯᠭᠠᠬᠤ ᠤᠷᠤᠯᠳᠤᠭᠠᠨ ᠳᠤ 42 ᠤᠶᠠᠭᠠᠴᠢ ᠤᠷᠤᠯᠴᠠᠵᠦ᠂ ᠠᠶᠢᠮᠠᠭ ᠤᠨ ᠲᠠᠰ ᠤᠨ ᠬᠤᠯᠪᠤᠭᠠᠳᠦ ᠤᠷᠤᠯᠳᠤᠭᠠᠨ ᠤ ᠰᠶᠢᠳᠪᠦᠷᠢᠲᠦ ᠤᠷᠤᠯᠳᠤᠭᠠᠨ ᠳᠤ ᠣᠷᠣᠯᠴᠠᠬᠤ ᠬᠢᠷᠢ ᠬᠡᠮ ᠢ ᠣᠯᠬᠤ ᠪᠠᠷ ᠥᠷᠢᠰᠦᠯᠳᠦᠪᠡ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号