ᠪᠦᠬᠦ ᠠᠶᠢᠮᠠᠭ ᠤᠨ ᠡᠯ᠎ᠠ ᠭᠠᠵᠠᠷ ᠤᠨ ᠮᠠᠯᠴᠢᠨ ᠳᠠᠷᠢᠶᠠᠴᠢᠨ ᠡᠯᠡᠰᠦᠷᠬᠡᠭ ᠭᠠᠵᠠᠷ ᠢ ᠵᠠᠰᠠᠬᠤ ᠳᠤ ᠢᠳᠡᠪᠬᠢᠯᠡᠨ ᠤᠷᠤᠯᠴᠠᠪᠠ
ᠨᠡᠶᠢᠲᠡᠯᠡᠭᠰᠡᠨ ᠴᠠᠭ᠄
2024/7/5
     ᠡᠨᠡ ᠵᠢᠯ ᠤᠨ 2 ᠰᠠᠷ᠎ᠠ ᠠᠴᠠ ᠨᠠᠭᠠᠰᠢ᠂ ᠪᠦᠬᠦ ᠠᠶᠢᠮᠠᠭ ᠤᠨ 9 ᠬᠤᠰᠢᠭᠤ ᠰᠢᠶᠠᠨ ᠬᠤᠳᠠ ︵ᠤᠷᠤᠨ︶ ᠶᠢᠨ ᠮᠠᠯᠴᠢᠨ ᠲᠠᠷᠢᠶᠠᠴᠢᠨ ᠵᠢᠴᠢ ᠬᠤᠷᠰᠢᠬᠰᠠᠨ ᠵᠣᠬᠢᠶᠠᠨ ᠪᠠᠶᠢᠭᠤᠯᠤᠯᠲᠠ ᠭᠡᠷ᠎ᠡ ᠶᠢᠨ ᠬᠡᠯᠪᠡᠷᠢ ᠪᠠᠷ ᠡᠯᠡᠰᠦᠷᠭᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠲᠦᠷᠦᠯ ᠵᠦᠢᠯ ᠳᠤ ᠣᠷᠣᠯᠴᠠᠵᠤ᠂ ᠡᠯ᠎ᠡ ᠭᠠᠵᠠᠷ ᠤᠨ ᠤᠯᠠᠨ ᠲᠦᠮᠡᠨ ᠰᠠᠨᠠᠭᠠᠴᠢᠯᠠᠭ᠎ᠠ ᠠᠴᠠ ᠪᠠᠨ ᠡᠷᠡᠮᠡᠯᠵᠡᠨ᠂ ᠢᠳᠡᠪᠬᠢᠲᠡᠢ ᠣᠷᠣᠯᠴᠠᠵᠤ᠂ ᠤᠯᠠᠨ ᠲᠦᠮᠡᠨ ᠤ ᠡᠯᠡᠰᠦᠷᠭᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠤᠷᠮ᠎ᠠ ᠰᠡᠳᠭᠢᠯᠭᠡ ᠤᠷᠭᠢᠯᠤᠨ᠂ ᠡᠯᠡᠰᠦᠷᠭᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠰᠠᠨᠠᠭᠠᠴᠢᠯᠠᠭᠠᠲᠤ ᠳᠠᠶᠢᠯᠠᠯᠳᠤᠭᠠᠨ ᠢ ᠡᠬᠢᠯᠡᠭᠦᠯᠦᠯ᠎ᠠ᠃ ᠣᠲᠤᠬᠠᠨ ᠪᠣᠯᠲᠠᠯ᠎ᠠ᠂ ᠡᠯ᠎ᠡ ᠭᠠᠵᠠᠷ ᠤᠨ ᠮᠠᠯᠴᠢᠨ ᠲᠠᠷᠢᠶᠠᠴᠢᠨ ᠭᠡᠷ᠎ᠠ ᠶᠢᠨ ᠭᠡᠯᠪᠡᠷᠢ ᠪᠠᠷ 47.58 ᠲᠦᠮᠡᠨ ᠮᠦ ᠡᠯᠡᠰᠦᠷᠭᠡᠭ ᠭᠠᠵᠠᠷ ᠢ ᠵᠠᠰᠠᠬᠤ ᠲᠥᠷᠥᠯ ᠵᠦᠢᠯ ᠳᠤ ᠤᠷᠤᠯᠴᠠᠵᠦ᠂ ᠡᠭᠦᠨ ᠳᠤ ᠬᠥᠮᠥᠨ ᠤ ᠬᠦᠴᠦ ᠪᠠᠷ 11 ᠲᠦᠮᠡᠨ ᠮᠦ ᠲᠤᠷᠤᠭ ᠮᠣᠳᠣ᠂ 0.2 ᠲᠦᠮᠡᠨ ᠮᠦ ᠪᠤᠳᠠᠯᠢᠭ ᠣᠶ ᠲᠠᠷᠢᠵᠦ᠂ 0.5 ᠲᠦᠮᠡᠨ ᠮᠦ ᠡᠯᠡᠰᠦ ᠶᠢ ᠪᠢᠲᠡᠭᠦᠮᠵᠢᠯᠡᠨ ᠣᠶᠢᠵᠢᠭᠤᠯᠵᠦ᠂ 0.2 ᠲᠦᠮᠡᠨ ᠮᠦ ᠡᠯᠡᠰᠦ ᠶᠢ ᠲᠣᠭᠲᠠᠪᠤᠷᠢᠵᠢᠭᠤᠯᠤᠨ᠂ 0.3 ᠲᠦᠮᠡᠨ ᠮᠦ ᠪᠣᠳᠠ ᠮᠤᠳᠤᠨ ᠲᠡᠭᠰᠢ ᠬᠤᠵᠤᠤᠯ᠎ᠠ ᠲᠠᠷᠢᠵᠦ᠂ 35.38 ᠲᠦᠮᠡᠨ ᠮᠦ ᠶᠢ ᠬᠦᠷᠢᠶᠠᠯᠠᠨ ᠪᠤᠶᠢᠵᠢᠭᠤᠯᠪᠠ᠃      ᠡᠨᠡ ᠵᠢᠯ ᠤᠨ 4 ᠰᠠᠷ᠎ᠠ ᠳᠤ᠂ ᠠᠪᠠᠭ᠎ᠠ ᠬᠤᠰᠢᠭᠤᠨ ᠤ ᠲᠠᠯ᠎ᠠ ᠨᠤᠲᠤᠭ ᠤᠨ ᠹᠧᠩ ᠶᠤᠸᠠᠨ ᠮᠠᠯ ᠠᠵᠤ ᠠᠬᠤᠢ ᠶᠢᠨ ᠬᠤᠷᠰᠢᠶᠠᠵᠢᠯ ᠨᠢ ᠬᠤᠰᠢᠭᠤᠨ ᠤ ᠪᠠᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠲᠠᠢ ᠡᠯᠡᠰᠦ ᠶᠢ ᠵᠠᠰᠠᠬᠤ ᠭᠡᠷ᠎ᠠ ᠲᠣᠭᠲᠠᠵᠤ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠨᠥᠬᠦᠪᠦᠷᠢᠯᠡᠬᠦ ᠮᠠᠶ᠋ᠢᠭ ᠢᠶᠠᠷ ᠶᠡᠷᠦᠩᠬᠡᠶᠢᠯᠡᠨ ᠵᠠᠰᠠᠬᠤ ᠠᠵᠢᠯ ᠢ ᠥᠷᠨᠢᠭᠦᠯᠦᠨ᠂ 15 ᠪᠦᠷᠢᠯᠳᠦᠭᠦᠨ ᠡᠷᠦᠭᠡ ᠰᠠᠨᠠᠭᠠᠴᠢᠯᠠᠭ᠎ᠠ ᠠᠴᠠ ᠪᠠᠨ ᠲᠤᠬᠠᠢ ᠶᠢᠨ ᠭᠠᠵᠠᠷ ᠤᠨ 5000 ᠮᠦ ᠡᠯᠡᠰᠦᠷᠬᠡᠭ ᠭᠠᠵᠠᠷ ᠢ ᠵᠠᠰᠠᠬᠤ ᠳᠤ ᠤᠷᠤᠯᠴᠠᠵᠦ᠂ ᠲᠣᠰ ᠤᠳᠠᠭᠠᠨ ᠤ ᠡᠯᠡᠰᠦ ᠶᠢ ᠵᠠᠰᠠᠬᠤ ᠳᠠᠶᠢᠯᠠᠯᠳᠤᠭᠠᠨ ᠤ ᠭᠤᠣᠯ ᠬᠦᠴᠦᠨ ᠪᠤᠯᠵᠠᠢ᠃ ᠰᠢᠯᠤᠭᠤᠨ ᠬᠥᠬᠡ ᠬᠤᠰᠢᠭᠤᠨ ᠤ ᠰᠠᠩ ᠤᠨ ᠲᠠᠯᠠᠢ ᠪᠠᠯᠭᠠᠰᠤᠨ ᠤ ᠡᠷᠳᠡᠨᠢᠳᠠᠯᠠᠢ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠬᠤᠷᠰᠢᠶᠠᠵᠢᠯ 2 ᠲᠡᠭᠡᠭᠡᠪᠦᠷᠢ ᠶᠢᠨ ᠮᠠᠰᠢᠨ ᠲᠡᠷᠭᠡ ᠪᠠ 3 ᠰᠤᠪᠠᠭ ᠭᠠᠷᠭᠠᠬᠤ ᠲᠷᠠᠺᠲ᠋ᠣᠷ ᠬᠦᠳᠡᠯᠭᠡᠵᠦ᠂ ᠬᠤᠷᠰᠢᠶᠠᠵᠢᠯ ᠤᠨ 60 ᠭᠠᠷᠤᠢ ᠮᠠᠯᠴᠢᠨ ᠲᠠᠷᠢᠶᠠᠴᠢᠨ ᠣᠷᠣᠯᠴᠠᠨ᠂ ᠲᠤᠬᠠᠢ ᠶᠢᠨ ᠭᠠᠵᠠᠷ ᠤᠨ 700 ᠮᠦ ᠡᠯᠡᠰᠦ ᠶᠢ ᠲᠣᠭᠲᠠᠪᠤᠷᠢᠵᠢᠭᠤᠯᠬᠤ ᠲᠥᠷᠥᠯ ᠵᠦᠢᠯ ᠢ ᠪᠡᠶᠡᠯᠡᠭᠦᠯᠪᠡ᠃      2023 ᠣᠨ ᠤ 6 ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠴᠦᠯᠯᠡᠷᠬᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷ᠎ᠡ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠳᠤ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠵᠤ᠂ ᠬᠤᠤᠷ ᠭᠦᠨᠦᠭᠡᠯ ᠢ ᠦᠨᠳᠦᠰᠦᠯᠡᠨ ᠰᠡᠷᠭᠡᠶᠢᠯᠡᠯᠲᠡ ᠭᠢᠵᠦ᠂ ᠲᠦᠷᠦᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠬᠡᠷᠬᠢᠨ ᠭᠠᠵᠠᠷ ᠣᠷᠣᠨ ᠤ ᠣᠨᠴᠠᠯᠢᠭ ᠲᠠᠢ ᠪᠠᠨ ᠤᠶᠠᠯᠳᠤᠭᠤᠯᠵᠤ᠂ ᠪᠦᠲᠦᠮᠵᠢᠲᠡᠶ ᠰᠶᠢᠳᠪᠦᠷᠢᠲᠦ ᠪᠣᠳᠣᠯᠭ᠎ᠠ ᠶᠢ ᠣᠨᠣᠪᠴᠢᠲᠠᠶ ᠬᠡᠷᠡᠭᠵᠢᠭᠦᠯᠬᠦ ᠪᠣᠶ︖ ᠡᠭᠦᠨ ᠳᠤ ᠰᠢᠯᠢ ᠶᠢᠨ ᠭᠤᠣᠯ ᠠᠶᠢᠮᠠᠭ ᠡᠯᠡᠰᠦ ᠶᠢ ᠵᠠᠰᠠᠬᠤ ᠠᠷᠭ᠎ᠠ ᠮᠠᠶ᠋ᠢᠭ ᠢᠶᠠᠨ ᠰᠢᠯᠢᠳᠡᠭᠵᠢᠭᠦᠯᠵᠦ᠂ ᠡᠯᠡᠰᠦᠷᠭᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠣᠯᠠᠨ ᠡᠰᠢᠲᠦ ᠠᠷᠭ᠎ᠠ ᠵᠠᠮ ᠢ ᠢᠳᠡᠪᠬᠢᠲᠡᠢ ᠰᠦᠪᠡᠭᠴᠢᠯᠡᠨ᠂ ︽ᠬᠡᠨ ᠵᠠᠰᠠᠪᠠᠯ ᠬᠡᠨ ᠠᠰᠢᠭ ᠭᠥᠷᠳᠡᠬᠦ︾ ᠠᠵᠢᠯ ᠤᠨ ᠰᠡᠳᠬᠢᠮᠵᠢ ᠪᠠᠷ᠂ ᠠᠵᠢᠯ ᠣᠯᠭᠤᠯᠳᠠ ᠪᠠᠷ ᠲᠡᠳᠬᠦᠮᠵᠢ ᠶᠢ ᠣᠷᠣᠯᠠᠭᠤᠯᠬᠤ᠂ ᠱᠠᠩᠨᠠᠯ ᠢᠶᠠᠷ ᠨᠥᠬᠦᠪᠦᠷᠢ ᠶᠢ ᠣᠷᠣᠯᠠᠭᠤᠯᠬᠤ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠨᠥᠬᠦᠪᠦᠷᠢᠯᠡᠬᠦ ᠵᠡᠷᠭᠡ ᠵᠠᠭᠪᠤᠷ ᠢ ᠬᠡᠷᠡᠭᠵᠢᠭᠦᠯᠵᠦ᠂ ᠲᠤᠬᠠᠢ ᠶᠢᠨ ᠭᠠᠵᠠᠷ ᠤᠨ ᠬᠤᠷᠰᠢᠶᠠᠵᠢᠯ ᠪᠣᠯᠣᠨ ᠮᠠᠯᠴᠢᠨ ᠲᠠᠷᠢᠶᠠᠴᠢᠨ ᠢ ᠵᠣᠬᠢᠶᠠᠨ ᠪᠠᠶᠢᠭᠤᠯᠤᠨ ︽ᠤᠮᠠᠷᠠᠲᠤ ᠶᠢᠨ ᠭᠤᠷᠪᠠᠨ ᠤᠷᠤᠨ︾ ᠤ ᠵᠢᠷᠭᠤᠳᠤᠭᠠᠷ ᠬᠤᠭᠤᠴᠠᠭᠠᠨ ᠤ ᠢᠨᠵᠧᠨᠧᠷᠢᠩ᠂ ᠬᠤᠯᠠᠨ ᠰᠢᠷᠭ᠎ᠠ ᠳᠠᠭ᠎ᠠ ᠶᠢᠨ ᠡᠯᠡᠰᠦᠷᠭᠡᠭ ᠭᠠᠵᠠᠷ ᠤᠨ ᠰᠥᠨᠥᠭᠡᠯᠳᠡ ᠶᠢᠨ ᠲᠠᠶᠢᠯᠠᠯᠳᠤᠭᠠᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠡᠯᠡᠰᠦ ᠶᠢ ᠵᠠᠰᠠᠬᠤ ᠠᠵᠢᠯ ᠳᠤ ᠥᠷᠭᠡᠨ ᠢᠶᠠᠷ ᠣᠷᠣᠯᠴᠠᠭᠤᠯᠵᠤ᠂ ᠮᠠᠯᠴᠢᠨ ᠲᠠᠷᠢᠶᠠᠴᠢᠨ ᠵᠢᠴᠢ ᠬᠤᠷᠰᠢᠭᠰᠠᠨ ᠵᠣᠬᠢᠶᠠᠨ ᠪᠠᠶᠢᠭᠤᠯᠤᠯᠲᠠ ᠶᠢᠨ ᠡᠯᠡᠰᠦᠷᠭᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠠᠵᠢᠯ ᠳᠤᠮᠳᠠᠬᠢ ᠭᠤᠣᠯ ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠪᠠ᠃      ᠣᠶᠢᠯᠠᠭᠠᠭᠰᠠᠨ ᠢᠶᠠᠷ᠂ ᠡᠯᠡᠰᠤ ᠶᠢ ᠵᠠᠰᠠᠬᠤ ᠢᠨᠵᠧᠨᠧᠷᠢᠩ ᠤᠨ ᠴᠢᠨᠠᠷ ᠰᠠᠶᠢᠳᠠᠢ ᠪᠦᠲᠦᠮᠵᠢᠲᠡᠶ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠠᠶᠢᠮᠠᠭ ᠤᠨ ᠣᠶ ᠰᠢᠭᠤᠢ ᠪᠠ ᠨᠤᠳᠤᠭ ᠪᠡᠯᠴᠢᠭᠡᠷ ᠤᠨ ᠲᠣᠪᠴᠢᠶ᠎ᠠ ᠠᠶᠢᠮᠠᠭ ᠤᠨ ᠲᠠᠰ ᠤᠨ ᠲᠤᠰᠬᠠᠢ ᠮᠡᠷᠭᠡᠵᠢᠯ ᠤᠨ 4 ᠦᠢᠯᠡᠴᠢᠯᠡᠭᠡᠨ ᠤ ᠠᠩᠭᠢ ᠪᠠᠶᠢᠭᠤᠯᠵᠤ᠂ ᠮᠡᠷᠭᠡᠵᠢᠯ ᠤᠨ ᠵᠢᠭᠠᠨ ᠵᠢᠯᠣᠭᠤᠳᠤᠭᠴᠢ ᠶᠢ 180 ᠭᠠᠷᠤᠢ ᠬᠥᠮᠥᠨ ᠤᠳᠠᠭ᠎ᠠ ᠬᠥᠳᠡᠯᠭᠡᠨ᠂ ᠢᠨᠵᠧᠨᠧᠷᠢᠩ ᠤᠨ ᠲᠥᠷᠥᠯ ᠵᠦᠢᠯ ᠤᠨ ᠪᠥᠬᠦ ᠶᠠᠪᠤᠴᠠ ᠳᠤ ᠮᠡᠷᠭᠡᠵᠢᠯ ᠤᠨ ᠦᠢᠯᠡᠴᠢᠯᠡᠭᠡ ᠬᠠᠨᠭ᠍ᠭᠠᠪᠠ᠃ ᠠᠶᠢᠮᠠᠭ᠂ ᠬᠤᠰᠢᠭᠤ ᠬᠤᠶᠠᠷ ᠱᠠᠲᠤᠨ ᠤ ᠲᠤᠰᠬᠠᠢ ᠮᠡᠷᠭᠡᠵᠢᠯ ᠤᠨ ᠦᠢᠯᠡᠴᠢᠯᠡᠭᠡᠨ ᠤ ᠠᠩᠭᠢ ᠶᠢᠨ ᠭᠡᠰᠢᠭᠦᠳ ᠦᠨᠳᠦᠰᠦᠨ ᠱᠠᠲᠤᠨ ᠳᠤ ᠭᠦᠨᠵᠡᠭᠡᠶᠢᠷᠡᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠮᠡᠷᠭᠡᠵᠢᠯ ᠤᠨ ᠵᠢᠯᠣᠭᠤᠳᠤᠯᠭ᠎ᠠ᠂ ᠦᠷ᠎ᠡ ᠪᠠ ᠴᠢᠬᠢ ᠮᠣᠳᠣ ᠶᠢ ᠵᠣᠬᠢᠴᠠᠭᠤᠯᠬᠤ ᠵᠡᠷᠭᠡ ᠠᠵᠢᠯ ᠢ ᠥᠷᠨᠢᠭᠦᠯᠵᠦ᠂ 6000 ᠭᠠᠷᠤᠢ ᠬᠥᠮᠥᠨ ᠳᠤ ᠪᠣᠯᠪᠠᠰᠤᠷᠠᠯ ᠭᠦᠷᠳᠡᠭᠡᠪᠡ᠃      ᠲᠠᠷᠠᠭ᠎ᠠ ᠠᠯᠬᠤᠮ ᠳᠤ᠂ ᠠᠶᠢᠮᠠᠭ ᠤᠨ ᠣᠶ ᠰᠢᠭᠤᠢ ᠪᠠ ᠨᠤᠳᠤᠭ ᠪᠡᠯᠴᠢᠭᠡᠷ ᠤᠨ ᠲᠣᠪᠴᠢᠶ᠎ᠠ ᠡᠯ᠎ᠡ ᠲᠥᠷᠥᠯ ᠵᠦᠢᠯ ᠢ ᠠᠵᠢᠯ ᠠᠴᠠ ᠡᠮᠦᠨ᠎ᠡ ᠵᠢᠯᠤᠭᠤᠳᠬᠤ᠂ ᠠᠵᠢᠯ ᠤᠨ ᠳᠤᠮᠳᠠ ᠬᠢᠨᠠᠯᠲᠠ ᠲᠠᠯᠪᠢᠬᠤ᠂ ᠠᠵᠢᠯ ᠤᠨ ᠳᠠᠷᠠᠭ᠎ᠠ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠮᠠᠯᠴᠢᠨ ᠲᠠᠷᠢᠶᠠᠴᠢᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠳᠤ ᠰᠢᠭᠤᠳ ᠣᠷᠣᠯᠴᠠᠬᠤ ᠲᠣᠭᠲᠠᠴᠠ ᠶᠢ ᠲᠡᠭᠦᠯᠳᠡᠷᠵᠢᠭᠦᠯᠵᠦ᠂ ᠡᠯᠡᠰᠦᠷᠭᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠠᠵᠢᠯ ᠤᠨ ᠶᠠᠰᠤ ᠴᠢᠨᠠᠷ ᠬᠢᠭᠡᠳ ᠦᠷ᠎ᠡ ᠠᠰᠢᠭ ᠢ ᠬᠠᠮᠲᠤ ᠳᠤᠨᠢ ᠬᠠᠷᠠᠭᠠᠯᠵᠠᠨ ᠰᠠᠶᠢᠳᠦᠷ ᠪᠡᠶᠡᠯᠡᠭᠦᠯᠦᠨ᠎ᠠ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号