ᠰᠦᠨᠢᠳ ᠪᠠᠷᠠᠭᠤᠨ ᠬᠤᠰᠢᠭᠤ ᠭᠠᠨᠭ᠌ ᠬᠠᠭᠰᠠᠷᠠᠭᠠᠨ ᠲᠠᠢ ᠲᠡᠮᠡᠴᠡᠵᠦ ᠭᠠᠮᠰᠢᠭ ᠠᠴᠠ ᠠᠪᠤᠷᠠᠬᠤ ᠠᠵᠢᠯ ᠢ ᠪᠦᠭᠦ ᠭᠦᠴᠦᠨ ᠢᠶᠠᠷ ᠠᠳᠬᠤᠵᠦ ᠪᠠᠶᠢᠨ᠎ᠠ
ᠨᠡᠶᠢᠲᠡᠯᠡᠭᠰᠡᠨ ᠴᠠᠭ᠄
2024/7/5
     ᠡᠨᠡ ᠵᠢᠯ ᠰᠦᠨᠢᠳ ᠪᠠᠷᠠᠭᠤᠨ ᠬᠤᠰᠢᠭᠤᠨ ᠤ ᠲᠤᠨᠳᠠᠰᠤᠨ ᠤ ᠭᠡᠮᠵᠢᠶ᠎ᠠ ᠪᠠᠭ᠎ᠠ᠂ ᠠᠭᠠᠷ ᠤᠨ ᠲᠤᠯᠠᠭᠠᠨ ᠦᠨᠳᠦᠷ᠂ ᠶᠡᠭᠡ ᠰᠠᠯᠬᠢ᠂ ᠡᠯᠡᠰᠦᠨ ᠰᠢᠭᠤᠷᠭ᠎ᠠ ᠲᠠᠢ ᠡᠳᠦᠷ ᠮᠡᠳᠡᠭᠳᠡᠮ᠎ᠠ ᠤᠯᠠᠰᠢᠷᠠᠵᠦ᠂ ᠤᠯᠠᠩᠭᠢ ᠭᠠᠵᠠᠷ ᠭᠠᠨᠭ᠍ᠳᠠᠭᠰᠠᠨ ᠪᠠᠶᠢᠨ᠎ᠠ᠃ ᠰᠦᠨᠢᠳ ᠪᠠᠷᠠᠭᠤᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠦᠨ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠪᠠᠶᠢᠷᠢᠯᠠᠭᠤᠯᠤᠯᠳᠠ ᠱᠠᠭᠠᠷᠳᠠᠯᠭ᠎ᠠ ᠶᠤᠰᠤᠭᠠᠷ ᠭᠤᠷᠪᠠᠳᠤᠭᠠᠷ ᠲᠡᠰ ᠤᠨ ᠭᠠᠨᠭ᠌ ᠲᠠᠢ ᠲᠡᠮᠡᠴᠡᠵᠦ ᠪᠠᠴᠢᠮ ᠪᠠᠶᠢᠳᠠᠯ ᠢ ᠠᠷᠭᠠᠴᠠᠭᠠᠬᠤ ᠠᠷᠭ᠎ᠠ ᠭᠡᠮᠵᠢᠶ᠎ᠠ ᠶᠢ ᠭᠡᠷᠡᠭᠵᠢᠭᠦᠯᠵᠦ᠂ ᠡᠪᠡᠰᠦ ᠪᠤᠷᠳᠤᠭ᠎ᠠ ᠨᠦᠭᠡᠴᠡᠯᠡᠭᠦ᠂ ᠡᠳ᠋ ᠪᠤᠳᠠᠰ ᠬᠠᠨᠳᠢᠪᠯᠠᠬᠤ᠂ ᠬᠤᠳᠳᠤᠭ  ᠤᠰᠤ ᠶᠢᠨ ᠪᠦᠳᠦᠭᠡᠨ ᠪᠠᠶᠢᠭᠤᠯᠤᠯᠳᠠ᠂ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠤᠳᠠᠰ ᠤᠨ ᠨᠦᠭᠡᠴᠡ ᠶᠢ ᠪᠠᠳᠤᠯᠠᠬᠤ ᠵᠡᠷᠭᠡ ᠠᠵᠢᠯ ᠢ ᠰᠠᠶᠢᠳᠤᠷ ᠬᠢᠵᠦ ᠪᠠᠶᠢᠨ᠎ᠠ᠃      2023 ᠤᠨ ᠤ 8 ᠰᠠᠷ᠎ᠠ ᠠᠴᠠ ᠨᠠᠭᠠᠰᠢ᠂ ᠲᠡᠭᠡᠳᠦ ᠱᠠᠳᠤᠨ ᠠᠴᠠ ᠰᠦᠨᠢᠳ ᠪᠠᠷᠠᠭᠤᠨ ᠬᠤᠰᠢᠭᠤᠨ ᠳᠤ ᠲᠠᠷᠢᠶᠠᠯᠡᠩ ᠮᠠᠯ ᠠᠵᠤ ᠠᠬᠤᠢ ᠶᠢᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠪᠡᠯᠡ ᠮᠦᠡᠭᠭᠦ ᠪᠠ ᠤᠰᠤᠨ ᠠᠰᠢᠭᠯᠠᠯᠳᠠ ᠶᠢᠨ ᠭᠠᠨᠭ᠌ ᠢ ᠡᠰᠡᠷᠭᠦᠴᠡᠭᠦ ᠪᠡᠯᠡ ᠮᠦᠡᠭᠭᠦ 1433.2 ᠲᠦᠮᠡᠨ ᠲᠦᠭᠦᠷᠢᠭ ᠪᠠᠭᠤᠯᠭᠠᠵᠦ᠂ ᠪᠦᠬᠦᠨ ᠢ ᠡᠪᠡᠰᠦ ᠪᠤᠷᠳᠤᠭ᠎ᠠ ᠨᠦᠭᠡᠴᠡᠯᠡᠭᠦ᠂ ᠨᠦᠭᠦᠪᠦᠷᠢ ᠮᠦᠡᠭᠭᠦ ᠦᠭᠭᠦ ᠵᠡᠷᠭᠡ ᠠᠵᠢᠯ ᠳᠤ ᠵᠠᠷᠤᠴᠠᠭᠤᠯᠵᠦ ᠪᠤᠢ᠃ ᠤᠳᠤᠬᠠᠨ ᠪᠤᠯᠳᠠᠯ᠎ᠠ᠂ ᠲᠤᠰ ᠬᠤᠰᠢᠭᠤ ᠨᠢᠭᠡᠨᠳᠡ 3331.79 ᠲᠤᠨ ᠡᠪᠡᠰᠦ ᠪᠤᠷᠳᠤᠭ᠎ᠠ ᠲᠤᠬᠢᠷᠠᠭᠤᠯᠤᠨ ᠵᠦᠭᠡᠭᠡᠪᠦᠷᠢᠯᠡᠵᠦ᠂ ᠪᠦᠭᠦ ᠬᠤᠰᠢᠭᠤᠨ ᠤ 11 ᠬᠤᠯᠢᠮᠠᠭ ᠪᠤᠷᠳᠤᠭ᠎ᠠ ᠦᠢᠯᠡᠳᠪᠦᠷᠢᠯᠡᠭᠦ ᠰᠠᠭᠤᠷᠢᠨ ᠳᠤ ᠲᠦᠰᠢᠭᠯᠡᠵᠦ᠂ ᠲᠤᠨ ᠪᠦᠷᠢ ᠳᠤ 300 ᠲᠦᠭᠦᠷᠢᠭ ᠨᠦᠭᠦᠪᠦᠷᠢᠯᠡᠭᠦ ᠠᠷᠭ᠎ᠠ ᠪᠠᠷ ᠬᠤᠯᠢᠮᠠᠭ ᠪᠤᠷᠳᠤᠭ᠎ᠠ ᠦᠢᠯᠡᠳᠪᠦᠷᠢᠯᠡᠭᠦ ᠶᠢ ᠲᠡᠮᠵᠢᠨ ᠵᠤᠷᠢᠭᠵᠢᠭᠤᠯᠵᠦ ᠮᠠᠯᠴᠢᠳ ᠤᠨ ᠡᠪᠡᠰᠦ ᠪᠤᠷᠳᠤᠭ᠎ᠠ ᠠᠪᠬᠤ ᠳᠤ ᠲᠤᠰᠠᠯᠠᠮᠵᠢ ᠦᠵᠡᠭᠦᠯᠵᠠᠢ᠃      ᠵᠢᠷᠤᠭᠡ ᠪᠠᠯᠭᠠᠰᠤᠨ ᠤ ᠴᠠᠭᠠᠬᠠᠭᠤᠯᠠ ᠭᠠᠴᠠᠭᠠᠨ ᠳᠠᠬᠢ ᠬᠤᠳᠳᠤᠭ ᠮᠠᠯᠳᠠᠬᠤ ᠠᠬᠤᠢ ᠳᠠᠯᠠᠪᠠᠢ ᠳᠤ ᠮᠠᠰᠢᠨ ᠤ ᠳᠠᠭᠤᠨ ᠬᠦᠷᠴᠢᠬᠢᠨᠡᠵᠦ᠂ ᠠᠵᠢᠯᠴᠢᠳ ᠴᠠᠭ ᠢ ᠵᠠᠪᠳᠤᠨ ᠬᠤᠳᠳᠤᠭ ᠮᠠᠯᠳᠠᠨ ᠶᠠᠭᠠᠷᠠᠵᠦ ᠪᠠᠶᠢᠯ᠎ᠠ᠃ ᠰᠦᠨᠢᠳ ᠪᠠᠷᠠᠭᠤᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠪᠴᠢᠶᠠᠨ ᠤ ᠲᠡᠳ᠋ ᠲᠠᠷᠤᠭ᠎ᠠ  ᠷᠧᠨ ᡁᠢ ᠵᠦᠡᠭ ᠭᠡᠯᠡᠬᠦ ᠳᠡᠭᠡᠨ᠄ ︽ᠪᠢᠳᠡ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠦᠨ ᠤ ᠪᠠᠶᠢᠷᠢᠯᠠᠭᠤᠯᠤᠯᠳᠠ ᠪᠠᠷ ᠭᠠᠨᠭ᠌ ᠬᠠᠭᠰᠠᠷᠠᠭᠠᠨ ᠲᠠᠢ ᠳᠡᠮᠡᠴᠡᠵᠦ ᠭᠠᠮᠰᠢᠬ ᠠᠴᠠ ᠠᠪᠤᠷᠠᠬᠤ ᠤᠰᠤᠨ ᠠᠰᠢᠬᠯᠠᠯᠳᠡ ᠶᠢᠨ ᠳᠦᠷᠦᠯ ᠵᠦᠢᠯ ᠢ ᠢᠳᠡᠪᠬᠢᠳᠠᠢ ᠭᠡᠷᠡᠭᠵᠢᠭᠦᠯᠵᠦ ᠪᠤᠢ᠃ ᠳᠡᠭᠡᠷ᠎ᠠ ᠬᠠᠭᠠᠰ ᠵᠢᠯ ᠳᠤ ᠤᠰᠤᠨ ᠠᠰᠢᠬᠯᠠᠯᠳᠡ ᠶᠢᠨ ᠪᠡᠯᠡ ᠮᠦᠡᠭᠬᠦ ᠶᠢ 970 ᠳᠦᠮᠡᠨ ᠳᠦᠭᠦᠷᠢᠭ ᠤᠷᠤᠭᠤᠯᠵᠦ᠂ ᠬᠤᠳᠳᠤᠭ 68 ᠶᠢ ᠮᠠᠯᠳᠠᠵᠦ᠂ ᠤᠰᠤ ᠬᠠᠳᠠᠭᠠᠯᠠᠬᠤ ᠵᠤᠭᠤᠷᠢ 30 ᠶᠢ ᠪᠠᠶᠢᠭᠤᠯᠵᠦ᠂ ᠤᠰᠤ ᠳᠠᠳᠠᠬᠤ ᠳᠦᠭᠦᠭᠡᠷᠤᠮᠵᠢ ᠶᠢ 190 ᠢᠵᠢ ᠰᠦᠯᠢᠶᠤᠤ ᠳᠦᠡᠭᠰᠠ 500 ᠶᠢ ᠳᠠᠷᠬᠠᠭᠠᠪᠠ᠃ ᠤᠳᠤᠬᠠᠨ ᠳᠤ 10 ᠬᠤᠳᠳᠤᠭ ᠮᠠᠯᠳᠠᠵᠦ᠂ 22 ᠡᠷᠦᠭᠡ ᠳᠤ ᠤᠰᠤ ᠳᠠᠳᠠᠬᠤ ᠳᠦᠭᠦᠭᠡᠷᠤᠮᠵᠢ ᠤᠬᠰᠠᠷᠠᠬᠤ ᠳᠦᠷᠦᠯ ᠵᠦᠢᠯ ᠢ ᠶᠠᠭ ᠬᠦᠢᠴᠡᠳᠭᠡᠵᠦ ᠪᠠᠶᠢᠨ᠎ᠠ︾ ᠭᠡᠵᠠᠢ᠃      ᠮᠠᠯᠴᠢᠳ ᠤᠨ ᠰᠦᠢᠳᠦᠯ ᠬᠤᠬᠢᠷᠠᠯ ᠢ ᠪᠠᠭᠠᠰᠬᠠᠬᠤ ᠶᠢᠨ ᠲᠤᠯᠠᠳᠠ ᠡᠨᠡ ᠵᠢᠯ ᠰᠦᠨᠢᠳ ᠪᠠᠷᠠᠭᠤᠨ ᠬᠤᠰᠢᠭᠤ ᠲᠠᠷᠢᠶᠠᠯᠡᠩ ᠮᠠᠯ ᠠᠵᠤ ᠠᠬᠤᠢ ᠶᠢᠨ ᠲᠦᠷᠦ ᠶᠢᠨ ᠪᠤᠳᠤᠯᠭ᠎ᠠ ᠶᠢᠨ ᠴᠢᠨᠠᠷ ᠲᠠᠢ ᠲᠠᠭᠠᠳᠬᠠᠯ ᠲᠤᠰᠢᠶᠠᠬᠤ ᠳᠤ ᠤᠯᠤᠰ᠂ ᠦᠪᠡᠷᠳᠡᠭᠡᠨ ᠵᠠᠰᠠᠬᠤ ᠤᠷᠤᠨ᠂ ᠠᠶᠢᠮᠠᠭ ᠵᠢᠴᠢ ᠬᠤᠰᠢᠭᠤᠨ ᠤ ᠡᠳ᠋ ᠤᠨ ᠵᠠᠰᠠᠭ ᠠᠴᠠ ᠮᠠᠯ ᠠᠵᠤ ᠠᠬᠤᠢ ᠶᠢᠨ ᠲᠠᠭᠠᠳᠬᠠᠯ ᠤᠨ 80% ᠶᠢ ᠲᠤᠰᠢᠶᠠᠵᠦ᠂ ᠮᠠᠯᠴᠢᠳ ᠲᠠᠭᠠᠳᠬᠠᠯ ᠤᠨ ᠢᠶᠠᠨ 20% ᠶᠢ ᠲᠤᠰᠢᠶᠠᠬᠤ ᠭᠡᠯᠪᠡᠷᠢ ᠪᠠᠷ ᠰᠠᠭᠠᠯᠢ ᠶᠢᠨ ᠦᠨᠢᠶᠠᠨ ᠤ ᠲᠠᠭᠠᠳᠬᠠᠯ ᠤᠨ ᠲᠦᠷᠦ ᠶᠢᠨ ᠪᠤᠳᠤᠯᠭ᠎ᠠ ᠶᠢ ᠭᠡᠷᠡᠭᠵᠢᠭᠦᠯᠵᠠᠢ᠃ ᠲᠤᠮᠳᠠᠳᠤ ᠶᠢᠨ ᠬᠠᠮᠳᠤᠷᠠᠬᠰᠠᠨ ᠡᠳ᠋ ᠬᠦᠷᠦᠩᠭᠡ ᠶᠢᠨ ᠲᠠᠭᠠᠳᠬᠠᠯ ᠤᠨ ᠬᠤᠪᠢ ᠤᠷᠤᠭᠤᠯᠤᠬᠰᠠᠨ ᠬᠢᠵᠠᠭᠠᠷᠳᠦ ᠺᠤᠮᠫᠠᠨᠢ ᠶᠢᠨ ᠬᠠᠷᠢᠭᠤᠴᠠᠯᠭᠠᠳᠠᠨ ᠵᠢᠶᠠ ᠷᠦᠢ ᠰᠢᠩ ᠰᠤᠷᠪᠤᠯᠵᠢᠯᠠᠬᠴᠢ ᠳᠤ᠄ ︽ᠮᠠᠨ ᠤ ᠺᠤᠮᠫᠠᠨᠢ ᠡᠨᠡ ᠵᠢᠯ ᠤᠨ ᠭᠠᠨᠭ᠌ ᠤᠨ ᠪᠠᠶᠢᠳᠠᠯ ᠳᠤ ᠬᠠᠨᠳᠤᠭᠤᠯᠤᠨ ᠲᠦᠯᠦᠪᠦᠷᠢ ᠶᠢᠨ ᠪᠠᠷᠢᠮᠵᠢᠶ᠎ᠠ ᠪᠠᠨ ᠲᠤᠷᠤᠭᠰᠢᠯᠠᠭᠤᠯᠬᠤ ᠦᠭᠡᠢ᠂ ᠮᠠᠯᠴᠢᠳ ᠲᠤ ᠲᠤᠭ᠎ᠠ ᠶᠤᠰᠤᠭᠠᠷ ᠲᠦᠯᠦᠵᠦ᠂ ᠮᠠᠯᠴᠢᠳ ᠤᠨ ᠵᠤᠷᠢᠭ ᠢ ᠭᠦᠪᠴᠢᠯᠡᠵᠦ᠂ ᠮᠠᠯ ᠠᠵᠤ ᠠᠬᠤᠢ ᠶᠢᠨ ᠦᠷᠭᠦᠯᠵᠢᠯᠡᠨ ᠲᠤᠭᠳᠠᠭᠤᠨ ᠢᠶᠠᠷ ᠭᠦᠭᠵᠢᠭᠦ ᠶᠢ ᠠᠬᠢᠭᠤᠯᠤᠨ᠎ᠠ︾ ᠭᠡᠵᠦ ᠶᠠᠷᠢᠯ᠎ᠠ᠃ ᠰᠠᠶᠢᠬᠠᠨᠳᠠᠯ᠎ᠠ ᠪᠠᠯᠭᠠᠰᠤᠨ ᠤ ᠲᠦᠭᠦᠮ ᠭᠠᠴᠠᠭᠠᠨ ᠤ ᠮᠠᠯᠴᠢᠨ ᠯᠢ ᠯᠢᠶᠠᠩ᠄ ︽ᠦᠡᠭᠭᠡᠷᠡᠭᠦ ᠵᠢᠯ ᠮᠠᠨ ᠤ ᠬᠢᠨ ᠦᠨᠢᠶᠠᠨ ᠤ ᠲᠠᠭᠠᠳᠬᠠᠯ ᠲᠤᠰᠢᠶᠠᠭᠰᠠᠨ ᠪᠤᠯᠬᠤᠷ ᠡᠪᠡᠳᠴᠢᠨ ᠭᠡᠮ ᠢᠶᠠᠷ ᠰᠦᠢᠳᠦᠭᠰᠡᠨ ᠦᠨᠢᠶ᠎ᠠ ᠪᠠᠨ ᠲᠠᠭᠠᠳᠬᠠᠯ ᠢᠶᠠᠷ ᠲᠦᠯᠦᠭᠦᠯᠵᠠᠢ᠃ ᠡᠨᠡ ᠵᠢᠯ ᠴᠦ ᠲᠠᠭᠠᠳᠬᠠᠯ ᠤᠨ ᠺᠤᠮᠫᠠᠨᠢ ᠶᠢᠨ ᠠᠵᠢᠯᠳᠠᠳ ᠲᠤᠰᠬᠠᠶᠢᠯᠠᠨ ᠢᠷᠡᠵᠦ ᠪᠢᠳᠡᠨ ᠳᠤ ᠪᠠᠰᠠ ᠲᠦᠷᠦ ᠶᠢᠨ ᠪᠤᠳᠤᠯᠭ᠎ᠠ ᠶᠢᠨ ᠲᠠᠯ᠎ᠠ ᠳᠤ ᠤᠯᠠᠨ ᠲᠠᠶᠢᠯᠤᠮᠵᠢ ᠬᠢᠭᠰᠡᠨ᠃ ᠡᠨᠡ ᠪᠤᠯ ᠶᠤᠰᠤᠳᠠᠢ ᠮᠠᠯᠴᠢᠳ ᠲᠤ ᠠᠰᠢᠭᠳᠠᠢ ᠲᠦᠷᠦ ᠶᠢᠨ ᠪᠤᠳᠤᠯᠭ᠎ᠠ ᠰᠢᠦ︾ ᠭᠡᠯ᠎ᠠ᠃      ᠤᠶᠢᠯᠠᠭᠠᠭᠰᠠᠨ ᠢᠶᠠᠷ᠂ ᠤᠳᠤᠬᠠᠨ ᠪᠤᠯᠳᠠᠯ᠎ᠠ ᠲᠤᠮᠳᠠᠳᠤ ᠶᠢᠨ ᠬᠠᠮᠳᠤᠷᠠᠬᠰᠠᠨ ᠡᠳ᠋ ᠬᠦᠷᠦᠩᠭᠡ ᠶᠢᠨ ᠲᠠᠭᠠᠳᠬᠠᠯ ᠤᠨ ᠬᠤᠪᠢ ᠤᠷᠤᠭᠤᠯᠤᠬᠰᠠᠨ ᠬᠢᠵᠠᠭᠠᠷᠳᠦ ᠺᠤᠮᠫᠠᠨᠢ ᠶᠢᠨ ᠰᠦᠨᠢᠳ ᠪᠠᠷᠠᠭᠤᠨ ᠬᠤᠰᠢᠭᠤᠨ ᠤ ᠬᠤᠪᠢᠶᠠᠷᠢ ᠺᠤᠮᠫᠠᠨᠢ ᠪᠤᠯᠤᠨ ᠠᠨ ᠬᠤᠸᠠ ᠲᠠᠷᠢᠶᠠᠯᠡᠩ ᠦᠢᠯᠡᠰ ᠤᠨ ᠲᠠᠭᠠᠳᠬᠠᠯ ᠤᠨ ᠬᠤᠪᠢ ᠤᠷᠤᠭᠤᠯᠤᠬᠰᠠᠨ ᠬᠢᠵᠠᠭᠠᠷᠳᠦ ᠺᠤᠮᠫᠠᠨᠢ ᠪᠦᠭᠦ ᠬᠤᠰᠢᠭᠤᠨ ᠤ 7 ᠰᠤᠮᠤ ᠪᠠᠯᠭᠠᠰᠤ ᠶᠢᠨ 811 ᠮᠠᠯᠵᠢᠬᠤ ᠡᠷᠦᠭᠡ ᠶᠢᠨ 25850 ᠦᠨᠢᠶ᠎ᠠ ᠶᠢ ᠲᠠᠭᠠᠳᠬᠠᠯ ᠳᠤ ᠤᠷᠤᠭᠤᠯᠤᠭᠰᠠᠨ ᠪᠠᠶᠢᠨ᠎ᠠ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号