ᠮᠠᠨ ᠤ ᠠᠶᠢᠮᠠᠭ ︽ᠢᠲᠡᠭᠡᠮᠵᠢ ᠶᠢ ᠰᠡᠷᠭᠦᠭᠡᠬᠦ︾ ᠦᠢᠯᠡᠴᠢᠯᠡᠭᠡᠨ ᠤ ᠴᠣᠩᠬᠤᠪᠴᠢ ᠶᠢ ᠪᠥᠬᠦ ᠣᠷᠣᠨ ᠳᠤ ᠬᠠᠮᠤᠭ ᠤᠨ ᠤᠷᠢᠳ ᠢᠶᠠᠷ ᠪᠠᠶᠢᠭᠤᠯᠪᠠ
ᠨᠡᠶᠢᠲᠡᠯᠡᠭᠰᠡᠨ ᠴᠠᠭ᠄
2024/7/5
     ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠠᠶᠢᠮᠠᠭ ᠤᠨ ᠵᠠᠰᠠᠭ ᠤᠨ ᠶᠠᠪᠤᠳᠠᠯ ᠤᠨ ᠤᠶᠢᠯᠡᠴᠢᠯᠡᠭᠡ ᠲᠤᠭ᠎ᠠ ᠪᠠᠷᠢᠮᠲᠠ ᠶᠢᠨ ᠬᠠᠮᠢᠶᠠᠷᠤᠯᠲᠠ  ᠶᠢᠨ  ᠲᠣᠪᠴᠢᠶ᠎ᠠ ᠲᠠᠢ ᠬᠠᠮᠲᠤᠷᠠᠨ ︽ᠢᠲᠡᠭᠡᠮᠵᠢ ᠶᠢ  ᠰᠡᠷᠭᠦᠭᠡᠬᠦ︾ ᠦᠢᠯᠡᠴᠢᠯᠡᠭᠡᠨ ᠤ ᠴᠣᠩᠬᠤᠪᠴᠢ ᠶᠢ ᠪᠥ᠋ᠬᠦ ᠣᠷᠣᠨ ᠳᠤ ᠬᠠᠮᠤᠭ ᠤᠨ ᠤᠷᠢᠳ ᠢᠶᠠᠷ ᠪᠠᠶᠢᠭᠤᠯᠵᠦ᠂ ᠲᠣᠰ ᠴᠣᠩᠬᠤᠪᠴᠢ ᠶᠢ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠠᠵᠤ ᠠᠬᠤᠶᠢᠯᠠᠯ ᠤᠨ ᠦᠢᠯᠡᠴᠢᠯᠡᠭᠡᠨ ᠤ ᠲᠤᠰᠬᠠᠢ ᠲᠣᠭᠤᠷᠢᠭ ᠲᠤ ᠲᠣᠬᠢᠷᠠᠭᠤᠯᠤᠨ᠂ ᠢᠲᠡᠭᠡᠯ ᠠᠯᠳᠠᠭᠰᠠᠨ ᠠᠵᠤ ᠠᠬᠤᠶᠢᠯᠠᠯ ᠳᠤ ︽ᠥᠷᠲᠡᠭᠡᠴᠢᠯᠡᠭᠰᠡᠨ ᠮᠠᠶ᠋ᠢᠭ︾  ᠤᠨ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠤᠨ ᠢᠲᠡᠭᠡᠮᠵᠢ ᠶᠢᠨ ᠡᠳ᠋ ᠬᠥᠷᠥᠩᠭᠡ ᠶᠢ ᠠᠮᠢᠳᠤᠯᠢᠭ ᠪᠣᠯᠭᠠᠬᠤ ᠳᠤ ᠬᠦᠴᠦᠠ ᠨᠡᠮᠡᠷᠢᠯᠡᠵᠦ ᠪᠤᠢ᠃      ︽ᠢᠲᠡᠭᠡᠮᠵᠢ ᠶᠢ ᠰᠡᠷᠭᠦᠭᠡᠬᠦ︾ ᠦᠢᠯᠡᠴᠢᠯᠡᠭᠡᠨ ᠤ ᠴᠣᠩᠬᠤᠪᠴᠢ ᠨᠢ ᠠᠵᠤ ᠠᠬᠤᠶᠢᠯᠠᠯ ᠤᠨ ᠵᠠᠰᠠᠭ ᠵᠠᠬᠢᠷᠭᠠᠨ ᠤ ᠰᠶᠢᠳᠬᠡᠯ ᠲᠣᠷᠭᠠᠭᠤᠯᠢ ᠶᠢᠨ ᠮᠡᠳᠡᠭᠡ ᠵᠠᠩᠭᠢ ᠶᠢ ᠰᠡᠷᠭᠦᠭᠡᠬᠦ ᠳᠤ ᠯᠠᠪᠯᠠᠭ᠎ᠠ ᠵᠢᠯᠣᠭᠤᠳᠤᠯᠭ᠎ᠠ ᠵᠢᠴᠢ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡ ᠬᠠᠨᠭ᠍ᠭᠠᠵᠦ ᠪᠤᠢ᠂ ᠪᠣᠳᠠᠲᠠᠢ ᠪᠠᠷ ᠬᠡᠯᠡᠪᠡᠯ ︽ᠵᠠᠰᠠᠭ ᠵᠠᠬᠢᠷᠭᠠᠨ ᠤ ᠰᠶᠢᠳᠬᠡᠯ ᠲᠣᠷᠭᠠᠭᠤᠯᠢ ᠶᠢᠨ ᠮᠡᠳᠡᠭᠡ ᠵᠠᠩᠭᠢ ᠶᠢ ᠰᠡᠷᠭᠦᠭᠡᠬᠦ︾ ︽ᠠᠵᠤ ᠠᠬᠤᠶᠢᠯᠠᠯ ᠢ ᠬᠡᠪ ᠤᠨ ᠪᠤᠰᠤ ᠨᠡᠷᠡᠰ ᠤᠨ ᠵᠢᠭᠰᠠᠭᠠᠯᠲᠠ ᠠᠴᠠ ᠰᠢᠯᠵᠢᠭᠦᠯᠦᠨ ᠭᠠᠷᠭᠠᠬᠤ︾ ︽ᠬᠦᠨᠳᠦ ᠨᠣᠴᠢᠲᠠᠢ ᠬᠠᠤᠯᠢ ᠶᠢ ᠵᠥᠷᠢᠴᠡᠵᠦ ᠢᠲᠡᠭᠡᠯ ᠠᠯᠳᠠᠭᠰᠠᠨ ᠠᠵᠤ ᠠᠬᠤᠶᠢᠯᠠᠯ ᠤᠨ ᠢᠲᠡᠭᠡᠮᠵᠢ ᠶᠢ ᠰᠡᠷᠭᠦᠭᠡᠬᠦ︾ ᠵᠡᠷᠭᠡ ᠲᠤᠬᠠᠶᠢᠯᠠᠭᠰᠠᠨ ᠠᠵᠢᠯ ᠢ ᠪᠠᠭᠲᠠᠭᠠᠨ᠎ᠠ᠃ ᠠᠵᠢᠯᠲᠠᠳ ᠠᠵᠤ ᠠᠬᠤᠶᠢᠯᠠᠯ ᠢ ᠬᠠᠪᠰᠤᠷᠤᠨ ᠮᠠᠲ᠋ᠧᠷᠢᠶᠠᠯ ᠢ ᠤᠷᠢᠳᠴᠢᠯᠠᠨ ᠬᠢᠨᠠᠨ ᠬᠠᠷᠭᠤᠭᠤᠯᠵᠤ᠂ ᠢᠲᠡᠭᠡᠮᠵᠢ ᠶᠢ ᠰᠡᠷᠭᠦᠭᠡᠬᠦ ᠳᠤ ᠬᠡᠷᠡᠭᠰᠡᠬᠦ ᠮᠠᠲ᠋ᠧᠷᠢᠶᠠᠯ ᠢ ᠨᠢᠭᠡ ᠯᠡ ᠤᠳᠠᠭ᠎ᠠ ᠳᠤ ᠲᠤᠰᠢᠶᠠᠬᠤ ᠢᠢᠨ ᠬᠠᠮᠲᠤ ᠠᠵᠤ ᠠᠬᠤᠶᠢᠯᠠᠯ ᠢ ᠬᠠᠪᠰᠤᠷᠤᠨ ᠭᠤᠶᠤᠴᠢᠯᠠᠬᠤ ᠭᠠᠷᠳᠠᠮ ᠢ ᠭᠦᠢᠴᠡᠳᠬᠡᠨ᠎ᠡ᠃ ᠠᠵᠤ ᠠᠬᠤᠶᠢᠯᠠᠯ ᠤᠳ ᠲᠤᠰᠬᠠᠢ ᠴᠣᠩᠬᠤᠪᠴᠢ ᠪᠠᠷ ᠳᠠᠮᠵᠢᠭᠤᠯᠤᠨ ᠤᠯᠠᠨ ᠤᠳᠠᠭᠠᠨ ᠤ ᠢᠲᠡᠭᠡᠮᠵᠢ ᠠᠯᠳᠠᠭᠰᠠᠨ ᠲᠡᠮᠳᠡᠭᠯᠡᠯ ᠤᠨ ᠢᠲᠡᠭᠡᠮᠵᠢ ᠪᠠᠨ ᠰᠡᠷᠭᠦᠭᠡᠬᠦ ᠶᠢ ᠨᠢᠭᠡ ᠯᠡ ᠤᠳᠠᠭ᠎ᠠ ᠳᠤ ᠭᠤᠶᠤᠴᠢᠯᠠᠵᠦ᠂ ᠨᠡᠶᠢᠭᠡᠮ ᠳᠠᠬᠢ ᠮᠠᠭᠤ ᠨᠥᠯᠥᠭᠡ ᠲᠤᠰᠬᠠᠯ ᠢᠶᠠᠨ ᠴᠠᠭ ᠲᠤᠬᠠᠢ ᠳᠤᠨᠢ ᠠᠷᠢᠯᠭᠠᠠ᠂ ᠢᠲᠡᠭᠡᠮᠵᠢ ᠠᠯᠳᠠᠭᠰᠠᠨ ᠠᠵᠢᠯᠯᠠᠭ᠎ᠠ ᠪᠠᠨ ᠵᠠᠯᠠᠷᠠᠭᠤᠯᠤᠭᠰᠠᠨ ᠤ ᠳᠠᠷᠠᠭ᠎ᠠ ᠠᠵᠤ ᠠᠬᠤᠢ ᠨᠡᠶᠢᠭᠡᠮ ᠤᠨ ᠠᠵᠢᠯᠯᠠᠭ᠎ᠠ ᠳᠤ ᠬᠡᠪ ᠤᠨ ᠪᠠᠶᠢᠳᠠᠯ ᠢᠶᠠᠷ ᠣᠷᠣᠯᠴᠠᠵᠤ ᠪᠣᠯᠣᠨ᠎ᠠ᠃ ︽ᠢᠲᠡᠭᠡᠮᠵᠢ ᠶᠢ ᠰᠡᠷᠭᠦᠭᠡᠬᠦ︾ ᠦᠢᠯᠡᠴᠢᠯᠡᠭᠡᠨ ᠤ ᠴᠣᠩᠬᠤᠪᠴᠢ ᠶᠢ ᠪᠠᠶᠢᠭᠤᠯᠤᠭᠰᠠᠨ ᠨᠢ ᠠᠵᠤ ᠠᠬᠤᠶᠢᠯᠠᠯ ᠳᠤ ᠦᠨᠡᠨ ᠬᠦ ᠲᠥᠬᠦᠮ ᠦᠵᠡᠬᠦᠯᠵᠦ᠂ ᠠᠵᠤ ᠠᠬᠤᠶᠢᠯᠠᠯ ᠤᠨ ᠬᠠᠨᠤᠮᠵᠢ ᠶᠢᠨ ᠬᠡᠮᠵᠢᠶ᠎ᠡ ᠪᠠ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠬᠦᠯᠵᠠᠢ᠃      ᠲᠠᠷᠠᠭ᠎ᠠ ᠠᠯᠬᠤᠮ ᠳᠤ᠂ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠬᠠᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠤ ᠣᠶᠢᠯᠠᠭᠠᠬᠤ ᠬᠡᠮᠵᠢᠶ᠎ᠡ ᠶᠢ ᠳᠡᠭᠡᠭᠰᠢᠯᠡᠭᠦᠯᠦᠨ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠵᠠᠭᠪᠤᠷ ᠢᠶᠠᠷ ᠳᠠᠮᠵᠢᠭᠤᠯᠤᠨ᠂ ᠠᠵᠤ ᠠᠬᠤᠶᠢᠯᠠᠯ ᠤᠨ ᠢᠲᠡᠭᠡᠮᠵᠢ ᠶᠢ ᠰᠡᠷᠭᠦᠭᠡᠬᠦ ᠦᠢᠯᠡᠳᠦᠯ ᠴᠢᠳᠠᠪᠬᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠤ᠂ ᠡᠵᠡᠩᠨᠡᠯᠲᠡ ᠶᠢᠨ ᠭᠤᠣᠯ ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠨ᠂ ᠦᠨᠡᠨᠴᠢ ᠢᠲᠡᠭᠡᠮᠵᠢ ᠲᠠᠢ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠣᠶ ᠪᠣᠯᠭᠠᠨ᠎ᠠ᠃    
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号